ᠵᠦᠸᠧᠽᠢ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ | ᠠᠬᠢᠴᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 29 ᠤ ᠡᠳᠦᠷ᠂ ᠵᠦᠸᠧᠽᠢ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠠᠰᠠᠭ ᠤᠨ ᠣᠷᠳᠣᠨ ᠤ ᠳᠡᠳ᠋ ᠰᠢᠶᠠᠨ ᠤ | ᠳᠠᠷᠤᠭ᠎ᠠ ᠯᠢᠦ ᠴᠢ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠤᠬᠢᠶᠠᠨ ᠪᠠᠶᠢᠭᠤᠯᠵᠤ ᠨᠠᠮ ᠵᠠᠰᠠᠭ ᠤᠨ ᠲᠣᠮᠣ | ᠠᠰᠠᠷ ᠤᠨ ᠳᠥᠷᠪᠡᠳᠦᠭᠡᠷ ᠠᠰᠠᠷ ᠤᠨ ᠵᠡᠭᠦᠨ ᠬᠤᠷᠠᠯ ᠤᠨ ᠭᠡᠷ ᠲᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠵᠣᠬᠢᠴᠠᠭᠤᠯᠬᠤ ᠬᠤᠷᠠᠯ ᠬᠢᠪᠠ᠃ | ᠵᠣᠬᠢᠴᠠᠭᠤᠯᠬᠤ ᠬᠤᠷᠠᠯ ᠳᠡᠭᠡᠷ᠎ᠡ᠂ ᠯᠢᠦ ᠴᠢ ᠳᠡᠳ᠋ ᠰᠢᠶᠠᠨ ᠤ ᠳᠠᠷᠤᠭ᠎ᠠ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠤᠯᠠᠮ ᠨᠢᠭᠡ | ᠠᠯᠬᠤᠮ ᠠᠬᠢᠭᠤᠯᠬᠤ ᠲᠤᠬᠠᠶ ᠪᠠᠶᠢᠷᠢᠯᠠᠭᠤᠯᠤᠯᠲᠠ ᠬᠢᠵᠦ᠂ ᠮᠠᠨ ᠤ ᠰᠢᠶᠠᠨ ᠤ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠤᠳᠠᠯᠳᠤᠭ᠎ᠠ ᠡᠵᠡᠩᠨᠡᠬᠦ ᠤᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠳᠤᠮᠳᠠ ᠣᠷᠣᠰᠢᠵᠤ | ᠪᠠᠶᠢᠭ᠎ᠠ ᠠᠰᠠᠭᠤᠳᠠᠯ ᠢ ᠵᠠᠯᠠᠷᠠᠭᠤᠯᠤᠨ ᠵᠢᠯᠣᠭᠤᠳᠪᠠ︔ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠠᠵᠢᠯ ᠢ ᠥᠷᠨᠢᠭᠦᠯᠦᠭᠰᠡᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃ | ᠯᠢᠦ ᠴᠢ ᠳᠡᠳ᠋ ᠰᠢᠶᠠᠨ ᠤ ᠳᠠᠷᠤᠭ᠎ᠠ ᠵᠢᠭᠠᠵᠤ ᠭᠠᠷᠭᠠᠭᠰᠠᠨ ᠨᠢ᠂ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠵᠦ᠂ ᠮᠠᠨ ᠤ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ | ᠲᠠᠯ᠎ᠠ ᠳᠤ ᠬᠤᠯᠪᠣᠭᠳᠠᠬᠤ ᠪᠣᠯ ᠮᠠᠨ ᠤ ᠰᠢᠶᠠᠨ ᠤ ᠭᠠᠳᠠᠭᠠᠳᠤ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ | ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠴᠢᠬᠤᠯᠠ ᠯᠠᠪᠯᠠᠬᠤ ᠬᠦᠴᠦᠨ ᠵᠦᠢᠯ ᠪᠣᠯᠤᠨ᠎ᠠ᠃ ᠡᠯ᠎ᠡ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠤᠳ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠠᠵᠢᠯ ᠤᠨ ᠴᠢᠬᠤᠯᠠ ᠴᠢᠨᠠᠷ ᠢ ᠳᠡᠭᠡᠲᠦ ᠬᠡᠮᠵᠢᠶ᠎ᠡ ᠪᠠᠷ ᠲᠠᠨᠢᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠱᠠᠭᠠᠷᠳᠠᠯᠭ᠎ᠠ ᠶᠣᠰᠣᠭᠠᠷ᠂ ᠥᠭᠡᠷᠡᠴᠢᠯᠡᠯᠲᠡ ᠪᠠ ᠨᠠᠶᠢᠳᠠᠪᠦᠷᠢᠵᠢᠭᠤᠯᠤᠯᠲᠠ ᠶᠢ ᠨᠢᠭᠡᠳ ᠨᠢᠭᠡ ᠪᠠᠷ ᠬᠢᠵᠦ | ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠪᠠ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠳᠤ | ᠰᠠᠭᠤᠷᠢ ᠴᠢᠨᠠᠷᠲᠠᠶ ᠠᠵᠢᠯ ᠢ ᠰᠠᠶᠢᠲᠤᠷ ᠬᠢᠨ᠎ᠡ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |