ᠬᠤᠲᠠ ᠶᠢᠨ ᠲᠣᠭᠤᠷᠢᠭ ᠲᠠᠬᠢ ᠬᠥᠮᠦᠨ ᠠᠮᠠ ᠨᠢᠭᠲᠠᠷᠠᠵᠤ ᠬᠤᠳᠠᠯᠳᠤᠭ᠎ᠠ ᠶᠢᠨ ᠡᠷᠦᠬᠡ ᠲᠥᠪᠯᠡᠷᠡᠵᠦ᠂ | ᠬᠥᠮᠦᠨ ᠠᠮᠠ ᠶᠡᠭᠡ ᠵᠡᠷᠭᠡ ᠭᠠᠵᠠᠷ ᠣᠷᠣᠨ ᠤ ᠵᠣᠷᠯᠣᠩ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ | 2020 ᠣᠨ ᠤ ᠰᠢᠶᠠᠨ ᠤ ᠱᠠᠲᠤᠨ ᠤ ᠬᠤᠶᠠᠷ ᠬᠤᠷᠠᠯ ᠳᠡᠭᠡᠷ᠎ᠡ᠂ ᠰᠢᠶᠠᠨ ᠤ ᠠᠷᠠᠳ ᠤᠨ ᠵᠠᠰᠠᠭ ᠤᠨ ᠣᠷᠳᠣᠨ | ᠪᠥᠬᠦ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳᠤ 2020 ᠤᠨ ᠳᠤ | ᠳᠠᠬᠢᠨ ᠣᠯᠠᠨ ᠲᠦᠮᠡᠨ ᠤ ᠲᠤᠰᠬᠠᠯ ᠶᠡᠬᠡᠲᠡᠶ ᠭᠠᠵᠠᠷ ᠲᠤ 6 ᠵᠣᠷᠯᠣᠩ ᠪᠠᠶᠢᠭᠤᠯᠵᠤ᠂ ᠵᠢᠦ ᠴᠢᠦᠶ ᠴᠡᠴᠡᠷᠯᠢᠭ ᠤᠨ | ᠡᠰᠡᠷᠭᠦ ᠲᠠᠯ᠎ᠠ᠂ ᠬᠤᠶᠢᠲᠦ ᠵᠡᠭᠡᠯᠢ ᠲᠣᠭᠤᠷᠢᠭ ᠤᠨ ᠡᠰᠡᠷᠭᠦ ᠲᠠᠯ᠎ᠠ᠂ ᠵᠡᠭᠦᠨ ᠵᠡᠭᠡᠯᠢ ᠶᠢᠨ ᠲᠠᠷᠢᠶᠠᠯᠠᠩ ᠠᠷᠠᠯᠵᠢᠶᠠᠨ ᠤ | ᠵᠠᠬ᠎ᠠ ᠶᠢᠨ ᠵᠡᠭᠦᠨ ᠲᠠᠯ᠎ᠠ᠂ ᠳ᠋ᠠᠴᠢᠩ ᠵᠡᠭᠡᠯᠢ ᠶᠢᠨ ᠵᠠᠬ᠎ᠠ ᠳᠡᠯᠭᠡᠭᠦᠷ᠂ ᠠᠷᠠᠳ ᠤᠨ ᠬᠤᠶᠢᠲᠤ ᠵᠠᠮ ᠪᠣᠯᠤᠨ ᠬᠤᠶᠢᠲᠦ | ᠵᠡᠭᠡᠯᠢ ᠵᠠᠮ ᠤᠨ ᠠᠭᠤᠯᠵᠠᠷ ᠪᠣᠯᠤᠨ ᠯᠢᠶᠠᠨ ᠲᠦᠩ ᠺᠣᠮᠫᠠᠨᠢ ᠶᠢᠨ ᠪᠠᠷᠠᠭᠤᠨ ᠡᠮᠦᠨ᠎ᠡ ᠳᠤ ᠪᠠᠶᠢᠷᠢᠯᠠᠨ᠎ᠠ᠃ ᠵᠣᠷᠯᠣᠩ | ᠪᠦᠷᠢ ᠶᠢᠨ ᠪᠠᠷᠢᠯᠭ᠎ᠠ ᠶᠢᠨ ᠲᠠᠯᠠᠪᠠᠶ ᠨᠢ 50-70 ᠲᠡᠭᠰᠢ ᠳᠥᠷᠪᠡᠯᠵᠢᠨ ᠮᠧᠲᠷ᠂ ᠶᠡᠷᠦᠩᠬᠡᠶ ᠪᠡᠯᠡ | ᠣᠷᠣᠭᠤᠯᠤᠯᠲᠠ ᠨᠢ 230 ᠲᠦᠮᠡᠨ ᠲᠥᠭᠦᠷᠢᠭ ᠪᠠᠶᠢᠵᠤ᠂ ᠣᠳᠣᠬᠠᠨ ᠳᠤ 6 ᠵᠣᠷᠯᠣᠩ ᠨᠢᠭᠡᠨᠲᠡ | ᠦᠨᠳᠦᠰᠦᠨ ᠳᠡᠭᠡᠨ ᠪᠠᠶᠢᠭᠤᠯᠤᠭᠳᠠᠪᠠ᠃ | ᠤᠰᠤᠨ ᠤᠷᠤᠰᠬᠠᠯᠲᠤ ᠵᠣᠷᠯᠣᠩ ᠢ ᠪᠠᠶᠢᠭᠤᠯᠵᠤ ᠳᠠᠭᠤᠰᠬᠠᠭᠰᠠᠨ ᠮᠠᠨ ᠤ ᠰᠢᠶᠠᠨ ᠤ ᠬᠤᠲᠠ ᠶᠢᠨ ᠳᠣᠲᠣᠷᠠᠬᠢ | ᠨᠡᠶᠢᠲᠡ ᠶᠢᠨ ᠵᠣᠷᠯᠣᠩ ᠤᠨ ᠲᠤᠭ᠎ᠠ ᠬᠡᠮᠵᠢᠶ᠎ᠡ ᠬᠦᠷᠦᠯᠴᠡᠬᠦ ᠦᠭᠡᠶ᠂ ᠲᠠᠷᠬᠠᠯᠲᠠ ᠵᠦᠶ ᠵᠣᠬᠢᠰ ᠦᠭᠡᠶ ᠪᠠᠶᠢᠬᠤ | ᠣᠳᠣᠬᠢ ᠪᠠᠶᠢᠳᠠᠯ ᠢ ᠬᠤᠪᠢᠷᠠᠭᠤᠯᠵᠤ᠂ ᠬᠥᠮᠦᠨ ᠠᠮᠠ ᠲᠥᠪᠯᠡᠷᠡᠭᠰᠡᠨ ᠭᠠᠵᠠᠷ ᠪᠠ ᠰᠠᠭᠤᠭᠠᠯᠢ ᠠᠷᠠᠳ ᠲᠥᠪᠯᠡᠷᠡᠭᠰᠡᠨ | ᠭᠠᠵᠠᠷ ᠣᠷᠣᠨ ᠵᠡᠷᠭᠡ ᠭᠠᠵᠠᠷ ᠤᠨ ᠨᠡᠶᠢᠲᠡ ᠶᠢᠨ ᠵᠣᠷᠯᠣᠩ ᠪᠠᠶᠢᠬᠤ ᠦᠭᠡᠶ ᠪᠤᠶᠤ ᠨᠡᠶᠢᠲᠡ ᠶᠢᠨ ᠵᠣᠷᠯᠣᠩ ᠤᠨ ᠵᠠᠶ | ᠨᠡᠯᠢᠶᠡᠳ ᠬᠤᠯᠠ ᠪᠠᠶᠢᠬᠤ ᠠᠴᠠ ᠪᠣᠯᠤᠭᠰᠠᠨ ︽ᠵᠣᠷᠯᠣᠩ ᠬᠦᠴᠢᠷᠲᠡᠶ︾ ᠠᠰᠠᠭᠤᠳᠠᠯ ᠢ ᠰᠢᠢᠳᠪᠦᠷᠢᠯᠡᠨ᠎ᠡ᠃ | ᠣᠨᠴᠠᠭᠠᠶᠢᠯᠠᠨ ᠰᠢᠨ᠎ᠡ ᠪᠠᠷ ᠪᠠᠶᠢᠭᠤᠯᠤᠭᠰᠠᠨ ᠤᠰᠤ ᠪᠠᠷ ᠴᠡᠪᠡᠷᠰᠢᠭᠦᠯᠬᠦ ᠨᠡᠶᠢᠲᠡ ᠶᠢᠨ ᠵᠣᠷᠯᠣᠩ ᠤᠨ ᠭᠠᠳᠠᠷ | ᠬᠡᠯᠪᠡᠷᠢ ᠨᠢ ᠴᠡᠪᠡᠷ ᠴᠡᠮᠴᠡᠭᠡᠷ᠂ ᠲᠥᠬᠦᠭᠡᠷᠦᠮᠵᠢ ᠨᠢ ᠪᠦᠷᠢᠨ ᠲᠥᠬᠦᠷ᠂ ᠴᠢᠳᠠᠮᠵᠢ ᠨᠢ ᠬᠡᠷᠡᠭᠴᠡᠭᠡ ᠲᠠᠢ᠃ ᠥᠷᠭᠡᠨ | ᠣᠯᠠᠨ ᠬᠤᠲᠠ ᠶᠢᠨ ᠠᠷᠠᠳ ᠲᠤ ᠵᠣᠷᠯᠣᠩ ᠴᠡᠪᠡᠷ ᠲᠠᠭᠠᠯᠠᠮᠵᠢᠲᠠᠶ ᠣᠷᠴᠢᠨ ᠲᠣᠭᠤᠷᠢᠨ ᠢ ᠪᠣᠶ ᠪᠣᠯᠭᠠᠵᠤ᠂ | ᠬᠤᠲᠠ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠬᠦᠴᠦᠲᠡᠶ ᠳᠡᠭᠡᠭᠰᠢᠯᠡᠭᠦᠯᠵᠡᠶ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |