11 ᠰᠠᠷ᠎ᠠ ᠶᠢᠨ 9 ᠤ ᠡᠳᠦᠷ᠂ ︽ᠵᠦᠸᠧᠽᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠤᠳᠤᠷᠢᠳᠬᠤ ᠪᠠᠭ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠰᠡᠳᠦᠪᠲᠦ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠥᠰᠦᠯ︾ ᠤᠨ ᠲᠣᠬᠢᠷᠠᠭᠤᠯᠤᠯᠲᠠ ᠶᠣᠰᠣᠭᠠᠷ᠂ ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠡᠮᠦᠨᠡᠬᠢ ᠰᠤᠷᠤᠯᠴᠠᠯᠭ᠎ᠠ ᠬᠢᠪᠡ | ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠵᠢᠶᠦ᠋ᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ | ᠶᠠᠷᠢᠶ᠎ᠠ ᠲᠠᠯᠪᠢᠵᠠᠶ᠃ | ᠲᠤᠰ ᠤᠳᠠᠭ᠎ᠠ ᠶᠢᠨ ᠬᠤᠷᠠᠯ ᠠᠴᠠ ᠡᠮᠦᠨᠡᠬᠢ ᠰᠤᠷᠤᠯᠴᠠᠯᠭ᠎ᠠ ᠨᠢ ᠥᠪᠡᠷ ᠢᠶᠠᠨ ᠰᠤᠷᠤᠯᠴᠠᠬᠤ ᠪᠠ | ᠲᠥᠪᠯᠡᠷᠡᠭᠦᠯᠦᠨ ᠰᠤᠯᠢᠯᠴᠠᠬᠤ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠪᠠ᠃ ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠄ ᠤᠭ ᠵᠣᠬᠢᠶᠠᠯ ᠢ | ᠨᠠᠷᠢᠨ ᠬᠢᠨᠠᠮᠠᠭᠠᠶ ᠤᠩᠰᠢᠵᠤ᠂ ᠤᠭ ᠵᠣᠬᠢᠶᠠᠯ ᠢ ᠰᠤᠷᠤᠯᠴᠠᠵᠤ᠂ ᠤᠭ ᠶᠣᠰᠣ ᠶᠢ ᠨᠢ ᠣᠶᠢᠯᠠᠭᠠᠵᠤ᠂ ᠶᠡᠷᠦᠩᠬᠡᠶ | ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠨᠠᠮ ᠤᠨ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ | ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠲᠠᠢ ᠤᠶᠠᠯᠳᠤᠭᠤᠯᠤᠨ ᠭᠦᠨᠵᠡᠭᠡᠶ ᠰᠡᠳᠬᠢᠨ | ᠪᠤᠳᠤᠯᠬᠢᠯᠠᠵᠤ ᠰᠤᠳᠤᠯᠬᠤ ᠶᠢ ᠪᠠᠷᠢᠮᠲᠠᠯᠠᠪᠠ᠃ ᠶᠡᠷᠦᠩᠬᠡᠶ ᠱᠦᠵᠢ ᠰᠢ ᠶᠢᠨ ᠫᠢᠩ ᠤᠨ ᠬᠤᠤᠰ ᠬᠡᠯᠡᠨ ᠤ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢᠨ ᠲᠤᠬᠠᠶ ᠴᠢᠬᠤᠯᠠ ᠵᠢᠭᠠᠪᠤᠷᠢ᠂ ᠶᠡᠷᠦᠩᠬᠡᠶ ᠱᠦᠵᠢ ᠰᠢ ᠶᠢᠨ ᠫᠢᠩ ᠤᠨ | 2019 ᠣᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ | ᠶᠡᠭᠡ ᠬᠤᠷᠠᠯ ᠵᠡᠷᠭᠡ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠶᠡᠷᠦᠩᠬᠡᠶ ᠱᠦᠵᠢ ᠰᠢ ᠶᠢᠨ ᠫᠢᠩ ᠤᠨ 2019 | ᠣᠨ ᠳᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠠ ᠨᠠᠮ ᠤᠨ ᠠᠷᠪᠠᠨ | ᠨᠠᠶ᠋ᠮᠠᠳᠤᠭᠠᠷ ᠶᠡᠭᠡ ᠬᠤᠷᠠᠯ ᠠᠴᠠ ᠨᠠᠰᠢᠬᠢ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠶᠢ | ᠭᠤᠤᠯᠳᠠᠯᠭ᠎ᠠ ᠲᠠᠢ ᠰᠤᠷᠤᠯᠴᠠᠵᠤ᠂ ᠲᠥᠪ ᠠᠴᠠ ᠪᠠᠭᠤᠯᠭᠠᠭᠰᠠᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠪᠠᠷ ᠥᠷᠨᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠦ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠲᠤᠬᠠᠶ ᠰᠠᠨᠠᠯ︾ | ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠪᠠ᠃ | ᠰᠤᠷᠤᠯᠴᠠᠬᠤ ᠶᠠᠪᠤᠴᠠ ᠳᠤᠮᠳᠠ᠂ ᠯᠢ ᠵᠢᠶᠦ᠋ᠨ᠂ ᠯᠢ ᠶᠢᠩ ᠵᠡᠷᠭᠡ ᠭᠡᠷ ᠲᠡᠭᠡᠨ ᠪᠠᠶᠢᠭ᠎ᠠ ᠪᠠᠶᠢᠩᠭᠤ ᠶᠢᠨ | ᠭᠡᠰᠢᠭᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠦ᠋ | ᠵᠢᠶᠠᠨ ᠴᠢᠩ ᠰᠤᠷᠤᠯᠴᠠᠯᠭ᠎ᠠ ᠶᠢᠨ ᠬᠤᠷᠠᠯ ᠳᠤ ᠰᠤᠯᠠ ᠣᠷᠣᠯᠴᠠᠪᠠ᠃ ᠣᠯᠠᠨ ᠢᠶᠠᠷ ᠢᠶᠠᠨ ᠶᠡᠷᠦᠩᠬᠡᠶ ᠱᠦᠵᠢ | ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ | ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ᠂ ᠥᠪᠡᠷ ᠥᠪᠡᠷ ᠤᠨ ᠪᠣᠳᠠᠲᠠᠶ ᠠᠵᠢᠯ ᠲᠠᠢ ᠪᠠᠨ ᠨᠢᠭᠲᠠ | ᠤᠶᠠᠯᠳᠤᠭᠤᠯᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠴᠢᠬᠤᠯᠠ ᠠᠴᠢ | ᠬᠤᠯᠪᠣᠭᠳᠠᠯ᠂ ᠰᠤᠷᠤᠯᠴᠠᠬᠤ ᠦᠷ᠎ᠡ ᠪᠦᠲᠦᠭᠡᠯ ᠢ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠪᠣᠳᠠᠲᠤ ᠠᠵᠢᠯᠯᠠᠭ᠎ᠠ | ᠪᠣᠯᠭᠠᠨ ᠬᠤᠪᠢᠷᠠᠭᠤᠯᠬᠤ ᠶᠢ ᠬᠡᠷᠬᠢᠨ ᠠᠬᠢᠭᠤᠯᠬᠤ ᠲᠤᠬᠠᠶ ᠬᠠᠷᠢᠯᠴᠠᠨ ᠰᠤᠯᠢᠯᠴᠠᠬᠤ ᠶᠢ ᠰᠡᠩᠬᠡᠷᠡᠭᠦᠯᠵᠡᠶ᠃ | ᠠᠰᠠᠭᠤᠳᠠᠯ ᠤᠨ ᠲᠤᠬᠠᠶ᠂ ᠲᠠᠨᠢᠯᠲᠠ ᠶᠢᠨ ᠲᠤᠬᠠᠶ᠂ ᠲᠥᠷᠥᠭᠳᠡᠯ ᠤᠨ ᠲᠤᠬᠠᠶ᠂ ᠮᠠᠨ ᠤ ᠰᠢᠶᠠᠨ ᠤ ᠦᠨᠳᠦᠰᠦᠲᠡᠨ ᠤ | ᠠᠵᠢᠯ ᠳᠤ ᠣᠷᠣᠰᠢᠵᠤ ᠪᠠᠶᠢᠭ᠎ᠠ ᠬᠦᠷᠦᠯᠴᠡᠬᠦ ᠦᠭᠡᠶ ᠲᠠᠯ᠎ᠠ ᠶᠢ ᠭᠦᠨᠵᠡᠭᠡᠢ ᠡᠷᠭᠢᠴᠡᠭᠦᠯᠦᠨ ᠪᠣᠳᠣᠵᠤ᠂ ᠤᠯᠤᠰ | ᠲᠥᠷᠥ ᠶᠢᠨ ᠵᠣᠭᠰᠣᠴᠠ᠂ ᠦᠵᠡᠯ ᠰᠠᠨᠠᠭ᠎ᠠ ᠲᠠᠨᠢᠯᠲᠠ᠂ ᠠᠵᠢᠯ ᠤᠨ ᠰᠤᠷᠲᠠᠯ ᠵᠡᠷᠭᠡ ᠲᠠᠯ᠎ᠠ ᠪᠠᠷ ᠭᠦᠨ | ᠳᠠᠪᠬᠤᠷᠭ᠎ᠠ ᠶᠢᠨ ᠰᠢᠯᠲᠠᠭᠠᠨ ᠢ ᠡᠷᠢᠵᠦ ᠂ ᠭᠦᠨᠵᠡᠭᠡᠶ ᠰᠤᠷᠤᠯᠴᠠᠬᠤ᠂ ᠨᠡᠪᠲᠡᠷᠡᠲᠡᠯ᠎ᠡ ᠣᠶᠢᠯᠠᠭᠠᠬᠤ ᠪᠠ | ᠦᠢᠯᠡᠳᠦᠯᠭᠡᠵᠢᠭᠦᠯᠬᠦ ᠲᠠᠯ᠎ᠠ ᠪᠠᠷ ᠠᠵᠢᠯ ᠤᠨ ᠰᠢᠨ᠎ᠡ ᠰᠡᠳᠬᠢᠴᠡ ᠪᠠ ᠰᠢᠨ᠎ᠡ ᠠᠷᠭ᠎ᠠ ᠬᠡᠮᠵᠢᠶ᠎ᠡ ᠶᠢ ᠰᠦᠪᠡᠭᠴᠢᠯᠡᠵᠦ᠂ | ᠳᠠᠷᠠᠭ᠎ᠠ ᠠᠯᠬᠤᠮ ᠳᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠲᠤᠰᠬᠠᠶ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠳᠤ ᠦᠵᠡᠯ ᠰᠠᠨᠠᠭᠠᠨ ᠤ ᠪᠡᠯᠡᠳᠬᠡᠯ ᠬᠢᠵᠦ᠂ ᠮᠠᠨ ᠤ ᠰᠢᠶᠠᠨ ᠤ | ᠦᠨᠳᠦᠰᠦᠲᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠳᠤ ᠦᠵᠡᠯ ᠰᠠᠨᠠᠭᠠᠨ ᠤ | ᠰᠠᠭᠤᠷᠢ ᠶᠢ ᠲᠠᠯᠪᠢᠵᠤ ᠥᠭᠪᠡ᠃ | ᠸᠠᠩ ᠰᠢᠶᠣᠤ ᠵᠢᠶᠦ᠋ᠨ ᠳ᠋ᠦᠩᠨᠡᠯᠲᠡ ᠶᠢᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ | ᠰᠤᠳᠤᠯᠤᠨ ᠶᠠᠷᠢᠯᠴᠠᠬᠤ ᠶᠠᠷᠢᠶᠠᠨ ᠤ ᠭᠤᠤᠯ ᠰᠡᠳᠦᠪ ᠢᠯᠡ ᠲᠣᠳᠣ᠂ ᠦᠨᠡᠨᠴᠢ ᠰᠢᠳᠤᠷᠭᠤ᠂ ᠲᠠᠨᠢᠯᠲᠠ ᠭᠦᠨᠵᠡᠭᠡᠶ᠃ | ᠣᠨᠣᠯ ᠤᠨ ᠳᠡᠭᠡᠲᠦ ᠬᠡᠮᠵᠢᠶ᠎ᠡ ᠪᠠᠶᠢᠬᠤ ᠮᠥᠷᠲᠡᠭᠡᠨ ᠦᠢᠯᠡᠳᠦᠯᠭᠡ ᠶᠢᠨ ᠬᠠᠶᠢᠯᠲᠠ ᠴᠤ ᠪᠠᠶᠢᠨ᠎ᠠ᠂ ᠲᠠᠨᠢᠯᠲᠠ ᠶᠢᠨ | ᠳᠡᠭᠡᠭᠰᠢᠯᠡᠯᠲᠡ ᠪᠠᠶᠢᠬᠤ ᠮᠥᠷᠲᠡᠭᠡᠨ ᠠᠵᠢᠯ ᠤᠨ ᠲᠥᠯᠥᠪᠯᠡᠭᠡ ᠴᠦ ᠪᠠᠶᠢᠨ᠎ᠠ᠂ ᠡᠷᠭᠢᠴᠡᠭᠦᠯᠦᠨ ᠪᠣᠳᠣᠬᠤ ᠮᠥᠷᠲᠡᠭᠡᠨ | ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠴᠦ ᠪᠠᠶᠢᠨ᠎ᠠ᠂ ᠦᠵᠡᠯ ᠰᠠᠨᠠᠭ᠎ᠠ ᠪᠠᠨ ᠰᠣᠯᠢᠯᠴᠠᠬᠤ᠂ ᠲᠠᠨᠢᠯᠲᠠ ᠪᠠᠨ | ᠳᠡᠭᠡᠭᠰᠢᠯᠡᠭᠦᠯᠬᠦ ᠵᠢᠱᠢᠭᠰᠡᠨ ᠦᠷ᠎ᠡ ᠪᠦᠲᠦᠮᠵᠢ ᠳᠤ ᠬᠦᠷᠴᠦ᠂ ᠳᠠᠷᠠᠭᠠᠴᠢ ᠶᠢᠨ ᠠᠯᠬᠤᠮ ᠳᠤ ᠲᠤᠰᠬᠠᠶ ᠰᠡᠳᠦᠪᠲᠦ | ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠳᠤ ᠰᠠᠶᠢᠨ ᠰᠠᠭᠤᠷᠢ ᠲᠠᠯᠪᠢᠵᠤ ᠥᠭᠴᠡᠶ᠃ | ᠸᠠᠩ ᠰᠢᠶᠣᠤ ᠵᠢᠶᠦ᠋ᠨ᠄ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠳᠤᠷᠢᠳᠬᠤ ᠪᠠᠭ ᠤᠨ | ᠭᠡᠰᠢᠭᠦᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠨᠣᠯ ᠤᠨ | ᠰᠤᠷᠤᠯᠴᠠᠯᠭ᠎ᠠ ᠶᠢ ᠬᠢᠨᠠᠮᠠᠭᠠᠶ ᠰᠠᠶᠢᠲᠤᠷ ᠠᠳᠬᠤᠵᠤ᠂ ᠲᠥᠪᠯᠡᠷᠡᠭᠦᠯᠦᠨ ᠰᠤᠷᠤᠯᠴᠠᠭᠰᠠᠨ ᠰᠠᠭᠤᠷᠢᠨ ᠳᠡᠭᠡᠷ᠎ᠡ᠂ | ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ | ᠨᠠᠮ ᠤᠨ ᠲᠦᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠡᠷᠭᠡ ᠬᠤᠯᠪᠣᠭᠳᠠᠯ ᠪᠦᠬᠦᠢ | ᠠᠭᠤᠯᠭ᠎ᠠ ᠳᠤ ᠭᠦᠨᠵᠡᠭᠡᠢ ᠪᠥᠭᠡᠳ ᠰᠢᠰᠲ᠋ᠧᠮ ᠲᠠᠢ ᠥᠪᠡᠷ ᠢᠶᠠᠨ ᠰᠤᠷᠤᠯᠴᠠᠵᠤ᠂ ᠭᠦᠨᠵᠡᠭᠡᠶ ᠰᠤᠷᠤᠯᠴᠠᠨ | ᠨᠡᠪᠲᠡᠷᠡᠲᠡᠯ᠎ᠡ ᠣᠶᠢᠯᠠᠭᠠᠵᠤ᠂ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠪᠠ᠃ ᠲᠤᠰ ᠤᠳᠠᠭ᠎ᠠ ᠶᠢᠨ | ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠲᠠᠢ ᠨᠢᠭᠲᠠ ᠤᠶᠠᠯᠳᠤᠭᠤᠯᠵᠤ᠂ | ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠰᠡᠳᠬᠢᠯ ᠤᠨ ᠦᠭᠡ ᠪᠠᠨ ᠶᠠᠷᠢᠯᠴᠠᠵᠤ ᠂ ᠬᠤᠷᠢᠶᠠᠭᠰᠠᠨ ᠰᠠᠨᠠᠯ | ᠰᠠᠨᠠᠭᠤᠯᠭ᠎ᠠ ᠲᠠᠢ ᠤᠶᠠᠯᠳᠤᠭᠤᠯᠤᠨ᠂ ᠥᠪᠡᠷ ᠢᠶᠠᠨ ᠭᠠᠷ ᠬᠥᠳᠡᠯᠦᠨ ᠶᠠᠷᠢᠶᠠᠨ ᠤ ᠲᠣᠪᠴᠢ ᠶᠢ ᠨᠠᠷᠢᠨ ᠬᠢᠨᠠᠮᠠᠭᠠᠶ | ᠪᠢᠴᠢᠵᠦ᠂ ᠥᠪᠡᠷ ᠤᠨ ᠡᠭᠦᠷᠭᠡ ᠬᠠᠷᠢᠴᠠᠭᠤᠯᠭ᠎ᠠ ᠪᠠᠨ ᠬᠢᠵᠦ᠂ ᠠᠵᠢᠯ ᠢᠶᠠᠨ ᠬᠢᠵᠦ᠂ ᠥᠪᠡᠷ ᠤᠨ ᠰᠢᠭᠦᠮᠵᠢᠯᠡᠯ ᠪᠠ | ᠬᠠᠷᠢᠯᠴᠠᠨ ᠰᠢᠭᠦᠮᠵᠢᠯᠡᠯ ᠬᠢᠬᠦ ᠶᠢ ᠲᠥᠪ ᠴᠢᠩᠭ᠎ᠠ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ | ᠬᠢᠨᠠᠮᠠᠭᠠᠶ ᠲᠣᠭᠲᠠᠭᠠᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠰᠡᠳᠦᠪᠲᠦ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠩᠭ᠎ᠠ ᠪᠥᠭᠡᠳ ᠦᠨᠡᠨ ᠪᠣᠳᠠᠲᠠᠶ ᠴᠢᠨᠠᠷ ᠰᠠᠶᠢᠲᠠᠶ | ᠬᠤᠷᠠᠯᠳᠤᠭᠤᠯᠬᠤ ᠳᠤ ᠰᠠᠶᠢᠲᠤᠷ ᠪᠡᠯᠡᠳᠬᠡᠯ ᠬᠢᠬᠦ ᠬᠡᠷᠡᠭᠲᠡᠶ ᠭᠡᠪᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |