ᠢᠨᠢᠶᠡᠮᠰᠦᠭᠯᠡᠯ ᠢᠶᠠᠷ ᠨᠢᠭᠡ ᠬᠤᠪᠢ ᠬᠠᠷᠢᠭᠤᠴᠠᠯᠭ᠎ᠠ ᠶᠢ ᠬᠦᠯᠢᠶᠡᠨ ᠠᠪᠴᠤ᠂ ᠬᠠᠶᠢᠷ᠎ᠠ ᠬᠠᠯᠠᠮᠵᠢ ᠪᠠᠷ ᠨᠢᠭᠡ | ᠬᠤᠪᠢ ᠬᠦᠨᠳᠦ ᠨᠠᠶᠢᠳᠠᠯᠭ᠎ᠠ ᠶᠢ ᠲᠤᠰᠢᠶᠠᠵᠤ᠂ ᠬᠠᠶᠢᠷ᠎ᠠ ᠪᠠ ᠡᠷᠬᠡ ᠴᠢᠯᠥᠭᠡ ᠪᠢᠯᠬᠠᠭᠰᠠᠨ ᠣᠷᠴᠢᠨ ᠲᠣᠭᠤᠷᠢᠨ ᠳᠤ᠂ | 11 ᠰᠠᠷ᠎ᠠ ᠶᠢᠨ 9 ᠤ ᠡᠳᠦᠷ᠂ ᠵᠦᠸᠧᠽᠢ ᠰᠢᠶᠠᠨ ᠤ ᠲᠥᠯᠥᠪᠯᠡᠭᠡᠲᠦ ᠦᠷᠡᠵᠢᠯ ᠤᠨ ᠬᠠᠮᠵᠢᠯᠴᠠᠭ᠎ᠠ ᠨᠢ ᠵᠦᠸᠧᠽᠢ | ᠰᠢᠶᠠᠨ ᠤ ᠨᠢᠯᠬ᠎ᠠ ᠨᠢᠷᠠᠶ ᠬᠡᠤᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢᠨ ᠤᠶᠢᠯᠡᠳᠤᠯᠭᠡ ᠶᠢᠨ | ᠰᠠᠭᠤᠷᠢᠨ ᠭᠠᠵᠠᠷ ᠲᠤ ᠬᠡᠤᠬᠡᠳ ᠤᠨ ᠠᠩᠬᠠᠨ ᠤ ᠬᠦᠭᠵᠢᠯᠲᠡ ᠶᠢᠨ ᠬᠡᠤᠬᠡᠳ ᠤᠨ ᠵᠢᠵᠢᠭ ᠭᠡᠷ ᠪᠠᠶᠢᠰᠢᠩ ᠤᠨ | ᠫᠠᠶᠢᠰᠠ ᠰᠡᠬᠦᠬᠦ ᠶᠣᠰᠣᠯᠠᠯ ᠶᠠᠪᠤᠭᠤᠯᠵᠤ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠲᠥᠯᠥᠪᠯᠡᠭᠡᠲᠦ ᠦᠷᠡᠵᠢᠯ ᠤᠨ ᠨᠡᠶᠢᠭᠡᠮᠯᠢᠭ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠦᠸᠧᠽᠢ ᠪᠠᠯᠭᠠᠰᠤ᠂ | ᠡᠮᠡᠭᠲᠡᠶᠢᠴᠦᠳ ᠤᠨ ᠲᠥᠯᠥᠪᠯᠡᠭᠡ ᠶᠢᠨ ᠲᠥᠪ᠂ ᠯᠦᠩ ᠱᠧᠩ ᠨᠡᠶᠢᠭᠡᠮ ᠲᠣᠭᠤᠷᠢᠭ᠂ ᠬᠡᠤᠬᠡᠳ ᠤᠨ ᠠᠩᠬᠠᠨ ᠤ | ᠬᠤᠭᠤᠴᠠᠭᠠᠨ ᠤ ᠬᠥᠭᠵᠢᠯᠲᠡ ᠵᠢᠨᠤᠶᠢᠯᠡᠳᠤᠯᠭᠡ ᠶᠢᠨ ᠰᠠᠭᠤᠷᠢᠨ ᠭᠠᠵᠠᠷ ᠵᠡᠷᠭᠡ ᠬᠠᠮᠢᠶ᠎ᠠ ᠪᠦᠬᠦᠢ ᠤᠳᠤᠷᠢᠳᠤᠯᠭ᠎ᠠ᠂ | ᠵᠢᠭᠠᠨ ᠵᠢᠯᠣᠭᠤᠳᠣᠭᠴᠢ ᠵᠢᠴᠢ ᠬᠡᠰᠡᠭ ᠭᠡᠷ ᠤᠨ ᠠᠬᠠᠮᠠᠳ᠂ ᠨᠢᠯᠬ᠎ᠠ ᠬᠡᠤᠬᠡᠳ ᠲᠤᠰ ᠤᠳᠠᠭᠠᠨ ᠤ ᠠᠵᠢᠯᠯᠠᠭ᠎ᠠ ᠳᠤ | ᠣᠷᠣᠯᠴᠠᠪᠠ᠃ | | ᠫᠠᠶᠢᠰᠠ ᠡᠯᠭᠦᠬᠦ ᠶᠣᠰᠣᠯᠠᠯ ᠳᠡᠭᠡᠷ᠎ᠡ᠂ ᠵᠦᠸᠧᠽᠢ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠡᠷᠬᠢᠯᠡᠭᠴᠢ ᠶᠠᠩ ᠳ᠋ᠦᠩ ᠵᠢᠶᠦ᠋ᠨ ᠪᠠᠶᠠᠷ ᠤᠨ ᠦᠭᠡ ᠬᠡᠯᠡᠵᠦ᠂ | ᠨᠢᠯᠬ᠎ᠠ ᠬᠡᠤᠬᠡᠳ ᠤᠨ ᠡᠷᠲᠡ ᠬᠤᠭᠤᠴᠠᠭᠠᠨ ᠤ ᠬᠥᠭᠵᠢᠯᠲᠡ ᠶᠢᠨ ᠤᠶᠢᠯᠡᠳᠤᠯᠭᠡ ᠶᠢᠨ ᠰᠠᠭᠤᠷᠢᠨ ᠭᠠᠵᠠᠷ ᠤᠨ | ᠣᠶᠢᠷ᠎ᠠ ᠶᠢᠨ ᠵᠢᠯ ᠤᠨ ᠲᠤᠷᠰᠢ ᠲᠤᠬᠠᠶ ᠶᠢᠨ ᠭᠠᠵᠠᠷ ᠤᠨ ᠨᠢᠯᠬ᠎ᠠ ᠬᠡᠤᠬᠡᠳ ᠤᠨ ᠭᠡᠷ ᠪᠦᠯᠢ ᠶᠢᠨ ᠰᠢᠨᠵᠢᠯᠡᠬᠦ | ᠤᠬᠠᠭᠠᠨᠴᠢ ᠪᠠᠷ ᠬᠡᠤᠬᠡᠳ ᠪᠤᠶᠢᠵᠢᠭᠤᠯᠬᠤ ᠳᠤ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠵᠤ ᠂ | ᠰᠠᠭᠤᠷᠢᠨ ᠭᠠᠵᠠᠷ ᠤᠨ ᠪᠦᠬᠦ ᠪᠠᠭᠰᠢ ᠠᠵᠢᠯᠲᠠᠨ ᠠᠵᠢᠯᠴᠢᠨ ᠢᠷᠠᠭᠤ ᠠᠯᠳᠠᠷ ᠢᠶᠠᠨ ᠨᠠᠨᠳᠢᠩᠨᠠᠵᠤ᠂ ᠡᠭᠦᠷᠭᠡ | ᠬᠠᠷᠢᠴᠠᠭᠤᠯᠭ᠎ᠠ ᠪᠠᠨ ᠭᠤᠲᠤᠭᠠᠬᠤ ᠦᠭᠡᠶ ᠪᠠᠶᠢᠬᠤ ᠶᠢ ᠬᠦᠰᠡᠵᠦ ᠪᠠᠶᠢᠨ᠎ᠠ᠂ ᠪᠠᠶᠢᠩᠭᠤ ᠶᠢᠨ ᠴᠢᠨᠠᠷᠲᠠᠶ ᠪᠠᠷ ᠳᠠᠮᠵᠢᠨ᠂ | ᠡᠬᠡ ᠦᠷ᠎ᠡ ᠬᠡᠤᠬᠡᠳ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠲᠠᠪᠴᠠᠩ ᠤᠨ ᠬᠠᠷᠢᠯᠴᠠᠨ ᠤᠶᠢᠯᠡᠳᠤᠯᠴᠡᠬᠦ | ᠤᠶᠢᠯᠡᠳᠤᠯ ᠢ ᠭᠦᠢᠴᠡᠳ ᠪᠠᠳᠠᠷᠠᠭᠤᠯᠵᠤ᠂ ︽ᠰᠢᠶᠠᠩ ᠿᠢ ᠬᠤᠸᠠ︾ ᠶᠢᠨ ᠦᠷ᠎ᠡ ᠬᠡᠤᠬᠡᠳ ᠤᠨ ᠵᠢᠵᠢᠭ ᠭᠡᠷ | ᠪᠠᠶᠢᠰᠢᠩ ᠢ ᠦᠨᠡᠨ ᠬᠦ ᠰᠢᠨᠵᠢᠯᠡᠬᠦ ᠤᠬᠠᠭᠠᠨᠴᠢ ᠪᠠᠷ ᠬᠡᠤᠬᠡᠳ ᠬᠥᠮᠦᠵᠢᠭᠦᠯᠬᠦ ᠮᠡᠳᠡᠯᠭᠡ ᠶᠢ ᠬᠥᠳᠡᠭᠡ ᠲᠣᠰᠬᠤᠨ ᠳᠤ | ᠣᠷᠣᠭᠤᠯᠬᠤ᠂ ᠭᠡᠷ ᠪᠦᠯᠢ ᠳᠤ ᠤᠷᠤᠭᠤᠯᠬᠤ ᠬᠠᠶᠢᠷ᠎ᠠ ᠶᠢᠨ ᠬᠥᠭᠦᠷᠭᠡ ᠪᠣᠯᠭᠠᠨ ᠪᠠᠶᠢᠭᠤᠯᠵᠤ᠂ ᠵᠦᠸᠧᠽᠢ | ᠰᠢᠶᠠᠨ ᠤ ᠬᠡᠤᠬᠡᠳ ᠤᠨ ᠰᠤᠷᠭᠠᠨ ᠬᠥᠮᠦᠵᠢᠯ ᠤᠨ ᠠᠵᠢᠯ ᠤᠨ ᠰᠠᠶᠢᠨ ᠰᠠᠶᠢᠬᠠᠨ ᠢᠷᠡᠭᠡᠳᠦᠶ ᠶᠢ ᠡᠭᠦᠳᠦᠨ | ᠨᠡᠭᠡᠭᠡᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ | | ᠫᠠᠶᠢᠰᠠ ᠰᠡᠬᠦᠬᠦ ᠶᠣᠰᠣᠯᠠᠯ ᠤᠨ ᠳᠠᠷᠠᠭ᠎ᠠ᠂ ᠡᠯ᠎ᠡ ᠤᠳᠤᠷᠢᠳᠤᠯᠭ᠎ᠠ ᠭᠡᠷ ᠤᠨ ᠠᠬᠠᠮᠠᠳ ᠤᠨ | ᠲᠥᠯᠥᠭᠡᠯᠡᠭᠴᠢᠳ ᠲᠤ ᠬᠡᠦᠬᠡᠳ ᠤᠨ ᠬᠢᠴᠢᠶᠡᠯᠯᠡᠬᠦ ᠬᠡᠷᠡᠭᠰᠡᠯ ᠵᠢᠴᠢ ᠫᠠᠶᠢᠰᠠ ᠰᠡᠬᠦᠬᠦ ᠶᠣᠰᠣᠯᠠᠯ ᠳᠤ | ᠣᠷᠣᠯᠴᠠᠬᠤ ᠪᠠᠷ ᠢᠷᠡᠭᠰᠡᠨ ᠡᠪᠦᠭᠡ ᠡᠮᠡᠭᠡ ᠨᠡᠷ ᠲᠤ ᠲᠣᠬᠤᠨᠢᠭᠤᠯᠬᠤ ᠪᠣᠳᠠᠰ ᠪᠡᠯᠡᠭᠯᠡᠪᠡ᠃ | | ᠪᠡᠯᠡᠭᠯᠡᠬᠦ ᠶᠣᠰᠣᠯᠠᠯ ᠤᠨ ᠳᠠᠷᠠᠭ᠎ᠠ᠂ ᠪᠠᠭᠰᠢ᠂ ᠭᠡᠷ ᠤᠨ ᠠᠬᠠᠮᠠᠳ ᠪᠣᠯᠤᠨ ᠨᠢᠯᠬ᠎ᠠ ᠬᠡᠦᠬᠡᠳ ᠪᠠᠰᠠ | ᠬᠡᠦᠬᠡᠳ ᠤᠨ ᠢᠶᠠᠨ ᠵᠢᠵᠢᠭ ᠭᠡᠷ ᠲᠤ ᠡᠴᠢᠭᠡ ᠡᠬᠡ ᠦᠷ᠎ᠡ ᠬᠡᠦᠬᠡᠳ ᠤᠨ ᠬᠥᠳᠡᠯᠭᠡᠭᠡᠨ ᠢ ᠪᠡᠶᠡᠴᠢᠯᠡᠨ ᠣᠶᠢᠯᠠᠭᠠᠪᠠ᠃  | | ᠣᠳᠣ ᠪᠣᠯᠲᠠᠯ᠎ᠠ᠂ ᠵᠦᠸᠧᠽᠢ ᠰᠢᠶᠠᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠯᠦᠩ ᠱᠧᠩ ᠨᠡᠶᠢᠭᠡᠮ | ᠲᠣᠭᠤᠷᠢᠭ ᠲᠤ ᠬᠡᠤᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢᠨ ᠵᠢᠯᠣᠭᠤᠳᠬᠤ ᠲᠥᠪ᠂ ᠹᠦ᠋ ᠠᠨ | ᠨᠡᠶᠢᠭᠡᠮ ᠲᠣᠭᠤᠷᠢᠭ᠂ ᠳ᠋ᠠᠴᠢᠩ ᠵᠡᠭᠡᠯᠢ ᠶᠢᠨ ᠬᠢᠵᠢᠭ ᠰᠡᠷᠭᠡᠶᠢᠯᠡᠬᠦ ᠴᠡᠭ᠂ ᠰᠢᠶᠠᠨ ᠤ ᠡᠬᠡ ᠨᠢᠯᠬᠠᠰ ᠤᠨ ᠡᠷᠡᠭᠦᠯᠵᠢᠯ | ᠲᠥᠯᠥᠪᠯᠡᠭᠡᠲᠦ ᠦᠷᠡᠵᠢᠯ ᠤᠨ ᠤᠶᠢᠯᠡᠴᠢᠯᠡᠭᠡᠨ ᠤ ᠲᠥᠪ᠂ ᠴᠢ ᠰᠢᠶᠠ ᠶᠢᠩ ᠬᠡᠤᠬᠡᠳ ᠤᠨ ᠴᠡᠴᠡᠷᠯᠢᠭ ᠲᠤ | ᠵᠠᠯᠭᠠᠭ᠎ᠠ ᠪᠠᠷ 5 ᠬᠡᠤᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢᠨ ᠡᠴᠢᠭᠡ ᠡᠬᠡ ᠬᠡᠤᠬᠡᠳ ᠤᠨ ᠵᠢᠵᠢᠭ | ᠭᠡᠷ ᠪᠠᠶᠢᠰᠢᠩ ᠪᠠᠶᠢᠭᠤᠯᠪᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |