| ᠭᠤᠤᠯ ᠰᠡᠳᠤᠪ᠄ ᠵᠦᠸᠧᠽᠢ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠵᠢᠯ ᠤᠨ ᠲᠤᠬᠠᠢ | ᠰᠤᠷᠪᠤᠯᠵᠢᠯᠠᠭᠰᠠᠨ ᠴᠠᠭ᠄ 2019 ᠤᠨ ᠤ 7 ᠰᠠᠷ᠎ᠠ ᠶᠢᠨ 2 ᠤ ᠡᠳᠦᠷ | ᠰᠤᠷᠪᠤᠯᠵᠢᠯᠠᠭ᠎ᠠ ᠬᠦᠯᠢᠶᠡᠭᠴᠢ᠄ ᠵᠦᠸᠧᠽᠢ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠡᠷᠬᠢᠯᠡᠭᠴᠢ ᠸᠠᠩ ᠮᠢ ᠰᠥᠸᠧ | ᠠᠰᠠᠭᠤᠯᠲᠠ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯ ᠪᠠᠶᠢᠭᠤᠯᠤᠮᠵᠢ ᠶᠢ ᠥᠭᠡᠷᠡᠴᠢᠯᠡᠭᠰᠡᠨ ᠤ | ᠳᠠᠷᠠᠭ᠎ᠠ ᠰᠢᠨ᠎ᠡ ᠪᠠᠷ ᠪᠠᠶᠢᠭᠤᠯᠤᠭᠰᠠᠨ ᠵᠠᠰᠠᠭ ᠤᠨ ᠣᠷᠳᠣᠨ ᠤ ᠠᠵᠢᠯ ᠶᠢᠨ ᠰᠠᠯᠠᠭ᠎ᠠ ᠮᠥᠴᠢᠷ ᠮᠥᠨ᠂ | ᠪᠠᠶᠢᠭᠤᠯᠤᠭᠰᠠᠨ ᠤ ᠳᠠᠷᠠᠭ᠎ᠠ ᠡᠭᠦᠷᠭᠡᠯᠡᠬᠦ ᠡᠭᠦᠷᠭᠡ ᠬᠠᠷᠢᠭᠤᠴᠠᠯᠭ᠎ᠠ ᠨᠢ ᠪᠣᠳᠠᠲᠠᠶ ᠶᠠᠮᠠᠷ ᠶᠠᠮᠠᠷ ᠬᠤᠪᠢᠷᠠᠯᠲᠠ ᠲᠠᠢ ᠪᠣᠶ︖ | | ᠬᠠᠷᠢᠭᠤᠯᠲᠠ᠄ ᠡᠨᠡ ᠤᠳᠠᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠢ ᠳᠠᠬᠢᠵᠤ ᠪᠠᠶᠢᠭᠤᠯᠤᠨ᠎ᠠ᠃ ᠡᠩ ᠲᠡᠷᠢᠭᠦᠨ ᠳᠤ᠂ ᠨᠡᠷᠡᠶᠢᠳᠦᠯ ᠪᠠ ᠪᠦᠲᠦᠴᠡ ᠶᠢᠨ ᠲᠠᠯ᠎ᠠ ᠪᠠᠷ | ᠡᠷᠡᠭᠦᠯ ᠮᠡᠨᠳᠦ ᠭᠡᠬᠦ ᠡᠨᠡ ᠬᠦ ᠭᠤᠤᠯ ᠬᠠᠷᠠᠯᠲᠠ ᠶᠢᠨ ᠤᠳᠤᠷᠢᠳᠤᠮᠵᠢ ᠶᠢ ᠨᠠᠩ ᠳᠣᠪᠤᠶᠢᠯᠭᠠᠪᠠ᠂ ᠲᠤᠬᠠᠶᠢᠯᠠᠪᠠᠯ | ᠡᠷᠡᠭᠦᠯ ᠬᠠᠮᠠᠭᠠᠯᠠᠯ ᠤᠨ ᠠᠵᠢᠯ ᠪᠣᠯ ᠠᠷᠭ᠎ᠠ ᠪᠠᠷᠢᠯ ᠮᠥᠨ᠂ ᠠᠷᠠᠳ ᠢᠷᠭᠡᠳ ᠤᠨ ᠡᠷᠡᠭᠦᠯ ᠮᠡᠨᠳᠦ ᠪᠣᠯ ᠵᠣᠷᠢᠯᠭ᠎ᠠ | ᠮᠥᠨ ᠭᠡᠳᠡᠭ ᠢ ᠨᠠᠩ ᠲᠣᠳᠣᠷᠬᠠᠶ ᠪᠣᠯᠭᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ᠂ ᠠᠷᠠᠳ ᠢᠷᠭᠡᠳ ᠤᠨ ᠡᠷᠡᠭᠦᠯ ᠮᠡᠨᠳᠦ ᠶᠢ ᠬᠠᠮᠠᠭᠠᠯᠠᠬᠤ ᠪᠠ | ᠬᠠᠮᠠᠭᠠᠯᠠᠬᠤ ᠳᠤᠮᠳᠠᠬᠢ ᠬᠡᠷᠡᠭᠯᠡᠯᠲᠡ ᠶᠢ ᠨᠠᠩ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢᠨ | ᠲᠠᠯ᠎ᠠ ᠪᠠᠷ ᠥᠩᠭᠡᠷᠡᠭᠡᠭᠰᠡᠨ ᠡᠮᠨᠡᠨ ᠵᠠᠰᠠᠬᠤ ᠶᠢ ᠴᠢᠬᠤᠯᠠᠴᠢᠯᠠᠵᠤ᠂ ᠤᠷᠢᠳᠴᠢᠯᠠᠨ ᠰᠡᠷᠭᠡᠶᠢᠯᠡᠬᠦ ᠶᠢ ᠬᠥᠩᠭᠡᠪᠴᠢᠯᠡᠬᠦ | ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠬᠤᠪᠢᠷᠠᠭᠤᠯᠪᠠ᠃ ᠤᠯᠤᠰ ᠶᠢᠨ ᠲᠥᠯᠥᠪᠵᠢᠭᠦᠯᠪᠡ ᠪᠠᠶᠢᠷᠢᠯᠠᠭᠤᠯᠤᠯᠲᠠ | ᠶᠣᠰᠣᠭᠠᠷ᠂ ᠬᠤᠶᠢᠰᠢᠳᠠ ᠪᠢᠳᠡ ᠶᠡᠭᠡ ᠡᠷᠡᠭᠦᠯ ᠬᠠᠮᠠᠭᠠᠯᠠᠯ᠂ ᠶᠡᠭᠡ ᠡᠷᠡᠭᠦᠯ ᠮᠡᠨᠳᠦ ᠶᠢᠨ ᠣᠢᠯᠠᠭᠠᠭᠳᠠᠬᠤᠨ ᠢ ᠪᠠᠲᠤ | ᠪᠣᠶ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠡᠷᠡᠭᠦᠯ | ᠮᠡᠨᠳᠦ ᠶᠢ ᠠᠬᠢᠭᠤᠯᠬᠤ᠂ ᠵᠠᠭᠪᠤᠷ ᠢ ᠬᠤᠪᠢᠷᠠᠭᠤᠯᠬᠤ᠂ ᠦᠨᠳᠦᠰᠦᠨ ᠱᠠᠲᠤ ᠶᠢ ᠬᠦᠴᠦᠷᠬᠡᠭᠵᠢᠭᠦᠯᠬᠦ᠂ ᠪᠠᠲᠤᠯᠠᠭ᠎ᠠ ᠶᠢ | ᠴᠢᠬᠤᠯᠠᠴᠢᠯᠠᠬᠤ ᠪᠠᠷ ᠭᠤᠤᠯ ᠪᠣᠯᠭᠠᠵᠤ᠂ ᠡᠪᠡᠳᠴᠢᠨ ᠵᠠᠰᠠᠬᠤ ᠪᠠᠷ ᠭᠤᠤᠯ ᠪᠣᠯᠭᠠᠬᠤ ᠶᠢ ᠠᠷᠠᠳ ᠲᠦᠮᠡᠨ ᠤ ᠡᠷᠡᠭᠦᠯ | ᠮᠡᠨᠳᠦ ᠪᠠᠷ ᠭᠤᠤᠯ ᠪᠣᠯᠭᠠᠬᠤ ᠪᠣᠯᠭᠠᠨ ᠬᠤᠪᠢᠷᠠᠭᠤᠯᠵᠤ᠂ ᠠᠷᠠᠳ ᠣᠯᠠᠨ ᠳᠤ ᠪᠦᠬᠦ ᠲᠠᠯ᠎ᠠ ᠶᠢᠨ ᠡᠷᠡᠭᠦᠯ ᠮᠡᠨᠳᠦ ᠶᠢᠨ | ᠦᠢᠯᠡᠴᠢᠯᠡᠭᠡ ᠬᠠᠩᠭᠠᠬᠤ ᠬᠡᠷᠡᠭᠲᠡᠶ᠃ ᠨᠢᠭᠡ ᠳᠤ᠂ ᠡᠷᠡᠭᠦᠯ ᠮᠡᠨᠳᠦ ᠶᠢ ᠠᠬᠢᠭᠤᠯᠬᠤ ᠶᠢ ᠨᠠᠩ ᠴᠢᠬᠤᠯᠠᠴᠢᠯᠠᠵᠤ᠂ | ᠬᠦᠨᠳᠦ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ᠂ ᠬᠥᠮᠦᠨ ᠠᠮᠠ ᠶᠢᠨ | ᠠᠰᠠᠭᠤᠳᠠᠯ ᠢ ᠢᠳᠡᠪᠬᠢᠲᠡᠢ ᠠᠷᠭᠠᠴᠠᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ | ᠃ ᠬᠤᠶᠠᠷ ᠲᠤ ᠠᠵᠢᠯ ᠤᠨ ᠭᠤᠤᠯᠳᠠᠯᠭ᠎ᠠ ᠪᠠᠨ ᠳᠣᠷᠣᠭᠰᠢ ᠰᠢᠯᠵᠢᠭᠦᠯᠬᠦ ᠪᠠ ᠡᠬᠢ ᠪᠠᠶᠠᠯᠢᠭ ᠢᠶᠠᠨ ᠤᠯᠠᠮ ᠢᠯᠡᠭᠦᠤ | ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ | ᠱᠠᠲᠤ ᠲᠡᠰᠢ ᠤᠷᠲᠤᠳᠬᠠᠬᠤ᠂ ᠮᠠᠯᠵᠢᠬᠤ ᠲᠠᠷᠢᠶᠠᠯᠠᠬᠤ ᠣᠷᠣᠨ ᠢ ᠬᠠᠮᠤᠷᠬᠤ᠂ ᠵᠠᠬ᠎ᠠ ᠬᠢᠵᠠᠭᠠᠷ ᠣᠷᠣᠨ ᠪᠠ | ᠠᠮᠢᠳᠤᠷᠠᠯ ᠨᠢ ᠬᠦᠴᠢᠷᠳᠡᠯᠲᠡᠶ ᠣᠯᠠᠨ ᠲᠦᠮᠡᠨ ᠲᠡᠰᠢ ᠬᠡᠯᠪᠠᠶᠢᠯᠭᠡᠬᠦ ᠶᠢ ᠲᠦᠯᠬᠢᠨ ᠠᠬᠢᠭᠤᠯᠤᠨ᠎ᠠ᠃ ᠭᠤᠷᠪᠠ ᠳᠤ | ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠨᠠᠩ ᠴᠢᠬᠤᠯᠠᠴᠢᠯᠠᠵᠤ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ | ᠲᠦᠭᠡᠮᠡᠯ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠶᠢ ᠠᠬᠢᠭᠤᠯᠤᠨ᠎ᠠ᠃ ᠳᠥᠷᠪᠡ ᠳᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠩᠭᠤᠶ ᠪᠠᠷ ᠲᠦᠯᠬᠢᠨ | ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠡᠷᠴᠢᠮ ᠢ | ᠴᠢᠩᠭᠠᠷᠠᠭᠤᠯᠤᠨ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠲᠦᠯᠬᠢᠨ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠪᠡᠶᠡᠴᠢ ᠴᠣᠭᠴᠠ ᠶᠢᠨ ᠣᠯᠠᠨ ᠡᠰᠢᠵᠢᠬᠦ᠂ ᠬᠠᠩᠭᠠᠬᠤ | ᠠᠷᠭ᠎ᠠ ᠮᠠᠶ᠋ᠢᠭ ᠤᠨ ᠣᠯᠠᠨ ᠶᠠᠩᠵᠤᠯᠠᠬᠤ ᠶᠢ ᠲᠦᠯᠬᠢᠨ ᠠᠬᠢᠭᠤᠯᠤᠨ᠎ᠠ᠃ | ᠠᠰᠠᠭᠤᠯᠲᠠ᠄ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠶᠠᠳᠠᠭᠤ ᠶᠢ ᠲᠡᠳᠬᠦᠬᠦ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠰᠠᠯᠠᠭ᠎ᠠ ᠮᠥᠴᠢᠷ ᠤᠨ ᠬᠤᠪᠢ ᠪᠠᠷ ᠶᠠᠳᠠᠭᠤ ᠶᠢ ᠲᠡᠳᠬᠦᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ | ᠬᠠᠷᠢᠭᠤᠯᠲᠠ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ᠪᠦᠬᠦ᠋ᠢᠯᠡ ᠶᠠᠳᠠᠭᠤ ᠶᠢ | ᠲᠡᠳᠬᠦᠬᠦ ᠠᠵᠢᠯ ᠤᠨ ᠳᠤᠮᠳᠠ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠬᠡᠷᠡᠭᠵᠢᠭᠦᠯᠵᠦ ᠪᠠᠶᠢᠨ᠎ᠠ᠂ | ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠣᠯ ᠪᠦᠬᠦ᠋ᠢᠯᠡ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠬᠦ ᠳᠤᠮᠳᠠᠬᠢ ᠴᠢᠬᠤᠯᠠ ᠡᠭᠦᠷᠭᠡ ᠮᠥᠨ᠂ ᠮᠥᠨ ᠴᠦ ᠰᠢᠢᠳᠪᠦᠷᠢᠯᠡᠬᠦ ᠳᠤ ᠬᠠᠮᠤᠭ ᠤᠨ ᠬᠦᠴᠢᠷᠲᠡᠶ ᠨᠢᠭᠡ | ᠬᠡᠰᠡᠭ ︽ᠬᠦᠴᠢᠷ︾ ᠮᠥᠨ᠂ ᠣᠳᠣᠬᠠᠨ ᠳᠤ ᠨᠡᠯᠢᠶᠡᠳ ᠣᠯᠠᠨ ᠶᠠᠳᠠᠭᠤ ᠬᠦᠴᠢᠷᠳᠡᠯᠲᠡᠶ ᠬᠥᠮᠦᠨ ᠠᠮᠠ ᠴᠥᠮ | ᠡᠪᠡᠳᠴᠢᠨ ᠠᠴᠠ ᠪᠣᠯᠵᠤ ᠶᠠᠳᠠᠭᠤᠷᠠᠵᠤ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠵᠤ ᠪᠠᠶᠢᠨ᠎ᠠ᠂ ᠮᠠᠨ ᠤ ᠡᠷᠡᠭᠦᠯ | ᠮᠡᠨᠳᠦ ᠪᠠᠷ ᠶᠠᠳᠠᠭᠤ ᠶᠢ ᠲᠡᠳᠬᠦᠬᠦ ᠶᠢᠨ ᠭᠤᠤᠯ ᠡᠭᠦᠷᠭᠡ ᠪᠣᠯ ᠳᠠᠷᠤᠶ ᠶᠠᠳᠠᠭᠤ ᠬᠦᠴᠢᠷᠳᠡᠯᠲᠡᠶ ᠣᠯᠠᠨ ᠲᠦᠮᠡᠨ ᠤ | ᠡᠪᠡᠳᠴᠢᠨ ᠢᠶᠠᠨ ᠦᠵᠡᠭᠦᠯᠵᠦ ᠳᠠᠢᠯᠠᠬᠤ᠂ ᠡᠪᠡᠳᠴᠢᠨ ᠢᠶᠠᠨ ᠡᠳᠡᠭᠡᠵᠦ ᠳᠠᠢᠯᠠᠬᠤ᠂ ᠡᠪᠡᠳᠴᠢᠨ ᠢᠶᠠᠨ ᠵᠠᠰᠠᠵᠤ | ᠳᠠᠢᠯᠠᠬᠤ ᠪᠠ ᠴᠥᠭᠡᠨ ᠡᠪᠡᠳᠴᠢᠯᠡᠬᠦ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠪᠣᠯᠤᠨ᠎ᠠ᠃ ᠤᠯᠤᠰ ᠠᠴᠠ ᠡᠷᠡᠭᠦᠯ | ᠮᠡᠨᠳᠦ ᠪᠠᠷ ᠶᠠᠳᠠᠭᠤ ᠶᠢ ᠲᠡᠳᠬᠦᠬᠦ ︽ᠭᠤᠷᠪᠠᠨ ᠨᠢᠭᠡ ᠪᠦᠯᠦᠭ︾ ᠤᠨ ᠠᠵᠢᠯᠯᠠᠭᠠᠨ ᠤ ᠲᠥᠯᠥᠪᠯᠡᠭᠡ ᠶᠣᠰᠣᠭᠠᠷ᠂ | ᠨᠢᠭᠡ ᠪᠦᠯᠦᠭ ᠬᠦᠨᠳᠦ ᠡᠪᠡᠳᠴᠢᠨ ᠢ ᠲᠥᠪᠯᠡᠷᠡᠭᠦᠯᠦᠨ ᠡᠮᠨᠡᠨ ᠠᠪᠤᠷᠠᠬᠤ᠂ ᠨᠢᠭᠡ ᠪᠦᠯᠦᠭ ᠤᠳᠠᠭᠠᠨ ᠴᠢᠨᠠᠷᠲᠠᠶ | ᠡᠪᠡᠳᠴᠢᠨ ᠤ ᠭᠡᠷᠡᠲᠦ ᠦᠢᠯᠡᠴᠢᠯᠡᠭᠡ ᠶᠢ ᠬᠠᠮᠢᠶᠠᠷᠬᠤ᠂ ᠨᠢᠭᠡ ᠪᠦᠯᠦᠭ ᠬᠦᠨᠳᠦ ᠡᠪᠡᠳᠴᠢᠨ ᠤ ᠦᠨᠳᠦᠰᠦᠨ ᠵᠦᠢᠯ ᠢ | ᠪᠠᠲᠤᠯᠠᠬᠤ᠂ ᠨᠢᠭᠡ ᠪᠦᠯᠦᠭ ᠬᠦᠨᠳᠦ ᠡᠪᠡᠳᠴᠢᠨ ᠳᠤ ᠨᠡᠷᠪᠡᠭᠳᠡᠭᠰᠡᠨ ᠪᠠ ᠤᠷᠲᠤ ᠬᠤᠭᠤᠴᠠᠭᠠᠨ ᠤ ᠶᠠᠳᠠᠭᠤ | ᠬᠦᠴᠢᠷᠳᠡᠯᠲᠡᠶ ᠬᠥᠮᠦᠨ ᠠᠮᠠ ᠶᠢ ᠲᠥᠷᠥᠯ ᠪᠦᠯᠦᠭ ᠬᠤᠪᠢᠶᠠᠨ ᠡᠮᠨᠡᠨ ᠵᠠᠰᠠᠬᠤ ᠶᠢ ᠬᠡᠷᠡᠭᠵᠢᠭᠦᠯᠵᠦ᠂ ᠡᠷᠡᠭᠦᠯ | ᠮᠡᠨᠳᠦ ᠪᠠᠷ ᠶᠠᠳᠠᠭᠤ ᠶᠢ ᠲᠡᠳᠬᠦᠬᠦ ᠶᠢ ᠬᠥᠮᠦᠨ ᠳᠤ ᠬᠦᠷᠲᠡᠯ᠎ᠡ ᠨᠠᠢᠳᠠᠪᠤᠷᠢᠵᠢᠭᠤᠯᠬᠤ᠂ ᠤᠨᠢᠨ ᠳᠡᠭᠡᠷ᠎ᠡ ᠨᠢ | ᠡᠪᠡᠳᠴᠢᠨ ᠬᠦᠷᠲᠡᠯ᠎ᠡ ᠨᠠᠶᠢᠳᠠᠪᠤᠷᠢᠵᠢᠭᠤᠯᠤᠨ᠎ᠠ᠃ ᠡᠭᠦᠨ ᠤ ᠳᠤ ᠬᠠᠮᠲᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ︽ᠤᠷᠢᠳᠠᠪᠠᠷ ᠣᠨᠣᠰᠢᠯᠠᠨ ᠡᠮᠨᠡᠭᠦᠯᠵᠦ᠂ ᠳᠠᠷᠠᠭ᠎ᠠ ᠨᠢ ᠵᠠᠷᠤᠳᠠᠯ ᠲᠤᠰᠢᠶᠠᠬᠤ︾ ᠪᠠ ︽ᠨᠢᠭᠡ ᠥᠷᠲᠡᠭᠡ ᠮᠠᠶ᠋ᠢᠭ︾ | ᠤᠨ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠶᠠᠳᠠᠭᠤ ᠬᠦᠴᠢᠷᠳᠡᠯᠲᠡᠶ ᠬᠥᠮᠦᠨ | ᠠᠮᠠ ᠰᠢᠶᠠᠨ ᠤ ᠬᠡᠪᠴᠢᠶᠡᠨ ᠳᠠᠬᠢ ᠲᠣᠭᠲᠠᠭᠰᠠᠨ ᠴᠢᠭ᠋ ᠤᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ ᠰᠠᠭᠤᠵᠤ | ᠡᠮᠨᠡᠭᠦᠯᠦᠭᠡᠳ ᠲᠤᠰᠢᠶᠠᠬᠤ ᠥᠬᠡᠶ᠂ ᠡᠮᠨᠡᠯᠭᠡ ᠠᠴᠠ ᠭᠠᠷᠴᠤ ᠳ᠋ᠦᠩᠨᠡᠨ ᠪᠤᠳᠤᠬᠤ ᠳᠠᠭᠠᠨ᠂ ᠦᠨᠳᠦᠰᠦᠨ | ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ᠂ | ᠬᠤᠳᠠᠯᠳᠤᠭᠠᠨ ᠤ ᠡᠷᠡᠭᠦᠯ ᠮᠡᠨᠳᠦ ᠶᠢᠨ ᠨᠥᠬᠦᠪᠥᠷᠢ ᠳᠠᠭᠠᠳᠬᠠᠯ᠂ ᠬᠦᠨᠳᠦ ᠡᠪᠡᠳᠴᠢᠨ ᠤ ᠪᠠᠲᠤᠯᠠᠭ᠎ᠠ ᠶᠢᠨ ᠰᠠᠭᠤᠷᠢ | ᠮᠥᠩᠭᠦ ᠵᠡᠷᠭᠡ ᠲᠥᠷᠥ ᠶᠢᠨ ᠪᠣᠳᠣᠯᠭ᠎ᠠ ᠶᠢᠨ ︽ᠨᠢᠭᠡ ᠯᠡ ᠥᠷᠲᠡᠭᠡᠨ ᠤ ᠮᠠᠶ᠋ᠢᠭ︾ ᠢᠶᠠᠷ ᠶᠡᠷᠦᠩᠬᠡᠶᠢᠯᠡᠨ ᠳ᠋ᠦᠩᠨᠡᠨ | ᠪᠤᠳᠤᠬᠤ ᠶᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠬᠥᠮᠦᠨ ᠵᠥᠪᠬᠡᠨ ᠬᠤᠪᠢ ᠬᠥᠮᠦᠨ ᠤ ᠥᠪᠡᠷ ᠢᠶᠠᠷ | ᠲᠤᠰᠢᠶᠠᠬᠤ ᠵᠠᠷᠤᠳᠠᠯ ᠲᠤᠰᠢᠶᠠᠪᠠᠯ ᠪᠣᠯᠴᠢᠬᠠᠨ᠎ᠠ᠃ ᠰᠢᠶᠠᠨ ᠤ ᠬᠡᠪᠴᠢᠶᠡᠨ ᠤ ᠭᠠᠳᠠᠨ᠎ᠠ ᠡᠮᠨᠡᠯᠭᠡ ᠳᠤ ᠰᠠᠭᠤᠵᠤ | ᠡᠮᠨᠡᠭᠦᠯᠦᠭᠰᠡᠨ ᠶᠠᠳᠠᠭᠤ ᠬᠦᠴᠢᠷᠳᠡᠯᠲᠡᠶ ᠬᠥᠮᠦᠨ ᠳᠠᠭᠠᠳᠬᠠᠯ ᠳᠤ ᠣᠷᠣᠯᠴᠠᠭᠰᠠᠨ ᠭᠠᠵᠠᠷ ᠤᠨ ᠠᠷᠠᠳ ᠲᠤ ᠳᠥᠭᠦᠮ | ᠦᠵᠡᠭᠦᠯᠬᠦ ᠦᠢᠯᠡᠴᠢᠯᠡᠭᠡᠨ ᠤ ᠲᠢᠩᠬᠢᠮ ᠳᠤ ᠪᠤᠴᠠᠵᠤ ︽ᠨᠢᠭᠡ ᠥᠷᠲᠡᠭᠡ ᠮᠠᠶ᠋ᠢᠭ︾ ᠤᠨ ᠳ᠋ᠦᠩᠨᠡᠨ ᠪᠤᠳᠤᠬᠤ | ᠴᠣᠩᠬᠤ ᠪᠠᠷ ᠳ᠋ᠦᠩᠨᠡᠨ ᠪᠣᠳᠣᠨ᠎ᠠ᠃ | ᠠᠰᠠᠭᠤᠯᠲᠠ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠠᠯᠠᠭ᠎ᠠ ᠮᠥᠴᠢᠷ ᠬᠦᠨᠳᠦ ᠡᠪᠡᠳᠴᠢᠨ ᠢ | ᠲᠥᠪᠯᠡᠷᠡᠭᠦᠯᠦᠨ ᠠᠪᠤᠷᠠᠨ ᠡᠮᠨᠡᠬᠦ ᠶᠠᠮᠠᠷ ᠶᠠᠮᠠᠷ ᠪᠣᠳᠠᠲᠠᠶ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠪᠠ ᠲᠥᠷᠥ ᠶᠢᠨ | ᠪᠣᠳᠣᠯᠭ᠎ᠠ ᠶᠢ ᠨᠠᠢᠳᠠᠪᠤᠷᠢᠵᠢᠭᠤᠯᠬᠤ ᠪᠣᠶ︖ | ᠬᠠᠷᠢᠭᠤᠯᠲᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠪᠠᠷ ᠶᠠᠳᠠᠭᠤ ᠶᠢ | ᠲᠡᠳᠬᠦᠬᠦ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ | ᠰᠢᠯᠢᠳᠡᠭᠵᠢᠭᠦᠯᠬᠦ ᠲᠤᠬᠠᠶ ᠮᠡᠳᠡᠭᠳᠡᠯ︾ ︵ᠥᠪᠥᠷ ᠬᠠᠮᠠᠭᠠᠯᠠᠯᠲᠠ ᠲᠥᠯᠥᠪᠯᠡᠭᠡ ᠡᠳ᠋ ᠤᠨ ᠶᠠᠪᠤᠳᠠᠯ ᠲᠠᠷᠬᠠᠭᠠᠭᠰᠠᠨ | ︹ 2018 ︺ 128 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠮᠠᠨ ᠤ | ᠰᠢᠶᠠᠨ ᠵᠦᠸᠧᠽᠢ ᠰᠢᠶᠠᠨ ᠤ ︽ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ | ᠬᠡᠷᠡᠭᠵᠢᠭᠦᠯᠬᠦ ᠰᠠᠨᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠮᠡᠳᠡᠭᠳᠡᠯ︾ ᠢ ᠴᠠᠭ ᠲᠤᠬᠠᠶ ᠳᠤᠨᠢ | ᠲᠣᠭᠲᠠᠭᠠᠨ ᠪᠠᠭᠤᠯᠭᠠᠵᠤ᠂ 2019 ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠮᠴᠢᠯᠡᠭᠡᠨ ᠤ | ᠪᠠᠲᠤᠯᠠᠭ᠎ᠠ ᠶᠢᠨ ᠠᠵᠢᠯ ᠶᠢᠨ ᠴᠢᠭᠯᠡᠯ ᠪᠠ ᠡᠭᠦᠷᠭᠡ ᠶᠢ ᠲᠣᠳᠣᠷᠬᠠᠶᠢᠯᠠᠪᠠ᠃ ᠬᠦᠨᠳᠦ ᠡᠪᠡᠳᠴᠢᠨ ᠢ ᠲᠥᠪᠯᠡᠷᠡᠭᠦᠯᠦᠨ | ᠠᠪᠤᠷᠠᠨ ᠵᠠᠰᠠᠬᠤ ᠲᠠᠯ᠎ᠠ ᠪᠠᠷ᠄ ︽ᠳᠥᠷᠪᠡ ᠶᠢ ᠲᠣᠭᠲᠠᠭᠠᠵᠤ ᠬᠤᠶᠠᠷ ᠢ ᠴᠢᠩᠭᠠᠳᠬᠠᠬᠤ︾ ᠠᠪᠤᠷᠠᠨ ᠵᠠᠰᠠᠬᠤ | ᠵᠠᠷᠴᠢᠮ ︵ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠶᠢ ᠲᠣᠭᠲᠠᠭᠠᠬᠤ᠂ ᠣᠨᠣᠰᠢᠯᠠᠨ ᠡᠮᠨᠡᠬᠦ ᠲᠥᠰᠦᠯ ᠪᠠ | ᠡᠮᠴᠢᠯᠡᠭᠡᠨ ᠤ ᠠᠷᠭ᠎ᠠ ᠵᠠᠮ ᠢ ᠲᠣᠭᠲᠠᠭᠠᠬᠤ᠂ ᠳᠠᠩ ᠬᠠᠭᠤᠳᠠᠰᠤ ᠪᠠᠷ ᠰᠤᠶᠢᠳᠬᠡᠯ ᠬᠤᠷᠢᠶᠠᠬᠤ ᠪᠠᠷᠢᠮᠵᠢᠶ᠎ᠠ ᠶᠢ | ᠲᠣᠭᠲᠠᠭᠠᠬᠤ᠂ ᠳᠠᠩᠰᠠ ᠲᠠᠶᠢᠯᠬᠤ ᠬᠠᠷᠢᠴᠠᠯ ᠢ ᠲᠣᠭᠲᠠᠭᠠᠬᠤ᠂ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢ | ᠴᠢᠩᠭᠠᠳᠬᠠᠬᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ︶ ᠢ ᠴᠢᠩᠭ᠎ᠠ ᠵᠢᠷᠤᠮᠯᠠᠨ᠂ | ᠬᠦᠨᠳᠦ ᠡᠪᠡᠳᠴᠢᠨ ᠢ ᠲᠥᠪᠯᠡᠷᠡᠭᠦᠯᠦᠨ ᠠᠪᠤᠷᠠᠨ ᠵᠠᠰᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠢᠭᠡᠨᠲᠡ | ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠭᠰᠡᠨ ᠤᠯᠠᠭᠠᠨ ᠬᠤᠭᠤᠯᠠᠶ ᠶᠢᠨ ᠥᠮᠡᠨ᠂ ᠬᠤᠳᠣᠭᠤᠳᠣᠨ ᠥᠮᠡᠨ᠂ | ᠬᠤᠲᠣᠷᠢᠩᠬᠠᠶ ᠭᠡᠳᠡᠰᠦᠨ ᠤ ᠥᠮᠡᠨ᠂ ᠰᠢᠯᠤᠭᠤᠨ ᠭᠡᠳᠡᠰᠦᠨ ᠤ ᠥᠮᠡᠨ᠂ ᠬᠤᠰᠬᠢᠨᠠᠭ ᠤᠨ ᠪᠥᠭᠡᠷᠡᠨ ᠡᠪᠡᠳᠴᠢᠨ᠂ | ᠬᠡᠤᠬᠡᠳ ᠤᠨ ᠲᠦᠷᠭᠡᠨ ᠴᠢᠨᠠᠷᠲᠠᠶ ᠯᠢᠮᠹᠠ ᠶᠢᠨ ᠡᠰ ᠤᠨ ᠭᠥᠪᠳᠦᠷᠦᠤ᠂ ᠬᠡᠤᠬᠡᠳ ᠤᠨ ᠲᠦᠷᠭᠡᠨ ᠴᠢᠨᠠᠷᠲᠠᠶ ᠡᠷᠲᠡ | ᠨᠢᠯᠬ᠎ᠠ ᠮᠥᠬᠦᠯᠢᠭᠲᠦ ᠡᠰ ᠤᠨ ᠭᠥᠪᠳᠦᠷᠦᠤ᠂ ᠬᠡᠤᠬᠡᠳ ᠤᠨ ᠲᠥᠷᠥᠯᠬᠢ ᠴᠢᠨᠠᠷᠲᠠᠶ ᠵᠢᠷᠦᠬᠡᠨ ᠡᠪᠡᠳᠴᠢᠨ ᠤ | ᠲᠠᠰᠤᠭ ᠤᠨ ᠲᠠᠰᠤᠯᠤᠪᠴᠢ ᠳᠤᠲᠠᠮᠠᠭ ᠪᠠᠶᠢᠬᠤ᠂ ᠬᠡᠤᠬᠡᠳ ᠤᠨ ᠲᠥᠷᠥᠯᠬᠢ ᠴᠢᠨᠠᠷᠲᠠᠶ ᠵᠢᠷᠦᠬᠡᠨ ᠡᠪᠡᠳᠴᠢᠨ ᠤ | ᠲᠠᠰᠤᠭ ᠤᠨ ᠲᠠᠰᠤᠯᠤᠪᠴᠢ ᠳᠤᠲᠠᠮᠠᠭ ᠪᠠᠶᠢᠬᠤ ᠵᠡᠷᠭᠡ 9 ᠵᠦᠢᠯ ᠤᠨ ᠬᠦᠨᠳᠦ ᠡᠪᠡᠳᠴᠢᠨ ᠢ ᠪᠦᠬᠦᠨ ᠢ ᠡᠮᠨᠡᠨ | ᠵᠠᠰᠠᠬᠤ ᠶᠢ ᠦᠨᠡᠨ ᠬᠦ ᠪᠠᠲᠤᠯᠠᠵᠤ᠂ ᠠᠭᠤᠰᠬᠢᠨ ᠥᠮᠡᠨ᠂ ᠰᠦ᠋᠂ ᠰᠠᠪᠠ ᠶᠢᠨ ᠬᠦᠵᠦᠭᠦᠨ ᠤ ᠥᠮᠡᠨ᠂ ᠠᠭᠤᠰᠬᠢ | ᠲᠣᠭᠤᠰᠣᠨ ᠤ ᠡᠪᠡᠳᠴᠢᠨ ᠵᠡᠷᠭᠡ 4 ᠵᠦᠢᠯ ᠤᠨ ᠬᠦᠨᠳᠦ ᠡᠪᠡᠳᠴᠢᠨ ᠢ ᠲᠥᠪᠯᠡᠷᠡᠭᠦᠯᠦᠨ ᠡᠮᠨᠡᠨ ᠵᠠᠰᠠᠬᠤ | ᠬᠡᠪᠴᠢᠶᠡᠨ ᠳᠤ ᠣᠷᠣᠭᠤᠯᠤᠨ᠎ᠠ᠃ 2019 ᠣᠨ ᠳᠤ ᠬᠦᠨᠳᠦ ᠡᠪᠡᠳᠴᠢᠨ ᠢ ᠠᠪᠤᠷᠠᠨ ᠵᠠᠰᠠᠬᠤ ᠲᠤᠭ᠎ᠠ ᠬᠡᠮᠵᠢᠶ᠎ᠡ ᠶᠢ | 25 ᠵᠦᠢᠯ ᠪᠣᠯᠭᠠᠨ ᠥᠷᠭᠡᠳᠬᠡᠵᠦ᠂ 2020 ᠤᠨ ᠪᠣᠯᠬᠤ ᠳᠤ 30 ᠵᠦᠢᠯ ᠪᠣᠯᠭᠠᠨ ᠥᠷᠭᠡᠳᠬᠡᠵᠦ᠂ ᠬᠦᠨᠳᠦ | ᠡᠪᠡᠳᠴᠢᠨ ᠳᠤ ᠨᠡᠷᠪᠡᠭᠳᠡᠭᠰᠡᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ | ᠠᠪᠤᠷᠠᠨ ᠵᠠᠰᠠᠬᠤ ᠪᠠ ᠵᠢᠷᠤᠮᠵᠢᠭᠤᠯᠤᠨ ᠬᠠᠮᠢᠶᠠᠷᠬᠤ ᠶᠢ ᠪᠡᠶᠡᠯᠡᠭᠦᠯᠦᠨ᠎ᠡ᠃ ᠶᠠᠳᠠᠭᠤ ᠬᠦᠴᠢᠷᠳᠡᠯᠲᠡᠶ ᠬᠡᠤᠬᠡᠳ ᠤᠨ | ᠬᠦᠨᠳᠦ ᠡᠪᠡᠳᠴᠢᠨ ᠵᠢᠴᠢ ᠡᠮᠴᠢᠯᠡᠭᠡᠨ ᠤ ᠤᠶᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠬᠡᠷᠡᠭᠵᠢᠭᠦᠯᠬᠦ ᠶᠢ ᠲᠦᠯᠬᠢᠨ | ᠠᠬᠢᠭᠤᠯᠤᠨ᠎ᠠ᠃ ᠶᠠᠳᠠᠭᠤ ᠬᠦᠴᠢᠷᠳᠡᠯᠲᠡᠶ ᠡᠪᠡᠳᠴᠢᠲᠡᠨ ᠵᠠᠷᠴᠢᠮ ᠳᠡᠭᠡᠷ᠎ᠡ ᠪᠠᠨ ᠴᠢᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠳᠤ ᠣᠨᠣᠰᠢᠯᠠᠨ ᠡᠮᠨᠡᠬᠦ ᠶᠢ ᠬᠡᠷᠡᠭᠵᠢᠭᠦᠯᠵᠦ᠂ ᠠᠪᠤᠷᠠᠨ ᠵᠠᠰᠠᠬᠤ ᠵᠠᠷᠤᠳᠠᠯ ᠳᠤ ᠵᠠᠷᠤᠳᠠᠯ ᠤᠨ ᠶᠣᠰᠣᠭᠠᠷ | ᠲᠤᠰᠢᠶᠠᠬᠤ ᠶᠢ ᠬᠡᠷᠡᠭᠵᠢᠭᠦᠯᠦᠨ᠂ ᠦᠨᠳᠦᠰᠦᠨ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ | ᠡᠮᠴᠢᠯᠡᠭᠡᠨ ᠤ ᠠᠪᠤᠷᠠᠨ ᠲᠤᠰᠠᠯᠠᠯᠲᠠ᠂ ᠬᠤᠳᠠᠯᠳᠤᠭᠠᠨ ᠤ ᠡᠷᠡᠭᠦᠯ ᠮᠡᠨᠳᠦ ᠶᠢᠨ ᠨᠥᠬᠦᠪᠥᠷᠢ ᠳᠠᠭᠠᠳᠬᠠᠯ᠂ ᠬᠦᠨᠳᠦ | ᠡᠪᠡᠳᠴᠢᠨ ᠤ ᠪᠠᠲᠤᠯᠠᠭ᠎ᠠ ᠶᠢᠨ ᠰᠠᠭᠤᠷᠢ ᠮᠥᠩᠭᠦ ᠵᠡᠷᠭᠡ ᠣᠯᠠᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ | ᠬᠦᠷᠲᠡᠵᠦ᠂ ᠡᠮᠨᠡᠯᠭᠡ ᠳᠤ ᠰᠠᠭᠤᠭᠰᠠᠨ ᠵᠠᠷᠤᠳᠠᠯ ᠤᠨ ᠪᠣᠳᠠᠲᠠᠶ ᠳᠠᠩᠰᠠ ᠲᠠᠶᠢᠯᠬᠤ ᠬᠠᠷᠢᠴᠠᠯ ᠢ 90 % ᠳᠤ | ᠬᠦᠷᠦᠭᠦᠯᠦᠨ᠎ᠡ᠃ ᠲᠥᠪᠯᠡᠷᠡᠭᠦᠯᠦᠨ ᠠᠪᠤᠷᠠᠨ ᠡᠮᠨᠡᠬᠦ ᠬᠦᠨᠳᠦ ᠡᠪᠡᠳᠴᠢᠨ ᠳᠤ ᠠᠯᠬᠤᠮ ᠠᠯᠬᠤᠮ ᠢᠶᠠᠷ ᠣᠷᠣᠭᠤᠯᠵᠤ | ᠳᠡᠭᠡᠷ᠎ᠡ ᠳᠤᠷᠠᠳᠤᠭᠰᠠᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠬᠡᠷᠡᠭᠲᠡᠶ᠃ | ᠠᠰᠠᠭᠤᠯᠲᠠ᠄ 2019 ᠣᠨ ᠳᠤ ᠮᠠᠨ ᠤ ᠰᠢᠶᠠᠨ ᠤ ᠬᠢᠨ ᠤᠳᠠᠭᠠᠨ ᠴᠢᠨᠠᠷᠲᠠᠶ ᠡᠪᠡᠳᠴᠢᠨ ᠤ ᠤᠶᠢᠯᠡᠴᠢᠯᠡᠭᠡᠨ ᠤ | ᠬᠠᠮᠢᠶᠠᠷᠤᠯᠲᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠬᠦ ᠲᠠᠯ᠎ᠠ ᠪᠠᠷ ᠬᠢ ᠪᠣᠳᠠᠲᠠᠶ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠨᠢ ᠶᠠᠭᠤ ᠪᠣᠶ︖ | ᠬᠠᠷᠢᠭᠤᠯᠲᠠ᠄ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠪᠡᠳᠴᠢᠨ ᠡᠮᠭᠡᠭ ᠤᠨ | ᠵᠢᠭᠰᠠᠯ ᠢ ᠦᠨᠳᠦᠰᠦᠯᠡᠨ᠂ ᠶᠠᠳᠠᠭᠤ ᠬᠦᠴᠢᠷᠳᠡᠯᠲᠡᠶ ᠬᠥᠮᠦᠨ ᠠᠮᠠ᠂ ᠣᠨᠴᠠᠭᠠᠢ ᠶᠠᠳᠠᠭᠤ ᠬᠦᠴᠢᠷᠳᠡᠯᠲᠡᠶ | ᠡᠪᠡᠳᠴᠢᠲᠡᠨ ᠢ ᠣᠨᠣᠪᠴᠢᠲᠠᠶ ᠢᠯᠭᠠᠨ ᠲᠠᠨᠢᠵᠤ᠂ ᠣᠨᠣᠪᠴᠢᠲᠠᠶ ᠮᠠᠭᠠᠳᠯᠠᠨ ᠲᠣᠭᠲᠠᠭᠠᠵᠤ᠂ ᠵᠢᠷᠤᠮᠵᠢᠭᠤᠯᠤᠨ | ᠬᠠᠮᠢᠶᠠᠷᠴᠤ᠂ ᠶᠠᠳᠠᠭᠤ ᠬᠦᠴᠢᠷᠳᠡᠯᠲᠡᠶ ᠤᠳᠠᠭᠠᠨ ᠴᠢᠨᠠᠷᠲᠠᠶ ᠡᠪᠡᠳᠴᠢᠲᠡᠨ ᠤ ᠡᠪᠡᠳᠴᠢᠨ ᠡᠮᠭᠡᠭ ᠤᠨ ᠪᠠᠶᠢᠳᠠᠯ ᠲᠠᠢ | ᠤᠶᠠᠯᠳᠤᠭᠤᠯᠤᠨ ᠡᠷᠡᠭᠦᠯ ᠮᠡᠨᠳᠦ ᠶᠢᠨ ᠤᠶᠢᠯᠡᠴᠢᠯᠡᠭᠡᠨ ᠤ ᠬᠠᠮᠢᠶᠠᠷᠤᠯᠲᠠ ᠶᠢ ᠥᠷᠨᠢᠭᠦᠯᠦᠨ᠎ᠡ᠃ ᠡᠭᠦᠳᠡᠨ | ᠡᠮᠨᠡᠯᠭᠡ ᠪᠠᠷ ᠡᠮᠨᠡᠭᠰᠡᠨ ᠶᠠᠳᠠᠭᠤ ᠬᠦᠴᠢᠷᠳᠡᠯᠲᠡᠶ ᠡᠪᠡᠳᠴᠢᠲᠡᠨ ᠳᠤ ︽ᠡᠮᠨᠡᠯᠭᠡ ᠳᠤ ᠬᠦᠷᠭᠡᠵᠦ ᠡᠮ ᠨᠠᠶᠢᠷᠠᠭᠤᠯᠬᠤ︾ | ᠭᠡᠷ᠎ᠡ ᠲᠣᠭᠲᠠᠨ ᠤᠶᠢᠯᠡᠴᠢᠯᠡᠬᠦ ᠬᠠᠮᠢᠶᠠᠷᠤᠯᠲᠠ ᠬᠠᠩᠭᠠᠨ᠎ᠠ᠃ ᠤᠳᠠᠭᠠᠨ ᠴᠢᠨᠠᠷᠲᠠᠶ ᠡᠪᠡᠳᠴᠢᠨ ᠢ ᠡᠮᠨᠡᠯᠭᠡ ᠳᠤ | ᠬᠦᠷᠭᠡᠵᠦ ᠡᠮ ᠨᠠᠶᠢᠷᠠᠭᠤᠯᠬᠤ ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ ᠡᠪᠡᠳᠴᠢᠲᠡᠨ᠂ ᠰᠢᠶᠠᠨ ᠤ ᠱᠠᠲᠤ | ᠵᠢᠴᠢ ᠲᠡᠭᠦᠨ ᠠᠴᠠ ᠳᠡᠭᠡᠭᠰᠢᠬᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠢᠵᠦ ᠥᠭᠭᠦᠭᠰᠡᠨ ︽ | ᠣᠨᠣᠰᠢᠯᠠᠭᠰᠠᠨ ᠭᠡᠷᠡᠴᠢ︾ ᠪᠠ ︽ᠰᠢᠯᠭᠠᠨ ᠪᠠᠶᠢᠴᠠᠭᠠᠭᠰᠠᠨ ᠮᠡᠳᠡᠭᠦᠯᠦᠯᠲᠡ︾ ᠶᠢ ᠬᠠᠩᠭᠠᠵᠤ᠂ ᠰᠢᠶᠠᠨ ᠤ | ᠡᠮᠴᠢᠯᠡᠭᠡᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠢᠶᠠᠷ ᠮᠠᠭᠠᠳᠯᠠᠨ ᠲᠣᠭᠲᠠᠭᠠᠯᠭᠠᠵᠤ᠂ ᠡᠮᠴᠢᠯᠡᠭᠡᠨ ᠤ | ᠳᠠᠭᠠᠳᠬᠠᠯ ᠤᠨ ᠰᠠᠯᠠᠭ᠎ᠠ ᠮᠥᠴᠢᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠰᠢᠶᠠᠨ ᠤ ᠱᠠᠲᠤ ᠪᠤᠶᠤ ᠰᠢᠶᠠᠨ ᠤ | ᠱᠠᠲᠤᠨ ᠠᠴᠠ ᠳᠡᠭᠡᠭᠰᠢᠬᠢ ᠡᠮᠴᠢ ᠶᠢᠨ ᠲᠣᠭᠲᠠᠭᠠᠭᠰᠠᠨ ᠡᠮ ᠬᠡᠷᠡᠭᠯᠡᠬᠦ ᠵᠣᠷ ᠪᠠ ᠣᠨᠣᠰᠢᠯᠠᠨ ᠡᠮᠨᠡᠬᠦ ᠲᠥᠰᠦᠯ ᠤᠨ | ᠶᠣᠰᠣᠭᠠᠷ ᠡᠮ ᠤᠨ ᠵᠦᠢᠯ ᠢ ᠲᠤᠬᠢᠷᠠᠭᠤᠯᠤᠨ ᠬᠦᠷᠭᠡᠬᠦ ᠬᠡᠷᠡᠭᠲᠡᠶ᠃ ᠬᠡᠪᠲᠡᠵᠦ ᠳᠠᠢᠯᠠᠬᠤ ᠦᠭᠡᠢ ᠬᠥᠳᠡᠯᠵᠦ | ᠪᠠᠷᠢᠬᠤ ᠳᠤ ᠳᠥᠭᠦᠮ ᠦᠭᠡᠢ ᠡᠪᠡᠳᠴᠢᠲᠡᠨ ᠳᠤ ᠲᠤᠰ ᠬᠥᠮᠦᠨ ᠨᠢ ᠭᠤᠶᠤᠴᠢᠯᠠᠯ ᠭᠠᠷᠭᠠᠵᠤ᠂ ᠭᠠᠴᠠᠭᠠᠨ ᠤ | ᠠᠷᠠᠳ ᠤᠨ ᠵᠥᠪᠯᠡᠯ᠂ ᠲᠣᠰᠬᠤᠨ ᠳᠤ ᠰᠠᠭᠤᠭ᠎ᠠ ᠰᠢᠶᠠᠩ ᠤᠨ ᠭᠠᠵᠠᠷ᠂ ᠡᠷᠡᠭᠦᠯ ᠬᠠᠮᠠᠭᠠᠯᠠᠯ ᠤᠨ ᠬᠤᠷᠢᠶ᠎ᠠ᠂ | ᠰᠢᠶᠠᠩ ᠤᠨ ᠶᠠᠳᠠᠭᠤ ᠶᠢ ᠲᠡᠳᠬᠦᠬᠦ ᠠᠯᠪᠠᠨ ᠭᠡᠷ ᠬᠠᠮᠲᠤ ᠪᠠᠷ ︽ᠡᠪᠡᠳᠴᠢᠯᠡᠬᠦ ᠭᠡᠷᠡᠴᠢ︾ ᠭᠠᠷᠭᠠᠵᠤ ᠥᠭᠭᠦᠭᠰᠡᠨ ᠤ | ᠳᠠᠷᠠᠭ᠎ᠠ᠂ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠬᠢᠨᠠᠨ ᠵᠥᠪᠰᠢᠶᠡᠷᠡᠵᠦ ᠳᠠᠩᠰᠠ | ᠲᠠᠶᠢᠯᠬᠤ ᠰᠢᠰᠲ᠋ᠧᠮ ᠳᠤ ᠣᠷᠣᠭᠤᠯᠤᠨ ᠤᠳᠠᠭᠠᠨ ᠴᠢᠨᠠᠷᠲᠠᠶ ᠡᠪᠡᠳᠴᠢᠨ ᠢ ᠡᠮᠨᠡᠯᠭᠡ ᠳᠤ ᠬᠦᠷᠭᠡᠵᠦ ᠡᠮ | ᠨᠠᠶᠢᠷᠠᠭᠤᠯᠤᠨ᠎ᠠ︔ ᠮᠠᠭᠠᠳᠯᠠᠨ ᠲᠣᠭᠲᠠᠭᠠᠯᠲᠠ ᠬᠢᠭᠰᠡᠨ ᠦᠭᠡᠢ ᠪᠠ ᠰᠢᠨ᠎ᠡ ᠪᠠᠷ ᠨᠡᠮᠡᠭᠳᠡᠭᠰᠡᠨ ᠤᠳᠠᠭᠠᠨ ᠴᠢᠨᠠᠷᠲᠠᠶ | ᠡᠪᠡᠳᠴᠢᠨ ᠳᠤ ᠨᠡᠷᠪᠡᠭᠳᠡᠭᠰᠡᠳ ᠲᠤ ᠰᠢᠶᠠᠨ ᠤ ᠡᠮᠨᠡᠯᠭᠡ ᠶᠢᠨ ᠬᠤᠷᠢᠶ᠎ᠠ ᠠᠴᠠ ᠡᠮᠨᠡᠯᠭᠡ ᠶᠢᠨ ᠠᠵᠢᠯᠲᠠᠨ ᠢ ᠵᠣᠬᠢᠶᠠᠨ | ᠪᠠᠶᠢᠭᠤᠯᠤᠨ ᠤᠯᠠᠷᠢᠯ ᠪᠦᠷᠢ ᠡᠯ᠎ᠡ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠡᠭᠡᠯᠵᠢᠯᠡᠨ ᠡᠷᠭᠢᠵᠦ | ᠨᠢᠭᠡ ᠤᠳᠠᠭᠠᠨ ᠤ ᠪᠡᠶ᠎ᠡ ᠶᠢᠨ ᠪᠠᠶᠢᠴᠠᠭᠠᠯᠲᠠ ᠶᠢᠨ ᠰᠢᠭᠰᠢᠨ ᠪᠠᠶᠢᠴᠠᠭᠠᠯᠲᠠ ᠥᠷᠨᠢᠭᠦᠯᠵᠦ᠂ ᠤᠳᠠᠭᠠᠨ ᠴᠢᠨᠠᠷᠲᠠᠶ | ᠡᠪᠡᠳᠴᠢᠨ ᠢ ᠡᠮᠨᠡᠯᠭᠡ ᠳᠤ ᠬᠦᠷᠭᠡᠵᠦ ᠡᠮ ᠨᠠᠶᠢᠷᠠᠭᠤᠯᠬᠤ ᠲᠥᠷᠥ ᠶᠢᠨ ᠪᠣᠳᠣᠯᠭ᠎ᠠ ᠶᠢ ᠪᠦᠬᠦᠨ ᠢ ᠪᠣᠳᠠᠲᠠᠶ | ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | ᠱᠠᠲᠤ ᠬᠤᠪᠢᠶᠠᠨ ᠣᠨᠣᠰᠢᠯᠠᠨ ᠡᠮᠨᠡᠬᠦ ᠵᠠᠷᠴᠢᠮ ᠤᠨ ᠶᠣᠰᠣᠭᠠᠷ᠂ ᠭᠡᠷ᠎ᠡ ᠲᠣᠭᠲᠠᠭᠰᠠᠨ ᠡᠮᠴᠢ ᠬᠤᠶᠠᠳᠤᠭᠠᠷ ᠳᠡᠰ | ᠵᠢᠴᠢ ᠲᠡᠭᠦᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠡᠮᠴᠢ ᠶᠢᠨ ᠵᠣᠷ ᠤᠨ ᠶᠣᠰᠣᠭᠠᠷ ︽ᠡᠮᠨᠡᠯᠭᠡ ᠳᠤ | ᠬᠦᠷᠭᠡᠵᠦ ᠡᠮ ᠨᠠᠶᠢᠷᠠᠭᠤᠯᠬᠤ︾ ᠤᠶᠢᠯᠡᠴᠢᠯᠡᠭᠡ ᠬᠠᠩᠭᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠲᠣᠭᠲᠠᠭᠠᠭᠰᠠᠨ ᠡᠮ ᠬᠡᠷᠡᠭᠯᠡᠬᠦ ᠭᠠᠷᠴᠠᠭ ᠤᠨ ᠬᠡᠪᠴᠢᠶ᠎ᠡ ᠪᠠ ᠣᠨᠣᠰᠢᠯᠠᠨ ᠡᠮᠨᠡᠬᠦ ᠲᠥᠷᠥᠯ ᠵᠦᠢᠯ ᠤᠨ ᠬᠡᠪᠴᠢᠶ᠎ᠡ | ᠶᠣᠰᠣᠭᠠᠷ ᠴᠢᠩᠭ᠎ᠠ ᠬᠡᠷᠡᠭᠵᠢᠭᠦᠯᠬᠦ ᠬᠡᠷᠡᠭᠲᠡᠶ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠳᠠᠩᠰᠠ | ᠲᠠᠶᠢᠯᠬᠤ ᠠᠷᠭ᠎ᠠ ᠪᠠ ᠦᠨᠳᠦᠰᠦᠨ ᠡᠮ ᠤᠨ ᠵᠦᠢᠯ ᠤᠨ ᠭᠠᠷᠴᠠᠭ ᠶᠣᠰᠣᠭᠠᠷ᠂ ᠬᠥᠬᠡ ᠲᠥᠷᠥᠯ ᠤᠨ ᠡᠭᠦᠳᠡᠨ | ᠡᠮᠨᠡᠯᠭᠡ ᠶᠢᠨ ᠳᠠᠩᠰᠠ ᠲᠠᠶᠢᠯᠤᠨ᠎ᠠ︔ ᠬᠥᠬᠡᠭᠴᠢᠨ ᠲᠥᠷᠥᠯ ᠤᠨ ᠡᠬᠢᠯᠡᠵᠦ ᠲᠥᠯᠥᠬᠦ ᠬᠢᠵᠠᠭᠠᠷ ᠨᠢ 500 | ᠲᠥᠭᠦᠷᠢᠭ ᠬᠦᠷᠦᠭᠰᠡᠨ ᠡᠪᠡᠳᠴᠢᠲᠡᠨ ᠥᠪᠡᠰᠦᠪᠡᠨ ᠲᠥᠯᠥᠨ᠎ᠡ᠂ ᠪᠣᠳᠠᠲᠠᠶ ᠳᠠᠩᠰᠠ ᠲᠠᠶᠢᠯᠬᠤ ᠳᠡᠭᠡᠷ᠎ᠡ ᠲᠠᠯ᠎ᠠ ᠶᠢᠨ | ᠬᠢᠵᠠᠭᠠᠷ ᠨᠢ 4000 ᠲᠥᠭᠦᠷᠢᠭ ᠪᠣᠯᠤᠨ᠎ᠠ︔ ᠤᠯᠠᠭᠠᠨ ᠲᠥᠷᠥᠯ ᠤᠨ ᠡᠬᠢᠯᠡᠵᠦ ᠲᠥᠯᠥᠬᠦ ᠱᠤᠭᠤᠮ 500 | ᠲᠥᠭᠦᠷᠢᠭ ᠡᠪᠡᠳᠴᠢᠲᠡᠨ ᠥᠪᠡᠷᠲᠡᠭᠡᠨ ᠲᠥᠯᠥᠵᠦ᠂ ᠪᠣᠳᠠᠲᠠᠶ ᠳᠠᠩᠰᠠ ᠲᠠᠶᠢᠯᠬᠤ ᠳᠡᠭᠡᠷ᠎ᠡ ᠲᠠᠯ᠎ᠠ ᠶᠢᠨ ᠬᠢᠵᠠᠭᠠᠷ | 1500 ᠲᠥᠭᠦᠷᠢᠭ ᠪᠠᠶᠢᠵᠤ᠂ ᠬᠥᠬᠡᠭᠴᠢᠨ ᠲᠥᠷᠥᠯ ᠪᠠ ᠤᠯᠠᠭᠠᠨ ᠲᠥᠷᠥᠯ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠢ 80 % ᠪᠠᠷ ᠳᠠᠩᠰᠠᠨ ᠠᠴᠠ ᠲᠠᠶᠢᠯᠵᠤ᠂ ᠡᠭᠦᠨ ᠤ ᠳᠤ ᠰᠠᠭᠤᠷᠢᠨ ᠳᠡᠭᠡᠷ᠎ᠡ᠂ ᠵᠠᠰᠠᠭ ᠤᠨ ᠣᠷᠳᠣᠨ ᠤ | ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠪᠤᠷᠠᠨ ᠲᠤᠰᠠᠯᠠᠬᠤ ᠪᠠᠲᠤᠯᠠᠭ᠎ᠠ ᠶᠢᠨ ᠰᠠᠭᠤᠷᠢ ᠮᠥᠩᠭᠦ ᠠᠴᠠ 90 % | ︵ᠡᠬᠢᠯᠡᠵᠦ ᠲᠥᠯᠥᠬᠦ ᠱᠤᠭᠤᠮ ᠪᠠᠭᠲᠠᠬᠤ ᠥᠬᠡᠶ︶ ᠬᠦᠷᠲᠡᠯ᠎ᠡ ᠳᠠᠩᠰᠠᠨ ᠠᠴᠠ ᠲᠠᠶᠢᠯᠵᠤ ᠥᠭᠭᠦᠨ᠎ᠡ᠃ ᠡᠭᠦᠳᠡᠨ | ᠡᠮᠨᠡᠯᠭᠡ ᠪᠠᠷ ᠡᠮᠨᠡᠭᠦᠯᠬᠦ ᠳᠤ ᠰᠢᠶᠠᠨ ᠤ ᠬᠡᠪᠴᠢᠶᠡᠨ ᠤ ᠳᠣᠲᠣᠷᠠᠬᠢ ᠡᠮᠴᠢᠯᠡᠭᠡᠨ ᠤ ᠪᠠᠶᠢᠭᠤᠯᠤᠮᠵᠢ ᠳᠤ ᠬᠢᠵᠦ᠂ | ᠰᠢᠶᠠᠨ ᠤ ᠬᠡᠪᠴᠢᠶᠡᠨ ᠤ ᠭᠠᠳᠠᠨᠠᠬᠢ ᠡᠭᠦᠳᠡᠨ ᠡᠮᠨᠡᠯᠭᠡ ᠳᠤ ᠪᠣᠢ ᠪᠣᠯᠤᠭᠰᠠᠨ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠣᠲᠣᠷᠠᠬᠢ ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ ᠠᠴᠠ 70% ᠪᠠᠷ | ᠳᠠᠩᠰᠠᠨ ᠠᠴᠠ ᠲᠠᠶᠢᠯᠵᠤ᠂ ᠵᠠᠰᠠᠭ ᠤᠨ ᠣᠷᠳᠣᠨ ᠤ ᠠᠪᠤᠷᠠᠨ ᠲᠤᠰᠠᠯᠠᠬᠤ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢ ᠳᠠᠬᠢᠵᠤ ᠬᠦᠷᠲᠡᠬᠦ ᠦᠭᠡᠢ᠃ ᠡᠭᠦᠳᠡᠨ ᠡᠮᠨᠡᠯᠭᠡ ᠶᠢᠨ ᠡᠮ ᠨᠠᠶᠢᠷᠠᠭᠤᠯᠬᠤ ᠶᠢ ᠬᠦᠷᠲᠡᠵᠦ ᠪᠠᠶᠢᠭ᠎ᠠ | ᠡᠪᠡᠳᠴᠢᠲᠡᠨ ᠡᠩ ᠤᠨ ᠡᠭᠦᠳᠡᠨ ᠡᠮᠨᠡᠯᠭᠡ ᠶᠢᠨ ᠳᠣᠲᠣᠷ᠎ᠠ ᠠᠴᠠ ᠵᠣᠬᠢᠴᠠᠩᠭᠤᠶ ᠡᠮ ᠠᠪᠴᠤ ᠪᠣᠯᠬᠤ ᠦᠭᠡᠢ᠃ | ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠠᠰᠤᠭ ᠤᠨ ᠡᠩ ᠤᠨ ᠡᠭᠦᠳᠡᠨ ᠡᠮᠨᠡᠯᠭᠡ ᠳᠤ | ᠨᠢᠭᠡᠳᠦᠯᠲᠡᠶ ᠲᠥᠯᠥᠪᠯᠡᠬᠦ ᠳᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠪᠠᠶᠢᠩᠭᠤ ᠲᠣᠬᠢᠶᠠᠯᠳᠤᠳᠠᠭ | ᠡᠪᠡᠳᠴᠢᠨ᠂ ᠣᠯᠠᠨ ᠡᠭᠦᠰᠳᠡᠭ ᠡᠪᠡᠳᠴᠢᠨ ᠢ ᠡᠭᠦᠳᠡᠨ ᠡᠮᠨᠡᠯᠭᠡ ᠳᠤ ᠡᠮᠨᠡᠨ ᠵᠠᠰᠠᠬᠤ ᠶᠢ ᠬᠥᠲᠥᠯᠥᠨ ᠵᠢᠯᠣᠭᠤᠳᠴᠤ᠂ | 2019 ᠤᠨ 1 ᠳ᠋ᠦᠭᠡᠷ ᠰᠠᠷ᠎ᠠ ᠠᠴᠠ ᠡᠬᠢᠯᠡᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠳᠡᠭᠡ | ᠲᠣᠰᠬᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠲᠠᠰᠤᠭ︶ ᠶᠢᠨ ᠡᠭᠦᠳᠡᠨ ᠡᠮᠨᠡᠯᠭᠡ ᠳᠤ ᠡᠮᠨᠡᠭᠦᠯᠦᠭᠰᠡᠨ ᠤ ᠳᠠᠩᠰᠠ | ᠲᠠᠶᠢᠯᠬᠤ ᠬᠠᠷᠢᠴᠠᠯ ᠢ 80 % ᠳᠤ ᠬᠦᠷᠦᠭᠦᠯᠵᠦ᠂ ᠤᠷᠢᠳᠠᠪᠠᠷ ᠣᠨᠣᠰᠢᠯᠠᠨ ᠡᠮᠨᠡᠬᠦ᠂ ᠳᠠᠷᠠᠭ᠎ᠠ ᠨᠢ ᠵᠠᠷᠤᠳᠠᠯ | ᠲᠤᠰᠢᠶᠠᠬᠤ ᠪᠠ ᠣᠷᠣᠯᠠᠨ ᠭᠦᠢᠴᠡᠳᠬᠡᠵᠦ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ | ᠠᠰᠠᠭᠤᠯᠲᠠ᠄ ᠶᠠᠳᠠᠭᠤ ᠬᠦᠴᠢᠷᠳᠡᠯᠲᠡᠶ ᠬᠥᠮᠦᠨ ᠠᠮᠠ ᠬᠦᠨᠳᠦ ᠣᠨᠴᠠ ᠶᠡᠭᠡ ᠡᠪᠡᠳᠴᠢᠨ ᠳᠤ ᠨᠡᠷᠪᠡᠭᠳᠡᠭᠰᠡᠨ | ᠪᠠ ᠣᠨᠴᠠ ᠬᠦᠨᠳᠦ ᠪᠤᠰᠤ ᠡᠪᠡᠳᠴᠢᠨ ᠳᠤ ᠨᠡᠷᠪᠡᠭᠳᠡᠭᠡᠳ ᠡᠮᠨᠡᠯᠭᠡ ᠳᠤ ᠰᠠᠭᠤᠭᠰᠠᠨ ᠶᠠᠮᠠᠷ ᠶᠠᠮᠠᠷ ᠡᠮᠴᠢᠯᠡᠭᠡᠨ ᠤ | ᠪᠠᠲᠤᠯᠠᠭ᠎ᠠ ᠶᠢᠨ ᠲᠠᠯ᠎ᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠠᠪᠤᠭᠰᠠᠨ ᠪᠣᠶ︖ | ᠬᠠᠷᠢᠭᠤᠯᠲᠠ᠄ ᠨᠢᠭᠡ ᠳᠤ ᠬᠦᠨᠳᠦ ᠣᠨᠴᠠ ᠶᠡᠭᠡ ᠡᠪᠡᠳᠴᠢᠨ ᠡᠮᠭᠡᠭ ᠲᠠᠢ ᠶᠠᠳᠠᠭᠤ ᠬᠦᠴᠢᠷᠳᠡᠯᠲᠡᠶ | ᠡᠪᠡᠳᠴᠢᠲᠡᠨ ᠤ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ᠪᠦᠬᠦᠨ ᠢ ᠪᠠᠲᠤᠯᠠᠨ᠎ᠠ᠃ ᠬᠦᠨᠳᠦ ᠣᠨᠴᠠ | ᠶᠡᠭᠡ ᠡᠪᠡᠳᠴᠢᠨ ᠳᠤ ᠨᠡᠷᠪᠡᠭᠳᠡᠭᠰᠡᠨ ᠶᠠᠳᠠᠭᠤ ᠬᠦᠴᠢᠷᠳᠡᠯᠲᠡᠶ ᠡᠪᠡᠳᠴᠢᠲᠡᠨ ᠢ ᠡᠮᠨᠡᠯᠭᠡ ᠳᠤ ᠰᠠᠭᠤᠯᠭᠠᠨ | ᠡᠮᠨᠡᠭᠦᠯᠦᠭᠰᠡᠨ ᠪᠠᠶᠢᠪᠠᠯ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠬᠡᠯᠪᠠᠶᠢᠬᠦ ᠲᠥᠷᠥ ᠶᠢᠨ ᠪᠣᠳᠣᠯᠭ᠎ᠠ ᠪᠠᠷ | ᠳᠠᠩᠰᠠ ᠲᠠᠶᠢᠯᠤᠭᠰᠠᠨ ᠤ ᠳᠠᠷᠠᠭ᠎ᠠ᠂ ᠬᠦᠨᠳᠦ ᠡᠪᠡᠳᠴᠢᠨ ᠤ ᠳᠠᠭᠠᠳᠬᠠᠯ ᠤᠨ ᠳᠠᠩᠰᠠ ᠲᠠᠶᠢᠯᠬᠤ ᠶᠢᠨ ᠡᠬᠢᠯᠡᠵᠦ | ᠥᠭᠬᠦ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠬᠦᠨᠳᠦ ᠡᠪᠡᠳᠴᠢᠨ ᠤ ᠳᠠᠭᠠᠳᠬᠠᠯ ᠤᠨ ᠬᠡᠯᠪᠠᠶᠢᠬᠦ ᠲᠥᠷᠥ ᠶᠢᠨ | ᠪᠣᠳᠣᠯᠭ᠎ᠠ ︵ᠡᠮ ᠡᠮᠨᠡᠯᠭᠡ ᠶᠢᠨ ᠵᠠᠷᠤᠳᠠᠯ ᠨᠢᠭᠡ ᠤᠳᠠᠭ᠎ᠠ ᠪᠤᠶᠤ ᠨᠡᠶᠢᠲᠡ 15000 ᠲᠥᠭᠦᠷᠢᠭ ᠠᠴᠠ ᠳᠡᠭᠡᠭᠰᠢ︶ | ᠶᠢ ᠡᠬᠢᠯᠡᠭᠦᠯᠬᠦ ᠶᠢᠨ ᠬᠠᠮᠲᠤ ᠬᠤᠳᠠᠯᠳᠤᠭᠠᠨ ᠤ ᠡᠷᠡᠭᠦᠯ ᠮᠡᠨᠳᠦ ᠶᠢᠨ ᠨᠥᠬᠦᠪᠥᠷᠢ ᠳᠠᠭᠠᠳᠬᠠᠯ᠂ ᠡᠮ ᠡᠮᠨᠡᠯᠭᠡ ᠶᠢᠨ | ᠠᠪᠤᠷᠠᠨ ᠲᠤᠰᠠᠯᠠᠯᠲᠠ ᠵᠢᠴᠢ ᠬᠦᠨᠳᠦ ᠡᠪᠡᠳᠴᠢᠨ ᠤ ᠦᠨᠳᠦᠰᠦᠨ ᠵᠦᠶ᠋ᠯ ᠢ ᠪᠠᠲᠤᠯᠠᠬᠤ ᠪᠠᠲᠤᠯᠠᠭ᠎ᠠ ᠶᠢᠨ ᠰᠠᠭᠤᠷᠢ | ᠮᠥᠩᠭᠦ ᠶᠢ ᠪᠠᠲᠤᠯᠠᠵᠤ᠂ ᠶᠠᠳᠠᠭᠤ ᠬᠦᠴᠢᠷᠳᠡᠯᠲᠡᠶ ᠬᠥᠮᠦᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠡᠬᠢᠯᠡᠵᠦ ᠥᠭᠬᠦ ᠱᠤᠭᠤᠮ ᠢ ᠥᠪᠡᠰᠦᠪᠡᠨ ᠲᠤᠰᠢᠶᠠᠭᠰᠠᠨ ᠰᠠᠭᠤᠷᠢᠨ ᠳᠡᠭᠡᠷ᠎ᠡ᠂ ᠪᠣᠳᠠᠲᠠᠶ ᠳᠠᠩᠰᠠ ᠲᠠᠶᠢᠯᠬᠤ | ᠬᠠᠷᠢᠴᠠᠯ ᠢ 90 % ᠣᠷᠴᠢᠮ ᠳᠤ ᠬᠦᠷᠦᠭᠦᠯᠦᠨ᠎ᠡ᠃ ᠬᠤᠶᠠᠷ ᠲᠤ ᠬᠦᠨᠳᠦ ᠣᠨᠴᠠ ᠶᠡᠭᠡ ᠡᠪᠡᠳᠴᠢᠨ ᠡᠮᠭᠡᠭ ᠤᠨ | ᠪᠤᠰᠤ ᠶᠠᠳᠠᠭᠤ ᠬᠦᠴᠢᠷᠳᠡᠯᠲᠡᠶ ᠡᠪᠡᠳᠴᠢᠲᠡᠨ ᠤ ᠡᠮᠨᠡᠯᠭᠡ ᠳᠤ ᠰᠠᠭᠤᠵᠤ ᠡᠮᠨᠡᠭᠦᠯᠬᠦ ᠵᠠᠷᠤᠳᠠᠯ ᠢ ᠵᠦᠶ ᠵᠣᠬᠢᠰᠲᠠᠶ | ᠪᠠᠲᠤᠯᠠᠨ᠎ᠠ᠃ ᠪᠤᠰᠤᠳ ᠬᠦᠨᠳᠦ ᠡᠪᠡᠳᠴᠢᠨ᠂ ᠬᠦᠨᠳᠦ ᠡᠪᠡᠳᠴᠢᠨ ᠪᠤᠰᠤ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠡᠮᠨᠡᠯᠭᠡ ᠳᠤ ᠰᠠᠭᠤᠭᠰᠠᠨ ᠡᠪᠡᠳᠴᠢᠲᠡᠨ ᠳᠤ᠂ ᠠᠳᠠᠯᠢ ᠪᠤᠰᠤ ᠲᠡᠰ ᠤᠨ ᠡᠮᠴᠢᠯᠡᠭᠡᠨ ᠤ ᠪᠠᠶᠢᠭᠤᠯᠤᠮᠵᠢ ᠳᠤ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠬᠢᠯᠡᠵᠦ ᠲᠥᠯᠥᠬᠦ ᠱᠤᠭᠤᠮ ᠢ ᠪᠠᠭᠤᠷᠠᠭᠤᠯᠬᠤ᠂ ᠳᠠᠩᠰᠠ ᠲᠠᠶᠢᠯᠬᠤ | ᠬᠠᠷᠢᠴᠠᠯ ᠢ ᠳᠡᠭᠡᠭᠰᠢᠯᠡᠭᠦᠯᠬᠦ ᠬᠡᠯᠪᠠᠶᠢᠯᠲᠡ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠬᠤᠪᠢ ᠬᠥᠮᠦᠨ ᠤ | ᠤᠳᠠᠭ᠎ᠠ ᠪᠦᠷᠢ ᠶᠢᠨ ᠥᠪᠡᠰᠦᠪᠡᠨ ᠲᠤᠰᠢᠶᠠᠬᠤ ᠲᠣᠭᠲᠠᠭᠠᠯ ᠳᠤ ᠨᠡᠶᠢᠴᠡᠭᠰᠡᠨ ᠡᠮᠨᠡᠯᠭᠡ ᠳᠤ ᠰᠠᠭᠤᠭᠰᠠᠨ ᠵᠠᠷᠤᠳᠠᠯ ᠢ | ᠵᠣᠬᠢᠬᠤ ᠬᠡᠪᠴᠢᠶᠡᠨ ᠳᠤ ᠬᠢᠵᠠᠭᠠᠷᠯᠠᠨ᠎ᠠ᠃ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠰᠢᠶᠠᠨ ᠤ | ᠱᠠᠲᠤᠨ ᠤ ᠡᠮᠨᠡᠯᠭᠡ ᠶᠢᠨ ᠬᠤᠷᠢᠶ᠎ᠠ᠂ ᠬᠤᠲᠠ ᠶᠢᠨ ᠱᠠᠲᠤᠨ ᠤ ᠡᠮᠨᠡᠯᠭᠡ ᠶᠢᠨ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠱᠠᠲᠤ ᠵᠢᠴᠢ ᠣᠷᠣᠨ ᠤ ᠭᠠᠳᠠᠨᠠᠬᠢ ᠡᠮᠨᠡᠯᠭᠡ ᠶᠢᠨ ᠬᠤᠷᠢᠶ᠎ᠠ ᠳᠤ ᠰᠠᠭᠤᠵᠤ ᠡᠮᠨᠡᠭᠦᠯᠦᠭᠡᠳ᠂ ᠦᠨᠳᠦᠰᠦᠨ | ᠡᠮᠨᠡᠯᠭᠡ ᠶᠢᠨ ᠳᠠᠭᠠᠳᠬᠠᠯ ᠢᠶᠠᠷ ᠳᠠᠩᠰᠠ ᠲᠠᠶᠢᠯᠤᠭᠰᠠᠨ ᠤ ᠳᠠᠷᠠᠭ᠎ᠠ ᠶᠠᠳᠠᠭᠤ ᠬᠦᠴᠢᠷᠳᠡᠯᠲᠡᠶ ᠬᠥᠮᠦᠨ ᠥᠪᠡᠷᠲᠡᠭᠡᠨ | ᠡᠮᠨᠡᠯᠭᠡ ᠶᠢᠨ ᠦᠨᠳᠦᠰᠦᠨ ᠳᠠᠭᠠᠳᠬᠠᠯ ᠤᠨ ᠡᠬᠢᠯᠡᠵᠦ ᠲᠥᠯᠥᠬᠦ ᠱᠤᠭᠤᠮ ᠢ ᠲᠤᠰᠢᠶᠠᠭᠰᠠᠨ ᠰᠠᠭᠤᠷᠢᠨ ᠳᠡᠭᠡᠷ᠎ᠡ᠂ | ᠬᠤᠪᠢ ᠬᠥᠮᠦᠨ ᠤ ᠲᠣᠭᠲᠠᠭᠠᠯ ᠳᠤ ᠨᠡᠶᠢᠴᠡᠭᠰᠡᠨ ᠡᠮᠨᠡᠯᠭᠡ ᠳᠤ ᠰᠠᠭᠤᠭᠰᠠᠨ ᠵᠠᠷᠤᠳᠠᠯ ᠢ ᠥᠪᠡᠷᠲᠡᠭᠡᠨ ᠲᠥᠯᠥᠬᠦ | ᠳᠡᠭᠡᠷ᠎ᠡ ᠲᠠᠯ᠎ᠠ ᠶᠢᠨ ᠬᠢᠵᠠᠭᠠᠷᠯᠠᠭᠰᠠᠨ ᠲᠤᠭ᠎ᠠ ᠨᠢ ᠲᠣᠰ ᠲᠣᠰ 1000 ᠲᠥᠭᠦᠷᠢᠭ᠂ 2000 ᠲᠥᠭᠦᠷᠢᠭ᠂ | 3000 ᠲᠥᠭᠦᠷᠢᠭ᠂ 4000 ᠲᠥᠭᠦᠷᠢᠭ᠂ 5000 ᠲᠥᠭᠦᠷᠢᠭ ᠪᠠᠶᠢᠵᠤ᠂ ᠬᠡᠲᠦᠷᠡᠭᠰᠡᠨ ᠬᠡᠰᠡᠭ ᠤᠨ | ᠡᠮᠨᠡᠯᠭᠡ ᠶᠢᠨ ᠵᠠᠷᠤᠳᠠᠯ ᠢ ᠪᠠᠲᠤᠯᠠᠬᠤ ᠬᠡᠮᠵᠢᠶ᠎ᠡ ᠶᠢ 90 % ᠣᠷᠴᠢᠮ ᠳᠤ ᠬᠦᠷᠲᠡᠯ᠎ᠡ ᠪᠠᠲᠤᠯᠠᠬᠤ ᠬᠡᠷᠡᠭᠲᠡᠶ᠃ | ᠡᠭᠦᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ | ᠡᠪᠡᠳᠴᠢᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠳᠠᠩᠰᠠ ᠲᠠᠶᠢᠯᠬᠤ ᠬᠠᠷᠢᠴᠠᠯ ᠢ | ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠤᠪᠢ ᠬᠥᠮᠦᠨ ᠤ ᠥᠪᠡᠰᠦᠪᠡᠨ ᠲᠥᠯᠥᠬᠦ ᠵᠠᠷᠤᠳᠠᠯ ᠢ ᠳᠠᠭᠠᠭᠠᠵᠤ | ᠳᠠᠢᠯᠠᠬᠤ ᠬᠡᠪᠴᠢᠶᠡᠨ ᠳᠣᠲᠣᠷ᠎ᠠ ᠬᠢᠵᠠᠭᠠᠷᠯᠠᠬᠤ ᠶᠢ ᠦᠨᠡᠨ ᠬᠦ ᠪᠠᠲᠤᠯᠠᠨ᠎ᠠ᠃ ᠠᠳᠠᠯᠢ ᠪᠤᠰᠤ ᠲᠡᠰ ᠤᠨ | ᠡᠮᠴᠢᠯᠡᠭᠡᠨ ᠤ ᠪᠠᠶᠢᠭᠤᠯᠤᠮᠵᠢ ᠶᠢ ᠡᠮᠨᠡᠨ ᠵᠠᠰᠠᠬᠤ ᠳᠤ᠂ ᠬᠤᠪᠢ ᠬᠥᠮᠦᠨ ᠤ ᠥᠪᠡᠰᠦᠪᠡᠨ ᠥᠭᠬᠦ ᠳᠡᠭᠡᠷ᠎ᠡ ᠲᠠᠯ᠎ᠠ ᠶᠢᠨ | ᠬᠢᠵᠠᠭᠠᠷ ᠲᠤᠭ᠎ᠠ ᠶᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠮᠨᠡᠭᠦᠯᠬᠦ ᠬᠠᠮᠤᠭ ᠤᠨ ᠳᠡᠭᠡᠲᠦ ᠲᠡᠰ ᠤᠨ | ᠡᠮᠴᠢᠯᠡᠭᠡᠨ ᠤ ᠪᠠᠶᠢᠭᠤᠯᠤᠮᠵᠢ ᠶᠢᠨ ᠶᠣᠰᠣᠭᠠᠷ ᠲᠣᠭᠲᠠᠭᠠᠨ᠎ᠠ᠃ ᠡᠪᠡᠳᠴᠢᠲᠡᠨ ᠵᠢᠴᠢ ᠲᠡᠭᠦᠨ ᠤ ᠭᠡᠷ ᠪᠦᠯᠢ ᠶᠢᠨ | ᠬᠤᠪᠢ ᠬᠥᠮᠦᠨ ᠤ ᠦᠢᠯᠡ ᠠᠵᠢᠯᠯᠠᠭ᠎ᠠ ᠠᠴᠠ ᠪᠣᠯᠵᠤ ᠬᠡᠲᠦᠷᠡᠲᠡᠯ᠎ᠡ ᠡᠮᠨᠡᠭᠦᠯᠦᠭᠰᠡᠨ ᠠᠴᠠ ᠪᠣᠯᠵᠤ ᠡᠭᠦᠰᠦᠭᠰᠡᠨ ᠡᠮ | ᠡᠮᠨᠡᠯᠭᠡ ᠶᠢᠨ ᠵᠠᠷᠤᠳᠠᠯ ᠢ ᠡᠪᠡᠳᠴᠢᠲᠡᠨ ᠥᠪᠡᠰᠦᠪᠡᠨ ᠲᠥᠯᠥᠨ᠎ᠡ᠂ ᠡᠮᠴᠢᠯᠡᠭᠡᠨ ᠤ ᠪᠠᠶᠢᠭᠤᠯᠤᠮᠵᠢ ᠶᠢᠨ ᠵᠦᠶ ᠵᠣᠬᠢᠰ | ᠦᠭᠡᠢ ᠪᠠᠷ ᠪᠠᠶᠢᠴᠠᠭᠠᠬᠤ᠂ ᠵᠠᠰᠠᠬᠤ᠂ ᠡᠮ ᠬᠡᠷᠡᠭᠯᠡᠬᠦ ᠵᠡᠷᠭᠡ ᠠᠴᠠ ᠪᠣᠯᠵᠤ ᠬᠡᠲᠦᠷᠡᠲᠡᠯ᠎ᠡ ᠡᠮᠨᠡᠭᠦᠯᠦᠭᠰᠡᠨ ᠠᠴᠠ ᠪᠣᠯᠵᠤ | ᠡᠭᠦᠰᠦᠭᠰᠡᠨ ᠡᠮ ᠡᠮᠨᠡᠯᠭᠡ ᠶᠢᠨ ᠵᠠᠷᠤᠳᠠᠯ ᠢ ᠡᠮᠴᠢᠯᠡᠭᠡᠨ ᠤ ᠪᠠᠶᠢᠭᠤᠯᠤᠮᠵᠢ ᠡᠭᠦᠷᠭᠡᠯᠡᠵᠦ᠂ ᠪᠠᠲᠤᠯᠠᠭ᠎ᠠ ᠶᠢᠨ | ᠬᠡᠪᠴᠢᠶᠡᠨ ᠳᠤ ᠣᠷᠣᠭᠤᠯᠬᠤ ᠦᠭᠡᠢ᠃ | ᠠᠰᠠᠭᠤᠯᠲᠠ᠄ ᠮᠠᠨ ᠤ ᠰᠢᠶᠠᠨ ᠤ ᠬᠡᠰᠡᠭ ᠰᠠᠭᠤᠭᠠᠯᠢ ᠠᠷᠠᠳ ᠭᠠᠳᠠᠷ ᠣᠷᠣᠨ ᠳᠤ ᠣᠴᠢᠵᠤ ᠡᠮᠨᠡᠭᠦᠯᠦᠭᠰᠡᠨ | ᠪᠣᠯᠪᠠᠴᠤ ᠱᠠᠲᠤ ᠬᠤᠪᠢᠶᠠᠨ ᠣᠨᠣᠰᠢᠯᠠᠨ ᠡᠮᠨᠡᠬᠦ ᠪᠠ ᠰᠢᠯᠵᠢᠭᠦᠯᠦᠨ ᠡᠮᠨᠡᠭᠦᠯᠬᠦ ᠳᠠᠩᠰᠠᠯᠠᠯ ᠤᠨ ᠳᠦᠷᠢᠮ ᠢ | ᠭᠦᠢᠴᠡᠳᠬᠡᠭᠰᠡᠨ ᠦᠭᠡᠢ ᠪᠠᠶᠢᠳᠠᠯ ᠳᠤ ᠴᠢᠭᠯᠡᠭᠦᠯᠦᠨ᠂ ᠣᠯᠠᠨ ᠳᠤ ᠪᠣᠳᠠᠲᠠᠶ ᠲᠥᠷᠥ ᠶᠢᠨ ᠪᠣᠳᠣᠯᠭ᠎ᠠ ᠶᠢ ᠳᠠᠬᠢᠨ | ᠨᠠᠷᠢᠨ ᠲᠣᠳᠣᠷᠬᠠᠶ ᠲᠠᠶᠢᠯᠪᠤᠷᠢᠯᠠᠵᠤ ᠥᠭᠬᠦ ᠪᠣᠯᠪᠠᠤ᠃ | ᠬᠠᠷᠢᠭᠤᠯᠲᠠ᠄ ᠶᠠᠳᠠᠭᠤ ᠬᠦᠴᠢᠷᠳᠡᠯᠲᠡᠶ ᠡᠪᠡᠳᠴᠢᠲᠡᠨ ᠢ ᠠᠪᠤᠷᠠᠨ ᠵᠠᠰᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠶᠠᠳᠠᠭᠤ ᠬᠦᠴᠢᠷᠳᠡᠯᠲᠡᠶ ᠡᠪᠡᠳᠴᠢᠲᠡᠨ ᠤ ᠡᠪᠡᠳᠴᠢᠨ ᠦᠵᠡᠭᠦᠯᠵᠦ ᠣᠨᠣᠰᠢᠯᠠᠨ ᠡᠮᠨᠡᠬᠦ | ᠠᠵᠢᠯᠯᠠᠭ᠎ᠠ ᠶᠢ ᠵᠢᠷᠤᠮᠵᠢᠭᠤᠯᠵᠤ᠂ ᠡᠮᠴᠢᠯᠡᠭᠡᠨ ᠤ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠ᠂ ᠰᠢᠶᠠᠨ ᠤ | ᠬᠡᠪᠴᠢᠶᠡᠨ ᠳᠤ ᠡᠪᠡᠳᠴᠢᠨ ᠦᠵᠡᠭᠦᠯᠬᠦ ᠨᠣᠷᠮ᠎ᠠ ᠶᠢᠨ ᠳᠡᠭᠡᠭᠰᠢᠯᠡᠭᠦᠯᠵᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ | ᠪᠠᠲᠤᠯᠠᠭ᠎ᠠ ᠶᠢᠨ ᠪᠠᠯᠠ ᠮᠥᠩᠭᠦ ᠶᠢ ᠵᠦᠶ ᠵᠣᠬᠢᠰᠲᠠᠶ ᠠᠰᠢᠭᠯᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ | 2019 ᠣᠨ ᠳᠤ᠂ ᠮᠠᠨ ᠤ ᠰᠢᠶᠠᠨ ︽ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠡᠮᠴᠢᠯᠡᠭᠡᠨ ᠤ ᠪᠠᠲᠤᠯᠠᠭ᠎ᠠ ᠶᠢᠨ | ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠰᠠᠨᠠᠯ ᠤᠨ ᠮᠡᠳᠡᠭᠳᠡᠯ︾ ᠢ ᠨᠡᠶᠢᠲᠡᠯᠡᠵᠦ᠂ | ᠪᠢᠴᠢᠭ ᠮᠠᠲ᠋ᠧᠷᠢᠶᠠᠯ ᠳᠤ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠪᠠ ᠡᠮᠨᠡᠯᠭᠡ ᠰᠢᠯᠵᠢᠬᠦ ᠳᠠᠩᠰᠠᠯᠠᠯ ᠤᠨ | ᠳᠦᠷᠢᠮ ᠢ ᠴᠢᠩᠭ᠎ᠠ ᠨᠠᠢᠳᠠᠪᠤᠷᠢᠵᠢᠭᠤᠯᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠄ ᠰᠢᠶᠠᠨ ᠤ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠡᠮᠨᠡᠭᠦᠯᠬᠦ ᠴᠢᠬᠤᠯᠠᠲᠠᠶ ᠪᠠᠶᠢᠪᠠᠯ᠂ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ︵ᠭᠡᠷ ᠪᠦᠯᠢ ᠶᠢᠨ ᠭᠡᠷᠡᠲᠦ ᠤᠶᠢᠯᠡᠴᠢᠯᠡᠭᠡᠨ ᠤ ᠡᠮᠴᠢ︶ ᠠᠴᠠ ᠰᠢᠯᠵᠢᠭᠦᠯᠦᠨ ᠡᠮᠨᠡᠭᠦᠯᠬᠦ | ᠬᠠᠭᠤᠳᠠᠰᠤ ᠭᠠᠷᠭᠠᠵᠤ ᠥᠭᠭᠦᠨ᠎ᠡ᠃ ᠰᠢᠯᠵᠢᠭᠦᠯᠦᠨ ᠣᠨᠣᠰᠢᠯᠠᠭᠤᠯᠬᠤ ᠴᠢᠬᠤᠯᠠᠲᠠᠶ ᠠᠶᠢᠮᠠᠭ ᠬᠤᠲᠠ ᠵᠢᠴᠢ | ᠲᠡᠭᠦᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠯᠭᠡ ᠳᠤ ᠰᠠᠭᠤᠵᠤ ᠡᠮᠨᠡᠭᠦᠯᠬᠦ ᠴᠢᠬᠤᠯᠠᠲᠠᠶ | ᠪᠠᠶᠢᠪᠠᠯ᠂ ᠰᠢᠶᠠᠨ ᠤ ᠡᠮᠨᠡᠯᠭᠡ ᠶᠢᠨ ᠬᠤᠷᠢᠶ᠎ᠠ ︵ᠭᠡᠷ ᠪᠦᠯᠢ ᠶᠢᠨ ᠭᠡᠷᠡᠲᠦ ᠤᠶᠢᠯᠡᠴᠢᠯᠡᠭᠡᠨ ᠤ ᠡᠮᠴᠢ︶ ᠪᠠᠷ | ᠳᠠᠮᠵᠢᠭᠤᠯᠤᠨ ᠡᠮᠨᠡᠯᠭᠡ ᠰᠢᠯᠵᠢᠬᠦ ᠰᠠᠨᠠᠯ ᠭᠠᠷᠭᠠᠭᠤᠯᠬᠤ ᠶᠢᠨ ᠬᠠᠮᠲᠤ ᠠᠳᠠᠯᠢ ᠱᠠᠲᠤᠨ ᠤ ᠡᠮᠴᠢᠯᠡᠭᠡᠨ ᠤ | ᠳᠠᠭᠠᠳᠬᠠᠯ ᠤᠨ ᠰᠠᠯᠠᠭ᠎ᠠ ᠮᠥᠴᠢᠷ ᠲᠤ ᠳᠠᠩᠰᠠᠯᠠᠭᠤᠯᠬᠤ ᠬᠡᠷᠡᠭᠲᠡᠶ᠂ ᠰᠢᠯᠵᠢᠭᠦᠯᠦᠨ ᠣᠨᠣᠰᠢᠯᠠᠬᠤ ᠶᠢᠨ | ᠳᠠᠩᠰᠠᠯᠠᠭᠤᠯᠬᠤ ᠭᠠᠷᠳᠠᠮ ᠢ ᠭᠦᠶ᠋ᠴᠡᠳᠬᠡᠭᠰᠡᠨ ᠦᠭᠡᠢ ᠪᠠᠷ ᠥᠪᠡᠷ ᠢᠶᠠᠷ ᠠᠶᠢᠮᠠᠭ ᠬᠤᠲᠠ ᠶᠢᠨ ᠱᠠᠲᠤᠨ ᠠᠴᠠ | ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠦᠭᠰᠡᠨ ᠪᠠᠶᠢᠪᠠᠯ᠂ ᠳᠠᠩᠰᠠ ᠲᠠᠶᠢᠯᠬᠤ ᠬᠠᠷᠢᠴᠠᠯ ᠢ | 5 % ᠪᠠᠷ ᠪᠠᠭᠤᠷᠠᠭᠤᠯᠵᠤ᠂ ᠵᠠᠰᠠᠭ ᠤᠨ ᠣᠷᠳᠣᠨ ᠤ ᠡᠷᠡᠭᠦᠯ ᠢᠶᠠᠷ ᠶᠠᠳᠠᠭᠤ ᠶᠢ ᠲᠡᠳᠬᠦᠬᠦ ᠡᠮᠴᠢᠯᠡᠭᠡᠨ ᠤ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠳᠠᠬᠢᠵᠤ ᠬᠦᠷᠲᠡᠬᠦ ᠥᠬᠡᠶ᠃ | | ᠨᠡᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |