ᠰᠤᠷᠤᠯᠴᠠᠨ ᠰᠢᠨ᠎ᠡ ᠶᠢ ᠡᠭᠦᠳᠬᠦ ᠠᠵᠢᠯ ᠢ ᠴᠢᠩᠭᠠᠳᠬᠠᠵᠤ ᠬᠢᠨᠠᠨ ᠪᠤᠳᠤᠬᠤ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ
ᠨᠡᠶᠢᠲᠡᠯᠡᠭᠰᠡᠨ ᠴᠠᠭ᠄
2020-01-13
    ︽ᠭᠤᠷᠪᠠᠨ ᠬᠤᠷᠠᠯ ᠨᠢᠭᠡ ᠬᠢᠴᠢᠶᠡᠯ︾ ᠤᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠰᠤᠷᠤᠯᠴᠠᠬᠤ ᠬᠡᠯᠪᠡᠷ ᠶᠢᠨ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠤᠯᠠᠮ ᠨᠢᠭᠡ ᠠᠯᠬᠤᠮ  ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠵᠢᠱᠢᠶᠡᠴᠢ ᠳᠠᠭᠠᠭᠤᠯᠬᠤ  ᠤᠶᠢᠯᠡᠳᠤᠯ ᠢ ᠦᠨᠡᠨ ᠬᠦ  ᠪᠠᠳᠠᠷᠠᠭᠤᠯᠬᠤ ᠶᠢᠨ ᠲᠥᠯᠥᠭᠡ᠂ 2020 ᠣᠨ ᠤ ᠰᠢᠨ᠎ᠡ ᠵᠢᠯ ᠤᠨ ᠡᠬᠢᠨ ᠳᠤ᠂ ᠵᠦᠸᠧᠽᠢ ᠰᠢᠶᠠᠨ ᠤ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠡᠭᠦᠷ ᠪᠠ ᠪᠥᠬᠦ ᠺᠠᠳ᠋ᠷᠴᠤᠳ ᠠᠩᠬᠠᠳᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠳᠡᠭᠡᠷ᠎ᠡ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠵᠢᠶᠦ᠋ᠨ ᠫᠢᠩ ︽ᠰᠢᠨ᠎ᠡ  ᠪᠠᠶᠢᠳᠠᠯ ᠤᠨ ᠳᠣᠤᠷ᠎ᠠ ᠬᠢᠨᠠᠨ ᠪᠤᠳᠤᠬᠤ ᠠᠵᠢᠯ ᠢ ᠬᠡᠷᠬᠢᠨ ᠰᠠᠶᠢᠲᠤᠷ ᠬᠢᠬᠦ︾ ᠪᠠᠷ ᠭᠤᠤᠯ ᠰᠡᠳᠦᠪ ᠪᠣᠯᠭᠠᠵᠤ᠂ ᠠᠮᠢᠳᠤ  ᠴᠤᠪᠤᠭᠤᠯᠢᠭ ᠨᠠᠮ ᠤᠨ ᠬᠢᠴᠢᠶᠡᠯ ᠢ ᠶᠠᠷᠢᠵᠠᠶ᠃    ᠬᠤᠷᠠᠯ ᠳᠡᠭᠡᠷ᠎ᠡ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠵᠢᠶᠦ᠋ᠨ ᠫᠢᠩ 2020 ᠣᠨ ᠳᠤ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠬᠢᠨᠠᠨ ᠪᠤᠳᠤᠬᠤ ᠠᠵᠢᠯ ᠤᠨ ᠬᠤᠷᠠᠯ ᠳᠡᠭᠡᠷ᠎ᠡ  ᠬᠢᠨᠠᠨ ᠪᠤᠳᠤᠬᠤ ᠠᠵᠢᠯ ᠤᠨ ᠲᠤᠬᠠᠶ ᠵᠢᠭᠠᠪᠤᠷᠢ ᠪᠣᠯᠤᠨ ᠪᠥᠬᠦ ᠤᠯᠤᠰ ᠤᠨ ᠬᠢᠨᠠᠨ ᠪᠤᠳᠤᠬᠤ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠳᠤᠮᠳᠠᠳᠤ ᠤᠯᠤᠰ ᠤᠨ ᠬᠢᠨᠠᠨ ᠪᠤᠳᠤᠬᠤ ᠬᠥᠭᠵᠢᠯᠲᠡ ᠶᠢᠨ ᠲᠡᠤᠬᠡ ᠠᠴᠠ ᠣᠳᠣᠬᠢ ᠪᠠᠶᠢᠳᠠᠯ ᠪᠣᠯᠤᠨ ᠣᠲᠣ ᠶᠢᠨ ᠪᠠᠶᠢᠭᠤᠯᠤᠮᠵᠢ ᠶᠢᠨ ᠲᠣᠬᠢᠷᠠᠭᠤᠯᠤᠯᠲᠠ ᠪᠣᠯᠤᠨ ᠠᠵᠢᠯᠲᠠᠨ ᠤ ᠲᠣᠬᠢᠷᠠᠭᠤᠯᠤᠯᠲᠠ ᠶᠢᠨ  ᠪᠠᠶᠢᠳᠠᠯ ᠢ ᠶᠠᠷᠢᠵᠤ᠂ ᠳᠠᠷᠠᠭ᠎ᠠ ᠨᠢ 2020 ᠣᠨ ᠤ ᠪᠥᠬᠦ ᠤᠯᠤᠰ ᠤᠨ ᠬᠢᠨᠠᠨ ᠪᠤᠳᠤᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠪᠣᠯᠤᠨ ᠡᠨᠡ ᠵᠢᠯ ᠤᠨ 7  ᠵᠦᠢᠯ ᠤᠨ ᠭᠤᠤᠯᠳᠠᠯᠭ᠎ᠠ ᠲᠠᠢ ᠠᠵᠢᠯ ᠢ ᠤᠯᠠᠮᠵᠢᠯᠠᠪᠠ᠃ ᠬᠢᠨᠠᠨ ᠪᠤᠳᠤᠬᠤ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢᠨ ᠲᠤᠬᠠᠶ ᠶᠠᠷᠢᠬᠤ ᠳᠠᠭᠠᠨ᠂ ᠬᠢᠨᠠᠨ ᠪᠤᠳᠤᠬᠤ ᠠᠵᠢᠯᠲᠠᠨ ᠨᠢᠭᠡᠪᠦᠷᠢ ︽ ᠨᠠᠢᠮᠠ ᠶᠢ ᠥᠯᠥ ᠵᠥᠪᠰᠢᠶᠡᠷᠡᠬᠦ︾ ᠪᠠ ︽ᠳᠥᠷᠪᠡ ᠶᠢ ᠴᠢᠩᠭ᠎ᠠ ᠴᠠᠭᠠᠵᠠᠯᠠᠬᠤ︾ ᠶᠢ  ᠪᠡᠶᠡᠯᠡᠭᠦᠯᠵᠦ᠂ ︽ᠦᠨᠡᠨᠴᠢ ᠰᠢᠳᠤᠷᠭᠤ ᠪᠠᠶᠢᠬᠤ ᠨᠡᠷ᠎ᠡ ᠪᠠᠷ᠂ ᠬᠠᠤᠯᠢ ᠶᠢ ᠡᠷᠬᠢᠮᠯᠡᠨ ᠦᠨᠡᠨ ᠢ ᠪᠠᠷᠢᠮᠲᠠᠯᠠᠬᠤ᠂ ᠲᠥᠪ ᠭᠤᠤᠯᠴᠢ ᠠᠷᠢᠭᠤᠨ ᠴᠢᠬᠡᠴᠢ ᠪᠠᠶᠢᠬᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ︾ ᠬᠢᠨᠠᠨ ᠪᠤᠳᠤᠬᠤ ᠵᠣᠷᠢᠭ ᠰᠠᠨᠠᠭ᠎ᠠ ᠪᠠᠷ ᠠᠵᠢᠯ ᠢᠶᠠᠨ ᠪᠦᠲᠦᠭᠡᠯᠴᠢ ᠪᠠᠷ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃    ᠬᠠᠮᠤᠭ ᠰᠡᠬᠦᠯ ᠳᠤ᠂ ᠲᠣᠪᠴᠢᠶᠠᠨ ᠳᠠᠷᠤᠭ᠎ᠠ ᠵᠠᠩ ᠵᠢᠶᠦ᠋ᠨ ᠫᠢᠩ᠂ ᠡᠨᠡ ᠵᠢᠯ ᠤᠨ ᠪᠠᠶᠢᠭᠤᠯᠭ᠎ᠠ ᠶᠢᠨ ᠲᠦᠪᠯᠡᠷᠡᠭᠦᠯᠦᠨ ᠰᠤᠷᠤᠯᠴᠠᠯᠭ᠎ᠠ ᠨᠢ ᠰᠤᠷᠤᠯᠴᠠᠬᠤ ᠬᠡᠯᠪᠡᠷᠢ ᠪᠠᠨ ᠬᠤᠪᠢᠷᠠᠭᠤᠯᠵᠤ᠂ ᠲᠣᠪᠴᠢᠶᠠᠨ ᠤ ᠪᠠᠭ ᠤᠨ ᠪᠦᠷᠢᠯᠳᠦᠬᠦᠨ ᠪᠠ  ᠵᠠᠩᠭᠢᠯᠭ᠎ᠠ ᠶᠢᠨ ᠺᠠᠳ᠋ᠷ ᠡᠭᠡᠯᠵᠢᠯᠡᠨ ᠨᠠᠮ ᠤᠨ ᠬᠢᠴᠢᠶᠡᠯ ᠣᠷᠣᠵᠤ᠂ ︽ᠭᠤᠷᠪᠠ ᠶᠢ ᠰᠤᠷᠤᠯᠴᠠᠬᠤ ︾ ᠠᠵᠢᠯᠯᠠᠭ᠎ᠠ ︽ᠤᠯᠤᠰ ᠲᠦᠷᠦ ᠶᠢ ᠰᠤᠷᠤᠯᠴᠠᠬᠤ᠂ ᠲᠤᠬᠠᠶᠢᠯᠠᠭᠰᠠᠨ ᠠᠵᠢᠯ ᠢ ᠰᠤᠷᠤᠯᠴᠠᠬᠤ᠂ ᠬᠠᠤᠯᠢ ᠴᠠᠭᠠᠵᠠ ᠶᠢ ᠰᠤᠷᠤᠯᠴᠠᠬᠤ︾ ᠶᠢ ᠪᠦᠬᠦ ᠲᠠᠯ᠎ᠠ ᠶᠢᠨ ᠠᠵᠢᠯ ᠤᠨ ᠶᠠᠪᠤᠴᠠ ᠳᠤ ᠲᠤᠤᠱᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃                                           ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2