ᠵᠦᠸᠧᠽᠢ ᠰᠢᠶᠠᠨ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠡᠶᠢᠲᠡ 9 ᠳ᠋ᠦᠩᠰᠢᠭᠤᠷ ᠭᠠᠷᠤᠶ ᠲᠥᠭᠦᠷᠢᠭ ᠣᠷᠣᠭᠤᠯᠵᠠᠶ
ᠨᠡᠶᠢᠲᠡᠯᠡᠭᠰᠡᠨ ᠴᠠᠭ᠄
2020-01-07
    2014 ᠣᠨ ᠠᠴᠠ ᠨᠠᠰᠢ᠂ ᠵᠦᠸᠧᠽᠢ ᠰᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠭᠤᠤᠯᠳᠠᠯᠭ᠎ᠠ ᠲᠠᠢ ᠪᠤᠶᠢᠵᠢᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠶ᠋ᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠰᠢᠯᠢᠳᠡᠭᠵᠢᠭᠦᠯᠵᠡᠶ᠃ 2019 ᠣᠨ ᠡᠴᠦᠰ ᠪᠣᠯᠲᠠᠯ᠎ᠠ᠂ ᠳᠡᠭᠡᠲᠦ ᠱᠠᠲᠤᠨ ᠠᠴᠠ ᠮᠠᠨ ᠤ ᠰᠢᠶᠠᠨ ᠤ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ 393.55 ᠲᠦᠮᠡᠨ ᠲᠥᠭᠦᠷᠢᠭ ᠪᠠᠭᠤᠯᠭᠠᠵᠤ᠂ ᠨᠡᠶᠢᠭᠡᠮ ᠤᠨ ᠬᠥᠭᠵᠢᠯᠲᠡ ᠳᠤ ᠪᠣᠳᠠᠲᠠᠶ ᠬᠡᠷᠡᠭᠯᠡᠭᠰᠡᠨ ᠨᠢ᠄ 2121.3 ᠲᠦᠮᠡᠨ ᠲᠥᠭᠦᠷᠢᠭ︔ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠳᠤ 671.19 ᠲᠦᠮᠡᠨ ᠲᠥᠭᠦᠷᠢᠭ᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠳᠤ 17.06 ᠲᠦᠮᠡᠨ ᠲᠥᠭᠦᠷᠢᠭ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠯᠠ ᠮᠥᠩᠭᠦ 767 ᠲᠦᠮᠡᠨ ᠲᠥᠭᠦᠷᠢᠭ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ︵ᠨᠡᠶᠢᠲᠡ ᠶᠢᠨ ᠠᠰᠠᠷᠠᠮᠵᠢ ᠶᠢᠨ ᠠᠵᠢᠯ ᠶᠢᠨ ᠪᠠᠶᠢᠷᠢ︶ 222.65 ᠲᠦᠮᠡᠨ ᠲᠥᠭᠦᠷᠢᠭ᠂ ᠤᠰᠤ ᠤᠮᠳᠠ ᠶᠢᠨ ᠠᠶᠤᠯᠭᠦᠶ ᠵᠡᠷᠭᠡ ᠵᠢᠵᠢᠭ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ 4527.3 ᠲᠦᠮᠡᠨ ᠲᠥᠭᠦᠷᠢᠭ᠂ ᠨᠤᠷᠠᠬᠤ ᠠᠶᠤᠯᠲᠠᠶ ᠭᠡᠷ ᠪᠠᠢᠰᠢᠩ ᠢ 974.6 ᠲᠦᠮᠡᠨ ᠲᠥᠭᠦᠷᠢᠭ ᠵᠠᠷᠤᠴᠠᠭᠤᠯᠵᠤ᠂ ᠣᠨᠳᠣᠣ ᠭᠠᠵᠠᠷ ᠨᠡᠭᠦᠯᠭᠡᠬᠦ ᠠᠷᠠᠳ 147 5 ᠲᠦᠮᠡᠨ ᠲᠥᠭᠦᠷᠢᠭ᠂ ᠨᠡᠶᠢᠭᠡᠮ ᠤᠨ ᠪᠠᠲᠤᠯᠠᠭ᠎ᠠ 5.3 ᠲᠦᠮᠡᠨ ᠲᠥᠭᠦᠷᠢᠭ︔ ᠪᠤᠰᠤᠳ ᠨᠢ 309.64 ᠲᠦᠮᠡᠨ ᠲᠥᠭᠦᠷᠢᠭ ᠪᠣᠯᠤᠨ᠎ᠠ᠃                                   ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2