ᠸᠠᠩ ᠸᠧᠶ
ᠨᠡᠶᠢᠲᠡᠯᠡᠭᠰᠡᠨ ᠴᠠᠭ᠄
2019/9/16
ᠸᠠᠩ ᠸᠧᠶ᠂ ᠡᠷᠡᠭᠲᠡᠶ᠂ ᠬᠢᠲᠠᠳ ᠦᠨᠳᠦᠰᠦᠲᠡᠨ᠂ 1968 ᠤᠨ 2 ᠰᠠᠷ᠎ᠠ ᠳᠤ ᠲᠥᠷᠥᠵᠡᠢ᠂ ᠤᠭ ᠨᠤᠲᠤᠭ ᠨᠢ᠄ ᠲᠠᠶᠢᠶᠤᠸᠠᠨ ᠬᠤᠲᠠ᠃ ᠳᠤᠮᠳᠠᠳᠤ ᠤᠯᠤᠰ  ᠶᠢᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ︵ᠨᠠᠮ ᠳᠤ ᠤᠷᠤᠭᠰᠠᠨ ᠴᠠᠭ᠄ 1998 ᠤᠨ 6 ᠰᠠᠷ᠎ᠠ︶᠃ ᠡᠳᠦᠭᠡ ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠃ ᠨᠢᠭᠡᠳᠦᠭᠡᠷ ᠲᠡᠰ ᠤᠨ ᠴᠠᠭᠳᠠᠭᠠᠨ ᠪᠠᠶᠢᠴᠠᠭᠠᠭᠴᠢ᠃    1987.02 — 1988.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠨᠡᠪᠲᠡᠷᠡᠯᠭᠡ ᠶᠢᠨ ᠥᠷᠲᠡᠭᠡ ᠳᠤ ᠠᠵᠢᠯᠯᠠᠪᠠ︔     1988.07 — 1996.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠪᠠᠢᠴᠠᠭᠠᠬᠤ ᠬᠤᠷᠢᠶ᠎ᠠ ᠳᠤ ᠠᠵᠢᠯᠯᠠᠵᠤ᠂ 1992.07 ᠭᠡᠰᠢᠭᠦᠴᠢ᠂ 1995.06 ᠲᠤᠰᠠᠯᠠᠬᠤ ᠪᠠᠶᠢᠴᠠᠭᠠᠭᠴᠢ᠂ 1996.09 ᠳᠡᠳ᠋ ᠰᠠᠯᠠᠭᠠᠨ ᠤ ᠲᠡᠰ ᠤᠨ ᠲᠤᠰᠠᠯᠠᠬᠤ ᠪᠠᠶᠢᠴᠠᠭᠠᠭᠴᠢ ︵ᠡᠨᠡ ᠬᠤᠭᠤᠴᠠᠭᠠᠨ ᠳᠤ ᠄ 1988.09 — 1990.09 ᠪᠡᠭᠡᠵᠢᠩ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠳᠤ ᠰᠤᠷᠤᠯᠴᠠᠪᠠ︶︔    1996.09 — 1998.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠨᠢᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠦᠶ᠋ᠯᠡᠳᠪᠦᠷᠢ ᠶᠢᠨ ᠲᠣᠭᠤᠷᠢᠭ ᠤᠨ ᠲᠣᠮᠢᠯᠠᠭᠰᠠᠨ ᠰᠠᠯᠪᠤᠷᠢ ᠲᠦᠷ ᠴᠠᠭ ᠲᠤᠰᠢᠶᠠᠯ ᠡᠭᠦᠷᠭᠡᠯᠡᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ︔    1998.03 — 2000.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠨᠢᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠪᠢᠶᠠᠷᠢ ᠲᠣᠪᠴᠢᠶ᠎ᠠ ᠶᠢᠨ ᠳᠡᠳ᠋ ᠳᠠᠷᠤᠭ᠎ᠠ ᠪᠥᠭᠡᠳ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ︔    2000.10 — 2003.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠨᠢᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠨ ᠲᠢ ᠵᠠᠮ ᠤᠨ ᠲᠣᠮᠢᠯᠠᠭᠰᠠᠨ ᠰᠠᠯᠪᠤᠷᠢ ᠶᠢᠨ ᠵᠢᠭᠠᠨ ᠵᠢᠯᠣᠭᠤᠳᠤᠭᠴᠢ︔    2003.07 — 2004.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠨᠢᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠨ᠎ᠡ ᠲᠣᠭᠤᠷᠢᠭ ᠤᠨ ᠲᠣᠮᠢᠯᠠᠭᠰᠠᠨ ᠰᠠᠯᠪᠤᠷᠢ ᠶᠢᠨ ᠳᠠᠷᠤᠭ᠎ᠠ︔    2004.08 — 2007.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠤᠸᠠᠨ ᠱᠠᠨ ᠲᠣᠮᠢᠯᠠᠭᠰᠠᠨ ᠰᠠᠯᠪᠤᠷᠢ ᠶᠢᠨ ᠳᠠᠷᠤᠭ᠎ᠠ ︵2002.09 — 2005.07 ᠳᠤᠮᠳᠠᠳᠤ ᠤᠯᠤᠰ ᠠᠴᠠ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠶᠢᠨ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠳᠤ ᠰᠤᠷᠤᠯᠴᠠᠪᠠ︶︔    2007.02 — 2009.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠴᠢᠤᠸᠠᠨ ᠱᠠᠨ ᠲᠣᠮᠢᠯᠠᠭᠰᠠᠨ ᠰᠠᠯᠪᠤᠷᠢ ᠶᠢᠨ ᠳᠠᠷᠤᠭ᠎ᠠ︔    2009.11 — 2013.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠴᠢᠤᠸᠠᠨ ᠱᠠᠨ ᠲᠣᠮᠢᠯᠠᠭᠰᠠᠨ ᠰᠠᠯᠪᠤᠷᠢ ᠶᠢᠨ ᠳᠠᠷᠤᠭ᠎ᠠ︔    2013.12 — 2014.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ︔    2014.11 — 2019.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠥᠷᠥ ᠶᠢᠨ ᠭᠡᠰᠢᠭᠦᠨ    2019.10 ᠠᠴᠠ ᠣᠳᠣ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠶᠢᠨ ᠲᠤᠰᠢᠶᠠᠯ ᠳᠤ ᠳᠡᠪᠰᠢᠭᠦᠯᠦᠨ ᠲᠣᠮᠢᠯᠠᠵᠠᠶ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2