ᠯᠢ ᠶᠢᠩ ᠰᠢᠶᠠᠨ ᠤ ᠳᠠᠷᠤᠭ᠎ᠠ ᠠᠩᠭᠢ ᠳᠠᠭᠠᠭᠤᠯᠤᠨ ᠠᠶᠤᠯᠭᠦᠶ ᠤᠶᠢᠯᠡᠳᠪᠦᠷᠢᠯᠡᠯ ᠤᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2020-01-08
    ᠰᠢᠨ᠎ᠡ ᠵᠢᠯ ᠴᠠᠭᠠᠨ ᠰᠠᠷ᠎ᠠ ᠪᠣᠯᠬᠤ ᠭᠡᠵᠦ  ᠪᠠᠶᠢᠭ᠎ᠠ ᠲᠠᠰᠢᠷᠠᠮ ᠳᠤ᠂ 12 ᠰᠠᠷ᠎ᠠ ᠶᠢᠨ 31 ᠤ ᠦᠳᠡ ᠡᠮᠦᠨ᠎ᠡ᠂ ᠲᠡᠭ ᠠᠴᠠ ᠳᠣᠷᠣᠭᠰᠢ 20 ᠭᠠᠷᠤᠶ ᠭᠷᠠᠳᠦ᠋ᠰ ᠤᠨ ᠬᠠᠬᠢᠷ ᠬᠦᠢᠲᠡᠨ ᠢ ᠰᠥᠷᠴᠦ᠂ ᠯᠢ ᠶᠢᠩ ᠰᠢᠶᠠᠨ ᠤ ᠳᠠᠷᠤᠭ᠎ᠠ ᠠᠩᠭᠢ ᠪᠠᠨ ᠳᠠᠭᠠᠭᠤᠯᠤᠨ  ᠴᠢ ᠰᠢᠶᠠ ᠶᠢᠩ  ᠪᠠᠯᠭᠠᠰᠤᠨ ᠤ ᠢ ᠳ᠋ᠦᠩ ᠳ᠋ᠦᠩ ᠰᠢᠩ ᠬᠢᠮᠢ ᠶᠢᠨ ᠠᠵᠤ  ‍ᠶᠢᠯᠡᠳᠪᠦᠷᠢ ᠶᠢᠨ ᠬᠢᠵᠠᠭᠠᠷᠲᠤ ᠺᠣᠮᠫᠠᠨᠢ᠂ ᠰᠢᠩ ᠹᠧᠩ ᠯᠢᠲ᠋ᠢ ᠴᠠᠬᠢᠯᠭᠠᠨ ᠴᠡᠨᠡᠭ ᠤᠨ ᠬᠢᠵᠠᠭᠠᠷᠲᠤ ᠺᠣᠮᠫᠠᠨᠢ᠂ ᠵᠦᠸᠧᠽᠢ ᠱᠠᠨ ᠪᠠᠯᠭᠠᠰᠤᠨ ᠤ ᠡᠤ ᠴᠠ ᠵᠠᠮ ᠤᠨ  ᠠᠭᠤᠯᠵᠠᠭᠤᠷ ᠳᠠᠬᠢ ᠳᠤᠮᠳᠠᠳᠤ ᠤᠯᠤᠰ  ᠶᠢᠨ ᠴᠢᠯᠠᠭᠤᠨ ᠲᠣᠰᠣᠨ ᠤ ᠥᠷᠲᠡᠭᠡ᠂ ᠰᠢᠶᠠᠨ ᠤ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠵᠡᠷᠭᠡ ᠭᠠᠵᠠᠷ ᠲᠤ ᠭᠦᠨᠵᠡᠭᠡᠶᠢᠷᠡᠨ ᠠᠶᠤᠯᠭᠦᠶ ᠤᠶᠢᠯᠡᠳᠪᠦᠷᠢᠯᠡᠯ ᠤᠨ ᠲᠤᠰᠬᠠᠶ ᠪᠠᠢᠴᠠᠭᠠᠯᠲᠠ ᠥᠷᠨᠢᠭᠦᠯᠪᠡ᠃  
   ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ  ᠸᠠᠩ ᠢᠦᠢ ᠸᠧᠶ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠸᠠᠨ ᠺᠦᠶ᠂ ᠸᠠᠩ ᠸᠧᠶ᠂ ᠳ᠋ᠤᠸᠠᠨ ᠰᠢᠶᠦ᠋ᠩ ᠲᠤᠤ ᠵᠢᠴᠢ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠠᠵᠤ  ᠤᠶᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ᠂ ᠴᠢ ᠰᠢᠶᠠ ᠶᠢᠩ ᠤᠨ ᠠᠵᠤ ᠤᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠴᠢ ᠰᠢᠶᠠ ᠶᠢᠩ ᠪᠠᠯᠭᠠᠰᠤ ᠵᠡᠷᠭᠡ ᠰᠠᠯᠠᠭ᠎ᠠ ᠮᠥᠴᠢᠷ ᠪᠣᠯᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠪᠠ᠃
   ᠳᠠᠷᠠᠭ᠎ᠠ ᠨᠢ ᠪᠠᠢᠴᠠᠭᠠᠬᠤ ᠳᠤᠭᠤᠢᠯᠠᠩ ᠴᠢ ᠰᠢᠶᠠ ᠶᠢᠩ ᠪᠠᠯᠭᠠᠰᠤᠨ ᠤ ᠰᠢᠩ ᠹᠧᠩ ᠯᠢᠲ᠋ᠢ ᠴᠠᠬᠢᠯᠭᠠᠨ ᠴᠡᠨᠡᠭ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠢᠯᠠᠯ ᠤᠨ ᠠᠶᠤᠯᠭᠦᠶ ᠤᠶᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ᠂ ᠬᠡᠮ ᠰᠣᠭᠤᠭ ᠢ ᠪᠠᠢᠴᠠᠭᠠᠨ ᠵᠠᠰᠠᠬᠤ᠂ ᠤᠶᠢᠯᠡᠳᠬᠦᠨ ᠤ ᠲᠦᠭᠦᠬᠡᠶ ᠮᠠᠲ᠋ᠧᠷᠢᠶᠠᠯ ᠢ ᠬᠡᠷᠡᠭᠯᠡᠵᠦ ᠬᠠᠳᠠᠭᠠᠯᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠯᠢ ᠰᠢᠶᠠᠨ ᠳᠠᠷᠤᠭ᠎ᠠ ᠵᠢᠭᠠᠵᠤ ᠭᠠᠷᠭᠠᠭᠰᠠᠨ ᠨᠢ᠂ ᠯᠢᠲ᠋ᠢ ᠳ᠋ᠢᠶᠠᠨ ᡂᠢ ᠪᠣᠯ ᠰᠢᠨ᠎ᠡ ᠡᠨᠧᠷᠭᠢ ᠶᠢᠨ ᠠᠵᠤ ᠤᠶᠢᠯᠡᠰ ᠲᠤ ᠬᠠᠷᠢᠶᠠᠯᠠᠭᠳᠠᠨ᠎ᠠ᠂ ᠤᠶᠢᠯᠡᠳᠪᠦᠷᠢᠯᠡᠯ ᠤᠨ ᠶᠠᠪᠤᠴᠠ ᠳᠤ ᠲᠠᠯᠠᠪᠤᠷ ᠭᠠᠵᠠᠷ ᠢ ᠪᠢᠲᠡᠭᠦᠮᠵᠢᠯᠡᠬᠦ᠂ ᠠᠵᠢᠯᠯᠠᠬᠤ ᠲᠠᠯᠠᠪᠤᠷ ᠭᠠᠵᠠᠷ ᠢ ᠪᠠᠭᠠᠰᠬᠠᠬᠤ᠂ ᠡᠵᠡᠮᠳᠡᠬᠦ ᠵᠡᠷᠭᠡ ᠨᠥᠬᠦᠴᠡᠯ ᠢ ᠱᠠᠭᠠᠷᠳᠠᠨ᠎ᠠ᠂ ᠡᠨᠡ ᠨᠢ ᠬᠠᠮᠢᠶᠠᠷᠤᠯᠲᠠ ᠶᠢᠨ ᠲᠠᠯ᠎ᠠ ᠪᠠᠷ ᠠᠮᠤᠷ ᠲᠦᠪᠰᠢᠨ ᠤ ᠳᠠᠯᠳᠠ ᠠᠶᠤᠯ ᠲᠦᠭᠰᠢᠭᠦᠷᠢ ᠳᠤ ᠴᠢᠭᠯᠡᠭᠦᠯᠦᠨ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠪᠡᠯᠡᠳᠬᠡᠯ ᠲᠥᠰᠦᠯ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠲᠥᠯᠥᠪᠯᠡᠭᠡ ᠲᠣᠭᠲᠠᠭᠠᠬᠤ ᠶᠢᠨ ᠬᠠᠮᠲᠤ ᠪᠥᠬᠦ ᠠᠵᠢᠯᠲᠠᠨ ᠤ ᠪᠣᠯᠪᠠᠰᠤᠷᠠᠭᠤᠯᠤᠯ ᠪᠠ ᠰᠣᠷᠢᠯᠲᠠ ᠬᠢᠵᠦ᠂ ᠠᠮᠤᠷ ᠲᠦᠪᠰᠢᠨ ᠤ ᠤᠶᠢᠯᠡᠳᠪᠦᠷᠢᠯᠡᠯ ᠢ ᠪᠣᠳᠠᠲᠠᠶ ᠨᠠᠢᠳᠠᠪᠤᠷᠢᠵᠢᠭᠤᠯᠬᠤ᠂ ᠠᠵᠤ ᠠᠬᠤᠶᠢᠯᠠᠯ ᠤᠨ ᠡᠷᠡᠭᠦᠯ ᠲᠣᠭᠲᠠᠭᠤᠨ ᠬᠥᠭᠵᠢᠯᠲᠡ ᠶᠢ ᠠᠬᠢᠭᠤᠯᠬᠤ ᠶᠢ ᠱᠠᠭᠠᠷᠳᠠᠨ᠎ᠠ᠃
   ᠵᠦᠸᠧᠽᠢ ᠱᠠᠨ ᠪᠠᠯᠭᠠᠰᠤᠨ ᠤ ᠡᠤ ᠴᠠ ᠵᠠᠮ ᠤᠨ ᠠᠭᠤᠯᠵᠠᠭᠤᠷ ᠳᠠᠬᠢ ᠳᠤᠮᠳᠠᠳᠤ ᠤᠯᠤᠰ  ᠶᠢᠨ ᠴᠢᠯᠠᠭᠤᠨ ᠲᠣᠰᠣᠨ ᠤ ᠥᠷᠲᠡᠭᠡ ᠶᠢᠨ ᠪᠠᠢᠴᠠᠭᠠᠬᠤ ᠳᠤᠭᠤᠢᠯᠠᠩ ᠤᠨ ᠬᠢᠨ ᠪᠠᠢᠴᠠᠭᠠᠬᠤ ᠥᠷᠲᠡᠭᠡ ᠶᠢᠨ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠪᠠᠢᠴᠠᠭᠠᠨ ᠦᠵᠡᠵᠦ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠦᠷᠢᠨ ᠪᠦᠲᠦᠨ ᠪᠠᠶᠢᠬᠤ ᠡᠰᠡᠬᠦ᠂ ᠬᠢᠨᠠᠨ ᠡᠵᠡᠮᠳᠡᠬᠦ ᠲᠥᠬᠦᠭᠡᠷᠦᠮᠵᠢ ᠶᠢᠨ ᠬᠡᠪ ᠤᠨ ᠶᠣᠰᠣᠭᠠᠷ ᠠᠵᠢᠯᠯᠠᠵᠤ ᠪᠠᠶᠢᠬᠤ ᠡᠰᠡᠬᠦ ᠶᠢ ᠪᠠᠢᠴᠠᠭᠠᠨ ᠦᠵᠡᠵᠦ᠂ ᠠᠵᠢᠯᠲᠠᠨ ᠤ ᠬᠤᠯᠪᠣᠭᠳᠠᠯ ᠪᠦᠬᠦᠢ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠠᠵᠢᠯᠯᠠᠵᠤ  ᠪᠠᠶᠢᠬᠤ ᠡᠰᠡᠬᠦ ᠶᠢ ᠪᠠᠢᠴᠠᠭᠠᠨ ᠦᠵᠡᠪᠡ᠃ ᠯᠢ ᠶᠢᠩ ᠰᠢᠶᠠᠨ ᠤ ᠳᠠᠷᠤᠭ᠎ᠠ᠄ ︽ᠮᠠᠰᠢᠨ ᠲᠡᠷᠭᠡᠨ ᠤ ᠤᠷᠤᠰᠬᠠᠯ ᠤᠨ ᠬᠡᠮᠵᠢᠶ᠎ᠡ ᠨᠡᠯᠢᠶᠡᠳ ᠶᠡᠭᠡ᠂ ᠠᠮᠤᠷ ᠲᠦᠪᠰᠢᠨ ᠤ ᠬᠠᠮᠢᠶᠠᠷᠤᠯᠲᠠ ᠶᠢᠨ ᠤᠬᠠᠮᠰᠠᠷ ᠢᠶᠠᠨ ᠵᠠᠪᠠᠯ ᠳᠡᠭᠡᠭᠰᠢᠯᠡᠭᠦᠯᠵᠦ᠂ ᠠᠮᠤᠷ ᠲᠦᠪᠰᠢᠨ ᠤ ᠠᠳᠡᠯ ᠭᠠᠷᠬᠤ ᠶᠢ ᠬᠤᠷᠢᠭᠯᠠᠵᠤ᠂ ᠠᠷᠠᠳ ᠣᠯᠠᠨ ᠤ ᠠᠮᠤᠷ ᠲᠦᠪᠰᠢᠨ᠂ ᠡᠶ᠎ᠡ ᠨᠠᠶᠢᠷᠠᠮᠳᠠᠭᠤ᠂ ᠪᠠᠶᠠᠷ ᠬᠥᠷ ᠲᠠᠢ ᠪᠠᠶᠠᠷ ᠤᠨ ᠡᠳᠦᠷ ᠥᠩᠭᠡᠷᠡᠭᠡᠬᠦ ᠶᠢ ᠪᠠᠲᠤᠯᠠᠬᠤ ᠬᠡᠷᠡᠭᠲᠡᠶ︾ ᠭᠡᠵᠦ ᠠᠵᠢᠯᠲᠠᠳ ᠲᠤ ᠵᠠᠬᠢᠪᠠ                    ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2