1 ᠰᠠᠷ᠎ᠠ ᠶᠢᠨ 9 ᠤ ᠡᠳᠦᠷ ᠠᠴᠠ 11 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ | ᠰᠢᠶᠤᠤ ᠵᠢᠶᠦ᠋ᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ | ᠶᠢᠩ ᠵᠦᠸᠧᠽᠢ ᠰᠢᠶᠠᠨ ᠤ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ ᠪᠡᠭᠡᠵᠢᠩ ᠬᠤᠲᠠ ᠶᠢᠨ | ᠴᠤᠤᠶᠠᠩ ᠲᠣᠭᠤᠷᠢᠭ ᠲᠤ ᠬᠦᠷᠴᠦ ᠰᠢᠨᠵᠢᠯᠡᠨ ᠪᠠᠶᠢᠴᠠᠭᠠᠵᠤ ᠰᠣᠯᠢᠯᠴᠠᠭ᠎ᠠ ᠬᠢᠵᠦ᠂ ᠪᠡᠭᠡᠵᠢᠩ ᠥᠪᠥᠷ ᠮᠣᠩᠭᠤᠯ ᠤᠨ | ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠢ ᠵᠣᠯᠭᠠᠭᠤᠯᠪᠠ᠃ | | | ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠲᠥᠯᠥᠭᠡᠯᠡᠭᠴᠢᠳ ᠤᠨ ᠪᠦᠯᠬᠦᠮ ᠤᠷᠢᠳ ᠬᠤᠵᠢᠳ ᠴᠤᠤᠶᠠᠩ | ᠲᠣᠭᠤᠷᠢᠭ ᠤᠨ ᠬᠡᠰᠡᠭ ᠵᠡᠭᠡᠯᠢ ᠭᠤᠳᠤᠮᠵᠢ᠂ ᠰᠢᠶᠠᠩ ᠪᠠᠯᠭᠠᠰᠤ᠂ ᠠᠵᠢᠯ ᠲᠦᠷᠦᠯ ᠤᠨ ᠰᠠᠯᠠᠭ᠎ᠠ ᠮᠥᠴᠢᠷ ᠪᠠ ᠳ᠋ᠧ ᠴᠢᠩ | ᠶᠤᠸᠠᠨ ᠺᠤᠮᠫᠠᠨᠢ ᠶᠢᠨ ᠶᠡᠷᠦᠩᠬᠡᠢ ᠬᠡᠯᠲᠡᠰ ᠢ ᠰᠤᠷᠪᠤᠯᠵᠢᠯᠠᠵᠤ᠂ ᠬᠤᠯᠪᠣᠭᠳᠠᠯ ᠪᠦᠬᠦᠢ ᠬᠠᠮᠵᠢᠯᠴᠠᠨ ᠠᠵᠢᠯᠯᠠᠬᠤ ᠨᠢᠭᠡᠴᠢ ᠶᠢᠨ | ᠭᠤᠣᠯ ᠬᠠᠷᠢᠭᠤᠴᠠᠯᠭᠠᠲᠠᠨ ᠨᠥᠬᠦᠳ ᠲᠠᠢ ᠠᠭᠤᠯᠵᠠᠵᠠᠢ᠃ ᠴᠤᠤᠶᠠᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ | ᠬᠤᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠸᠡᠩ ᠰᠢᠶᠡᠨ᠂ | ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ ᠰᠢᠤᠢ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠦ ᠱᠧᠩ | ᠵᠦᠸᠧᠽᠢ ᠰᠢᠶᠠᠨ ᠤ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠲᠠᠢ ᠠᠭᠤᠯᠵᠠᠭᠰᠠᠨ ᠪᠥᠭᠡᠳ | ᠲᠥᠯᠥᠭᠡᠯᠡᠭᠴᠢᠳ ᠤᠨ ᠪᠦᠯᠬᠦᠮ ᠲᠠᠢ ᠶᠠᠷᠢᠯᠴᠠᠪᠠ᠃ | | | ᠶᠠᠷᠢᠯᠴᠠᠬᠤ ᠬᠤᠷᠠᠯ ᠳᠡᠭᠡᠷ᠎ᠡ᠂ ᠸᠡᠩ ᠰᠢᠶᠡᠨ ᠳᠠᠷᠤᠭ᠎ᠠ ᠴᠤᠤᠶᠠᠩ ᠲᠣᠭᠤᠷᠢᠭ ᠤᠨ ᠳᠥᠷᠪᠡᠨ ᠶᠡᠭᠡ ᠪᠠᠭ ᠢ | ᠲᠥᠯᠥᠭᠡᠯᠡᠨ ᠵᠦᠸᠧᠽᠢ ᠰᠢᠶᠠᠨ ᠤ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠠᠶᠢᠯᠴᠢᠯᠠᠷ᠎ᠠ ᠢᠷᠡᠭᠰᠡᠨ ᠢ | ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠵᠦᠸᠧᠽᠢ ᠶᠢᠨ ᠶᠠᠳᠠᠭᠤ ᠠᠴᠠ ᠠᠩᠭᠢᠵᠢᠷᠠᠭᠤᠯᠬᠤ ᠰᠢᠯᠭᠠᠯᠲᠠ ᠶᠢ | ᠤᠷᠤᠭᠰᠢᠲᠠᠶ ᠬᠦᠯᠢᠶᠡᠭᠰᠡᠨ ᠳᠤ ᠴᠢᠩ ᠰᠡᠳᠬᠢᠯ ᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠲᠡᠷᠡ᠂ ᠴᠤᠤᠶᠠᠩ | ᠲᠣᠭᠤᠷᠢᠭ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠶᠠᠳᠠᠭᠤ ᠶᠢ ᠳᠡᠳᠬᠦᠬᠦ ᠬᠠᠮᠵᠢᠯᠴᠠᠭ᠎ᠠ ᠶᠢᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠠᠮᠵᠢᠯᠴᠠᠬᠤ ᠠᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠬᠤᠶᠠᠷ ᠭᠠᠵᠠᠷ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ ᠭᠡᠪᠡ᠃ | | | | | ᠸᠠᠩ ᠰᠢᠶᠤᠤ ᠵᠢᠶᠦ᠋ᠨ ᠱᠦᠵᠢ ᠵᠦᠸᠧᠽᠢ ᠶᠢᠨ 20 ᠲᠦᠮᠡᠨ ᠺᠠᠳ᠋ᠷ ᠣᠯᠠᠨ ᠲᠦᠮᠡᠨ ᠢ ᠲᠥᠯᠥᠭᠡᠯᠡᠨ ᠴᠤᠤᠶᠠᠩ | ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠷᠳᠣ ᠬᠤᠭᠤᠴᠠᠭᠠᠨ ᠤ ᠲᠤᠷᠰᠢᠬᠢ ᠭᠤᠶᠠᠴᠢ ᠥᠬᠡᠶ | ᠲᠤᠰᠠᠯᠠᠮᠵᠢ᠂ ᠬᠠᠯᠠᠭᠤᠨ ᠰᠡᠳᠬᠢᠯ ᠤᠨ ᠦᠷᠡᠭᠳᠡᠯ ᠭᠠᠷᠭᠠᠭᠰᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠶ᠃ | ᠲᠡᠷᠡ᠂ ᠴᠤᠤ ᠵᠦᠸᠧ ᠶᠠᠳᠠᠭᠤ ᠶᠢ ᠲᠡᠳᠬᠦᠬᠦ ᠬᠠᠮᠵᠢᠯᠴᠠᠭ᠎ᠠ ᠡᠬᠢᠯᠡᠭᠰᠡᠨ ᠠᠴᠠ ᠨᠠᠰᠢ᠂ ᠴᠤᠤᠶᠠᠩ ᠲᠣᠭᠤᠷᠢᠭ ᠤᠨ ᠦᠨᠡᠨ | ᠶᠠᠳᠠᠭᠤ ᠶᠢ ᠲᠡᠳᠬᠦᠵᠦ᠂ ᠰᠡᠳᠬᠢᠯ ᠲᠠᠯᠪᠢᠨ ᠬᠦᠴᠦ ᠣᠷᠣᠭᠤᠯᠤᠨ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠵᠡᠢ᠃ | ᠪᠦᠬᠦ ᠰᠢᠶᠠᠨ ᠤ ᠺᠠᠳ᠋ᠷ ᠤᠯᠠᠨ ᠲᠦᠮᠡᠨ ᠤ ᠠᠯᠢ ᠨᠢ ᠴᠦ ᠭᠡᠳ ᠴᠤᠤᠶᠠᠩ ᠲᠣᠭᠤᠷᠢᠭ ᠲᠤ ᠲᠠᠯᠠᠷᠬᠠᠯ ᠤᠨ ᠰᠡᠳᠬᠢᠯᠭᠡ ᠪᠠᠷ | ᠪᠢᠯᠬᠠᠮ᠎ᠠ ᠪᠠᠶᠢᠵᠤ᠂ ᠴᠤᠤᠶᠠᠩ ᠲᠣᠭᠤᠷᠢᠭ ᠤᠨ ᠬᠢᠨ ᠶᠠᠳᠠᠭᠤ ᠠᠴᠠ ᠠᠩᠭᠢᠵᠢᠷᠠᠭᠤᠯᠬᠤ ᠬᠠᠮᠤᠭ ᠤᠨ ᠵᠠᠩᠭᠢᠯᠠᠭ᠎ᠠ ᠶᠢᠨ | ᠦᠶ᠎ᠡ ᠳᠤ ᠠᠯᠢ ᠤᠯᠠᠨ ᠬᠦᠴᠢᠷ ᠪᠡᠷᠬᠡᠰᠢᠶᠡᠯ ᠢ ᠢᠯᠠᠨ ᠳᠠᠪᠠᠵᠤ ᠴᠢᠷᠮᠡᠶᠢᠭᠰᠡᠨ ᠬᠠᠪᠰᠤᠷᠤᠯᠭ᠎ᠠ ᠶᠢ ᠨᠡᠩ ᠴᠤ ᠮᠠᠷᠲᠠᠬᠤ | ᠦᠭᠡᠢ ᠶᠤᠮ᠃ 3 ᠵᠢᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠨᠢ ᠴᠤᠤ ᠵᠦᠸᠧ ᠬᠤᠶᠠᠷ ᠭᠠᠵᠠᠷ ᠤᠨ ᠺᠠᠳ᠋ᠷ ᠢ ᠭᠦᠨ | ᠵᠤᠵᠠᠭᠠᠨ ᠨᠥᠬᠦᠷᠯᠡᠯ ᠲᠠᠢ ᠪᠣᠯᠭᠠᠭᠰᠠᠨ ᠢᠶᠠᠷ ᠪᠠᠷᠠᠬᠤ ᠦᠭᠡᠢ᠂ ᠬᠤᠶᠠᠷ ᠭᠠᠵᠠᠷ ᠤᠨ ᠤᠯᠠᠨ ᠲᠦᠮᠡᠨ ᠴᠦ ᠶᠠᠳᠠᠭᠤ ᠶᠢ | ᠳᠡᠳᠬᠦᠬᠦ ᠬᠠᠮᠵᠢᠯᠴᠠᠭ᠎ᠠ ᠠᠴᠠ ᠪᠤᠯᠵᠤ ᠨᠢᠭᠡ ᠭᠡᠷ ᠤᠨ ᠬᠥᠮᠦᠨ ᠮᠡᠲᠦ ᠳᠣᠲᠣᠨᠣ ᠪᠣᠯᠵᠠᠢ᠃ ᠴᠤᠤᠶᠠᠩ ᠲᠣᠭᠤᠷᠢᠭ ᠤᠨ | ᠲᠤᠰᠠᠯᠠᠭᠰᠠᠨ ᠰᠠᠭᠤᠷᠢ ᠲᠥᠬᠦᠭᠡᠷᠦᠮᠵᠢ᠂ ᠶᠠᠳᠠᠭᠤ ᠶᠢ ᠲᠡᠳᠬᠦᠬᠦ ᠲᠥᠷᠥᠯ ᠵᠦᠢᠯ ᠪᠣᠯᠤᠨ ᠠᠷᠠᠳ ᠤᠨ ᠠᠮᠢᠳᠤᠷᠠᠯ ᠤᠨ | ᠢᠨᠵᠧᠨᠧᠷᠢᠩ ᠳᠤ ᠪᠡᠯᠡ ᠣᠷᠣᠭᠤᠯᠤᠭᠰᠠᠨ ᠪᠦᠭᠡᠳ ᠣᠯᠠᠨ ᠲᠦᠮᠡᠨ ᠳᠤ ᠪᠣᠳᠠᠲᠠᠶ ᠠᠰᠢᠭ ᠬᠦᠷᠲᠡ ᠡᠯ᠎ᠡ | ᠲᠠᠯ᠎ᠠ ᠶᠢᠨ ᠬᠢᠨ ᠤ ᠠᠮᠢᠳᠤᠷᠠᠯ ᠢ ᠬᠤᠪᠢᠷᠠᠭᠤᠯᠵᠠᠶ᠃ | | | | | ᠯᠢ ᠶᠢᠩ ᠰᠢᠶᠠᠨ ᠤ ᠳᠠᠷᠤᠭ᠎ᠠ ᠥᠩᠭᠡᠷᠡᠭᠰᠡᠨ ᠨᠢᠭᠡ ᠵᠢᠯ ᠤᠨ ᠪᠡᠭᠡᠵᠢᠩ ᠥᠪᠥᠷ ᠮᠣᠩᠭᠤᠯ ᠤᠨ ᠡᠯ᠎ᠡ ᠵᠦᠢᠯ ᠤᠨ | ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠨᠠᠷᠢᠨ ᠮᠡᠳᠡᠭᠦᠯᠪᠡ︔ | ᠵᠦᠸᠧᠽᠢ ᠰᠢᠶᠠᠨ ᠤ ᠴᠤᠤᠶᠠᠩ ᠲᠣᠭᠤᠷᠢᠭ ᠤᠨ ᠬᠦᠴᠦᠲᠡᠶ ᠳᠡᠮᠵᠢᠯᠭᠡ ᠳᠣᠤᠷ᠎ᠠ ᠥᠪᠡᠷᠲᠡᠭᠡᠨ ᠵᠠᠰᠠᠬᠤ ᠣᠷᠣᠨ ᠤ | ᠭᠤᠷᠪᠠᠳᠤᠭᠠᠷ ᠡᠲᠡᠭᠡᠳ ᠤᠨ ᠦᠨᠡᠯᠡᠨ ᠵᠢᠱᠢᠵᠦ ᠰᠢᠯᠭᠠᠨ ᠠᠪᠤᠭᠰᠠᠨ ᠴᠢᠬᠤᠯᠠ ᠪᠠᠶᠠᠷ ᠤᠨ ᠴᠢᠮᠡᠭᠡ ᠶᠢ ᠤᠷᠤᠭᠰᠢᠲᠠᠶ | ᠬᠦᠯᠢᠶᠡᠨ ᠠᠪᠴᠠᠶ᠃ ᠲᠡᠷᠡ ᠢᠯᠡᠷᠬᠡᠶᠢᠯᠡᠬᠦ ᠳᠡᠭᠡᠨ᠂ 2020 ᠤᠨ ᠪᠣᠯ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠴᠢᠨᠡᠭᠡᠯᠢᠭ ᠨᠡᠶᠢᠭᠡᠮ ᠢ ᠪᠥᠬᠦ | ᠲᠠᠯ᠎ᠠ ᠪᠠᠷ ᠪᠡᠶᠡᠯᠡᠭᠦᠯᠬᠦ ᠶᠢᠨ ᠰᠡᠭᠦᠯ ᠬᠤᠷᠢᠶᠠᠬᠤ ᠴᠠᠭ ᠮᠥᠨ᠂ ᠴᠤᠤᠶᠠᠩ ᠲᠣᠭᠤᠷᠢᠭ ᠤᠨ ᠬᠢᠨ ᠦᠷᠭᠦᠯᠵᠢᠯᠡᠨ ︽ᠤᠷᠠᠨ | ᠭᠠᠷ︾ ᠶᠠᠳᠠᠭᠤ ᠶᠢ ᠲᠡᠳᠬᠦᠬᠦ ᠤᠶᠢᠯᠡᠳᠪᠦᠷᠢ ᠶᠢᠨ ᠲᠠᠰᠤᠭ ᠵᠡᠷᠭᠡ ᠠᠵᠤ ᠤᠶᠢᠯᠡᠰ ᠤᠨ ᠲᠥᠷᠥᠯ ᠵᠦᠶ᠋ᠯ ᠳᠤ | ᠦᠷᠭᠦᠯᠵᠢᠯᠡᠨ ᠭᠦᠨᠵᠡᠭᠡᠢ ᠬᠠᠮᠲᠤᠷᠠᠯᠴᠠᠵᠤ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠵᠠᠯᠭᠠᠮᠵᠢ ᠠᠵᠤ | ᠤᠶᠢᠯᠡᠰ ᠤᠨ ᠬᠥᠭᠵᠢᠯᠲᠡ ᠳᠤ ᠨᠠᠩ ᠶᠡᠭᠡ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ᠃ ᠬᠡᠷᠡᠭᠯᠡᠭᠡᠨ ᠢᠶᠠᠷ ᠶᠠᠳᠠᠭᠤ ᠶᠢ | ᠲᠡᠳᠬᠦᠬᠦ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ︽ᠵᠠᠬᠢᠶᠠᠯᠠᠭ᠎ᠠ ᠶᠢᠨ ᠮᠠᠶ᠋ᠢᠭ︾ ᠤᠨ ᠨᠠᠷᠢᠯᠢᠭ ᠤᠨᠤᠪᠴᠢᠲᠠᠢ ᠪᠠᠷ | ᠬᠠᠩᠭᠠᠬᠤ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ︔ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠨᠡᠶᠢᠭᠡᠮ ᠤᠨ | ᠤᠶᠢᠯᠡᠰ ᠤᠨ ᠬᠥᠭᠵᠢᠯᠲᠡ ᠪᠠ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠲᠥᠯᠥᠪᠵᠢᠭᠦᠯᠭᠡ ᠶᠢ ᠲᠡᠭᠦᠯᠳᠡᠷᠵᠢᠭᠦᠯᠬᠦ | ᠲᠠᠯ᠎ᠠ ᠪᠠᠷ ᠨᠡᠩ ᠤᠯᠠᠨ ᠬᠠᠪᠰᠤᠷᠤᠯᠭ᠎ᠠ ᠦᠵᠡᠭᠦᠯᠦᠨ᠎ᠡ᠃ ᠡᠭᠦᠨ ᠤ ᠬᠠᠮᠲᠤ᠂ ᠵᠦᠸᠧᠽᠢ ᠨᠡᠶᠢᠰᠯᠡᠯ ᠤᠨ ᠬᠥᠭᠵᠢᠯᠲᠡ ᠳᠤ | ᠦᠢᠯᠡᠴᠢᠯᠡᠬᠦ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠬᠦ ᠪᠤᠯᠤᠨ᠎ᠠ᠃ | ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠡᠯ᠎ᠡ ᠰᠢᠶᠠᠩ ᠪᠠᠯᠭᠠᠰᠤ ᠰᠠᠨᠠᠭᠠᠴᠢᠯᠠᠭ᠎ᠠ ᠠᠴᠠ ᠪᠠᠨ ᠬᠠᠷᠠᠭᠤᠯᠤᠭᠰᠠᠨ | ᠰᠢᠶᠠᠩ ᠳᠤ ᠬᠦᠷᠴᠦ ᠬᠠᠷᠢᠯᠴᠠᠨ ᠰᠤᠷᠪᠤᠯᠵᠢᠯᠠᠨ ᠵᠣᠯᠭᠠᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠭᠦᠨᠵᠡᠭᠡᠶ | ᠬᠠᠮᠲᠤᠷᠠᠯᠴᠠᠬᠤ ᠶᠢ ᠡᠷᠢᠯᠬᠢᠯᠡᠪᠡ᠃ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ | ᠵᠡᠷᠭᠡ ᠰᠠᠯᠠᠭ᠎ᠠ ᠮᠦᠴᠢᠷ ᠤᠳ ᠴᠤᠤᠶᠠᠩ ᠲᠣᠭᠤᠷᠢᠭ ᠤᠨ ᠬᠠᠷᠠᠭᠠᠯᠵᠠᠭᠰᠠᠨ ᠨᠢᠭᠡᠴᠡ ᠳᠤ ᠭᠦᠨᠵᠡᠭᠡᠶᠢᠷᠡᠨ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠠᠮᠲᠤᠷᠠᠯᠴᠠᠭᠠᠨ ᠤ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠳᠥᠯᠭᠢᠨ ᠠᠬᠢᠭᠤᠯᠪᠠ᠃ | ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ |