ᠰᠢᠨ᠎ᠡ ᠵᠢᠯ ᠤᠨ ᠰᠢᠨ᠎ᠡ ᠶᠢᠨ ᠨᠢᠭᠡᠨ ᠤ ᠬᠤᠭᠤᠴᠠᠭᠠᠨ ᠳᠤ ᠬᠤᠷᠢᠭᠤᠯ ᠤᠨ ᠭᠠᠵᠠᠷ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ 2019 ᠣᠨ 12 | ᠰᠠᠷ᠎ᠠ ᠶᠢᠨ 31 ᠤ ᠡᠳᠦᠷ ᠤᠨ ᠦᠳᠡ ᠬᠤᠶᠢᠨ᠎ᠠ᠂ ᠵᠦᠸᠧᠽᠢ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ | ᠳᠠᠷᠤᠭ᠎ᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ | ᠳᠠᠷᠤᠭ᠎ᠠ ᠸᠠᠩ ᠸᠧᠶ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠲᠠᠰᠤᠭ ᠤᠨ ᠡᠷᠬᠢᠯᠡᠭᠴᠢ ᠠᠨ ᠱᠢ ᠶᠢᠩ | ᠨᠡᠷ ᠤᠨ ᠪᠠᠷ᠎ᠠ ᠪᠣᠯᠣᠯᠤᠭ᠎ᠠ ᠲᠠᠢ ᠪᠠᠷ ᠵᠦᠸᠧᠽᠢ ᠰᠢᠶᠠᠨ ᠳᠤ ᠡᠯ᠎ᠡ ᠱᠠᠲᠤᠨ ᠳᠤ ᠭᠦᠨᠵᠡᠭᠡᠶᠢᠷᠡᠨ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠵᠢᠯᠣᠭᠤᠳᠪᠠ᠃ | ᠡᠨᠡ ᠬᠤᠭᠤᠴᠠᠭᠠᠨ ᠳᠤ᠂ ᠸᠠᠩ ᠸᠧᠶ ᠵᠡᠷᠭᠡ ᠬᠥᠮᠦᠰ ᠡᠩ ᠲᠡᠷᠢᠭᠦᠨ ᠳᠤ ᠮᠠ ᠵᠠᠨ ᠸᠧᠶ ᠶᠢᠨ ᠰᠢᠨ᠎ᠡ ᠵᠢᠯ ᠤᠨ | ᠰᠢᠨ᠎ᠡ ᠶᠢᠨ ᠨᠢᠭᠡᠨ ᠤ ᠬᠤᠭᠤᠴᠠᠭᠠᠨ ᠤ ᠠᠮᠤᠷ ᠲᠦᠪᠰᠢᠨ ᠤ ᠠᠵᠢᠯ ᠶᠢᠨ ᠲᠤᠬᠠᠶ ᠪᠠᠶᠢᠷᠢᠯᠠᠭᠤᠯᠤᠯᠲᠠ | ᠲᠣᠬᠢᠷᠠᠭᠤᠯᠤᠯᠲᠠ ᠶᠢ ᠰᠣᠨᠣᠰᠤᠭᠰᠠᠨ ᠪᠥᠭᠡᠳ ᠭᠢᠨᠳᠠᠨ ᠤ ᠲᠣᠭᠤᠷᠢᠭ ᠲᠤ ᠭᠦᠨᠵᠡᠭᠡᠶᠢᠷᠡᠨ ᠠᠷᠠᠳ ᠤᠨ | ᠴᠠᠭᠳᠠᠭ᠎ᠠ ᠶᠢᠨ ᠵᠢᠵᠢᠭᠦᠷᠯᠡᠨ ᠵᠢᠵᠢᠭᠦᠷᠯᠡᠬᠦ ᠲᠠᠰᠤᠭ᠂ ᠬᠢᠨᠠᠨ ᠡᠵᠡᠮᠳᠡᠬᠦ ᠲᠠᠰᠤᠭ᠂ ᠮᠡᠳᠡᠭᠡ ᠵᠠᠩᠭᠢ ᠴᠤᠭᠯᠠᠭᠤᠯᠬᠤ | ᠲᠠᠰᠤᠭ ᠵᠡᠷᠭᠡ ᠢ ᠪᠠᠢᠴᠠᠭᠠᠨ ᠦᠵᠡᠪᠡ᠃ ᠡᠭᠦᠨ ᠤ ᠬᠠᠮᠲᠤ ᠪᠠᠰᠠ ᠭᠢᠨᠳᠠᠨ ᠤ ᠲᠠᠰᠤᠭ ᠤᠨ ᠬᠢᠨᠠᠨ ᠡᠵᠡᠮᠳᠡᠬᠦ | ᠲᠥᠬᠦᠭᠡᠷᠦᠮᠵᠢ᠂ ᠡᠷᠡᠭᠦᠯ ᠬᠠᠮᠠᠭᠠᠯᠠᠯ ᠡᠮ ᠡᠮᠨᠡᠯᠭᠡ᠂ ᠡᠯᠭᠦᠬᠦ ᠴᠡᠭ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ |