ᠵᠦᠸᠧᠽᠢ ᠰᠢᠶᠠᠨ ᠳᠤᠮᠳᠠᠳᠤ ᠪᠠᠭ᠎ᠠ ᠰᠤᠷᠭᠠᠭᠤᠯᠢ ᠶᠢᠨ ᠵᠣᠷᠯᠣᠩ ᠢ ᠥᠭᠡᠷᠡᠴᠢᠯᠡᠬᠦ ᠪᠡᠯᠡ ᠮᠥᠩᠭᠦ ᠰᠠᠯᠭᠠᠨ ᠥᠭᠴᠦ ᠳᠤᠮᠳᠠᠳᠤ ᠪᠠᠭ᠎ᠠ ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠨᠥᠬᠦᠴᠡᠯ ᠢ ᠰᠠᠶᠢᠵᠢᠷᠠᠭᠤᠯᠬᠤ ᠶᠢ ᠪᠦᠬᠦ ᠬᠦᠴᠦ ᠪᠠᠷ ᠳᠡᠮᠵᠢᠪᠡ
ᠨᠡᠶᠢᠲᠡᠯᠡᠭᠰᠡᠨ ᠴᠠᠭ᠄
2020/10/29
    ᠵᠦᠸᠧᠽᠢ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠨᠥᠬᠦᠴᠡᠯ ᠢ ᠰᠠᠶᠢᠵᠢᠷᠠᠭᠤᠯᠵᠤ᠂ ᠰᠤᠷᠭᠠᠭᠤᠯᠢ ᠶᠢᠨ ︽ᠵᠣᠷᠯᠣᠩ ᠤᠨ ᠬᠤᠪᠢᠰᠬᠠᠯ︾ ᠢ ᠢᠳᠡᠪᠬᠢᠲᠡᠢ ᠠᠬᠢᠭᠤᠯᠤᠨ᠎ᠠ᠃ 2020 ᠣᠨ ᠤ 10 ᠰᠠᠷ᠎ᠠ ᠶᠢᠨ ᠰᠢᠨᠡᠳ ᠢᠶᠠᠷ᠂ ᠵᠦᠸᠧᠽᠢ ᠰᠢᠶᠠᠨ ᠳᠤᠮᠳᠠᠳᠤ ᠪᠠᠭ᠎ᠠ ᠰᠤᠷᠭᠠᠭᠤᠯᠢ ᠶᠢᠨ ᠵᠣᠷᠯᠣᠩ ᠢ ᠥᠭᠡᠷᠡᠴᠢᠯᠡᠬᠦ ᠪᠡᠯᠡ ᠮᠥᠩᠭᠦ 174.95  ᠲᠦᠮᠡᠨ ᠲᠥᠭᠦᠷᠢᠭ ᠪᠠᠭᠤᠯᠭᠠᠵᠤ᠂ ᠪᠦᠬᠦ ᠰᠢᠶᠠᠨ ᠤ 6 ᠰᠢᠶᠠᠩ ᠪᠠᠯᠭᠠᠰᠤᠨ ᠤ 8 ᠠᠯᠪᠠᠨ ᠵᠢᠷᠤᠮ ᠤᠨ ᠰᠤᠷᠭᠠᠨ  ᠬᠦᠮᠦᠵᠢᠯ ᠤᠨ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢ ᠬᠠᠮᠤᠷᠴᠠᠶ᠃ ᠳᠤᠮᠳᠠᠳᠤ ᠪᠠᠭ᠎ᠠ ᠰᠤᠷᠭᠠᠭᠤᠯᠢ ᠶᠢᠨ ᠵᠣᠷᠯᠣᠩ ᠤᠨ ᠠᠷᠢᠭᠤᠨ ᠴᠡᠪᠡᠷ ᠪᠠᠷᠢᠮᠵᠢᠶ᠎ᠠ ᠳᠤ ᠬᠦᠷᠬᠦ ᠦᠭᠡᠢ᠂ ᠠᠮᠤᠷ ᠲᠦᠪᠰᠢᠨ ᠳᠠᠯᠳᠠ ᠭᠡᠮ ᠲᠠᠢ᠂ ᠬᠤᠪᠢ ᠶᠢᠨ ᠨᠢᠭᠤᠴᠠ ᠶᠢ ᠪᠠᠲᠤᠯᠠᠬᠤ ᠳᠤ ᠬᠦᠴᠢᠷ ᠵᠡᠷᠭᠡ ᠳᠣᠪᠦ᠋ᠮ᠎ᠠ ᠠᠰᠠᠭᠤᠳᠠᠯ ᠢ ᠰᠢᠢᠳᠪᠦᠷᠢᠯᠡᠵᠦ᠂ ᠥᠷᠭᠡᠨ ᠣᠯᠠᠨ ᠪᠠᠭᠰᠢ ᠰᠤᠷᠤᠭᠴᠢᠳ ᠲᠤ ᠴᠡᠪᠡᠷ ᠠᠷᠢᠭᠤᠨ ᠴᠡᠪᠡᠷ᠂ ᠲᠠᠭᠠᠯᠠᠮᠵᠢᠲᠠᠶ ᠰᠤᠷᠤᠯᠭ᠎ᠠ ᠠᠮᠢᠳᠤᠷᠠᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠲᠦᠢᠯ ᠤᠨ ᠶᠡᠭᠡ ᠪᠠᠷ ᠠᠬᠢᠭᠤᠯᠪᠠ᠃   ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ  
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2