ᠵᠦᠸᠧᠽᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤᠲᠠᠭᠤᠳᠠᠯ ᠢᠶᠠᠨ ᠨᠥᠬᠦᠪᠥᠷᠢᠯᠡᠬᠦ  ᠲᠦᠷᠦᠯ  ᠵᠦᠢᠯ ᠯᠠᠪᠳᠠᠭᠤᠨ ᠢᠶᠠᠷ ᠠᠬᠢᠪᠠ
ᠨᠡᠶᠢᠲᠡᠯᠡᠭᠰᠡᠨ ᠴᠠᠭ᠄
2020/11/12
    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠣᠨᠳᠣᠣ ᠭᠠᠵᠠᠷ ᠲᠤ ᠨᠡᠭᠦᠯᠭᠡᠨ ᠰᠢᠯᠵᠢᠭᠦᠯᠬᠦ ᠲᠤᠲᠠᠭᠳᠠᠯ ᠪᠠᠭᠤᠷᠠᠶ ᠲᠠᠯ᠎ᠠ ᠶᠢ ᠨᠥᠬᠦᠪᠥᠷᠢᠯᠡᠬᠦ ᠶᠢᠨ ᠲᠥᠯᠥᠭᠡ᠂ 2020 ᠣᠨ ᠳᠤ ᠵᠦᠸᠧᠽᠢ ᠰᠢᠶᠠᠨ ᠣᠨᠳᠣᠣ ᠭᠠᠵᠠᠷ ᠲᠤ ᠨᠡᠭᠦᠯᠭᠡᠨ ᠳᠤᠲᠠᠭᠤᠳᠠᠯ ᠢ ᠨᠥᠬᠦᠪᠥᠷᠢᠯᠡᠬᠦ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠤᠶ᠃ ᠣᠳᠣ ᠪᠣᠯᠲᠠᠯ᠎ᠠ᠂ ᠨᠢᠭᠡᠳᠦᠭᠡᠷ ᠪᠦᠯᠦᠭ ᠳᠤᠲᠠᠭᠤᠳᠠᠯ ᠢ ᠨᠥᠬᠦᠪᠥᠷᠢᠯᠡᠬᠦ ᠲᠥᠷᠥᠯ ᠵᠦᠢᠯ ᠨᠢ ᠨᠡᠭᠦᠯᠭᠡᠭᠰᠡᠨ ᠠᠷᠠᠳ  ᠤᠨ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠ ᠨᠡᠶᠢᠭᠡᠮ  ᠲᠤᠭᠤᠷᠢᠭ᠊ ᠤᠨ ᠡᠮᠨᠡᠯᠭᠡ ᠶᠢᠨ ᠬᠤᠷᠢᠶ᠎ᠠ ᠵᠡᠷᠭᠡ ᠰᠤᠷᠭᠠᠨ ᠬᠥᠮᠦᠵᠢᠯ᠂ ᠡᠮ ᠡᠮᠨᠡᠯᠭᠡ ᠶᠢᠨ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠢᠭᠤᠯᠬᠤ ᠳᠤ ᠴᠢᠭᠯᠡᠭᠦᠯᠵᠦ᠂ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ 15906 ᠲᠦᠮᠡᠨ ᠲᠥᠭᠦᠷᠢᠭ᠂ ᠭᠤᠣᠯ ᠴᠣᠭᠴᠠ ᠶᠢᠨ ᠪᠠᠷᠢᠯᠭ᠎ᠠ ᠶᠢ ᠶᠠᠭ ᠪᠦᠲᠦᠭᠡᠨ ᠪᠠᠶᠢᠭᠤᠯᠵᠤ᠂ ᠪᠠᠷᠢᠯᠭ᠎ᠠ ᠶᠢᠨ ᠬᠡᠮᠵᠢᠶ᠎ᠡ ᠶᠢᠨ 73% ᠶᠢ ᠪᠡᠶᠡᠯᠡᠭᠦᠯᠪᠡ᠃ ᠬᠤᠶᠠᠳᠤᠭᠠᠷ ᠪᠦᠯᠦᠭ ᠳᠤᠲᠠᠭᠤᠳᠠᠯ ᠢ ᠨᠥᠬᠦᠪᠥᠷᠢᠯᠡᠬᠦ ᠲᠥᠷᠥᠯ ᠵᠦᠸᠧᠽᠢ ᠵᠡᠭᠦᠨ ᠥᠷᠲᠡᠭᠡ ᠶᠢᠨ ᠨᠡᠭᠦᠳᠡᠯ ᠠᠷᠠᠳ ᠤᠨ ᠲᠣᠭᠤᠷᠢᠭ ᠤᠨ ᠣᠶᠢᠷ᠎ᠠ ᠬᠠᠪᠢ ᠶᠢᠨ ᠵᠠᠰᠠᠮᠠᠯ ᠵᠠᠮ ᠢ ᠥᠷᠭᠡᠳᠬᠡᠬᠦ ᠢᠨᠵᠧᠨᠧᠷᠢᠩ ᠢ ᠬᠡᠷᠡᠭᠵᠢᠭᠦᠯᠵᠡᠶ᠃ ᠶᠡᠷᠦᠩᠬᠡᠶ ᠪᠡᠯᠡ ᠣᠷᠣᠭᠤᠯᠤᠯᠲᠠ 4629.57 ᠲᠦᠮᠡᠨ ᠲᠥᠭᠦᠷᠢᠭ᠂ ᠲᠥᠷᠥᠯ ᠵᠦᠢᠯ ᠨᠢᠭᠡᠨᠲᠡ ᠠᠵᠢᠯ ᠡᠬᠢᠯᠡᠪᠡ᠃ ᠭᠤᠷᠪᠠᠳᠤᠭᠠᠷ ᠪᠦᠯᠦᠭ ᠤᠨ ᠳᠤᠲᠠᠭᠤᠳᠠᠯ ᠢ ᠨᠥᠬᠦᠪᠥᠷᠢᠯᠡᠬᠦ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ 1880 ᠲᠦᠮᠡᠨ ᠲᠥᠭᠦᠷᠢᠭ ᠂ ᠭᠤᠣᠯ ᠪᠣᠯᠬᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠨᠢ᠄ ᠲᠦᠭᠦᠬᠡᠶ ᠠᠮᠤ ᠵᠢᠴᠢ ᠪᠣᠯᠪᠠᠰᠤᠷᠠᠭᠤᠯᠤᠭᠰᠠᠨ ᠠᠮᠤ ᠪᠣᠯᠪᠠᠰᠤᠷᠠᠭᠤᠯᠬᠤ ᠦᠢᠯᠡᠳᠪᠦᠷᠢ ᠨᠢ ᠭᠠᠵᠠᠷ ᠰᠢᠷᠣᠶ ᠵᠡᠷᠭᠡ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠬᠢᠵᠦ ᠪᠠᠶᠢᠨ᠎ᠠ︔ ᠹᠦ᠋ ᠠᠨ᠂ ᠹᠦ᠋ ᠺᠠᠩ ᠪᠠᠭ᠎ᠠ ᠲᠣᠭᠤᠷᠢᠭ ᠲᠤ ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ ᠵᠢᠴᠢ  ᠴᠠᠬᠢᠯᠭᠠᠨ ᠬᠥᠳᠡᠯᠭᠡᠭᠦᠷᠲᠦ ᠨᠡᠶᠢᠲᠡ ᠶᠢᠨ ᠮᠠᠰᠢᠨ ᠲᠡᠷᠭᠡ ᠲᠣᠬᠢᠷᠠᠭᠤᠯᠵᠤ᠂ ᠮᠠᠰᠢᠨ ᠲᠡᠷᠭᠡ ᠶᠢ ᠨᠢᠭᠡᠨᠲᠡ ᠬᠤᠳᠠᠯᠳᠤᠨ ᠠᠪᠤᠭᠰᠠᠨ ᠪᠥᠭᠡᠳ ᠲᠤᠰᠢᠶᠠᠨ ᠬᠡᠷᠡᠭᠯᠡᠭᠦᠯᠦᠭᠰᠡᠨ︔ ᠵᠠᠯᠭᠠᠮᠵᠢ ᠶᠠᠳᠠᠭᠤ ᠶᠢ ᠲᠡᠳᠬᠦᠬᠦ ᠠᠵᠤ ᠦᠢᠯᠡᠰ ᠤᠨ ᠲᠥᠷᠥᠯ ᠵᠦᠢᠯ ᠤᠨ  ᠡᠳ᠋ᠰᠢᠭᠦᠯᠦᠨ  ᠤᠶᠢᠯᠡᠳᠪᠦᠷᠢᠯᠡᠬᠦ ᠱᠤᠭᠤᠮ ᠢ ᠨᠢᠭᠡᠨᠲᠡ ᠡᠬᠢᠯᠡᠨ ᠪᠦᠲᠦᠭᠡᠨ ᠪᠠᠶᠢᠭᠤᠯᠪᠠ᠃             ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2