ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠦᠨ ᠬᠤᠸᠠᠢ ᠮᠠᠨ ᠤ ᠰᠢᠶᠠᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠵᠢᠴᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2020/11/12
    11 ᠰᠠᠷ᠎ᠠ ᠶᠢᠨ 6 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠦᠨ ᠬᠤᠸᠠᠢ ᠮᠠᠨ ᠤ ᠰᠢᠶᠠᠨ ᠳᠤ ᠭᠦᠨᠵᠡᠭᠡᠶᠢᠷᠡᠨ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ ᠲᠥᠪ ᠤᠨ ᠨᠠᠶᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ᠂ ᠶᠠᠳᠠᠭᠤ ᠠᠴᠠ  ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠵᠢᠴᠢ ᠴᠢᠬᠤᠯᠠ ᠶᠡᠭᠡ ᠲᠥᠷᠥᠯ  ᠵᠦᠢᠯ ᠤᠨ ᠠᠬᠢᠴᠠ ᠵᠡᠷᠭᠡ ᠪᠠᠶᠢᠳᠠᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠶᠢᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠦ᠋ ᠵᠢᠶᠠᠨ ᠴᠢᠩ᠂ ᠵᠠᠰᠠᠭ ᠤᠨ ᠣᠷᠳᠣᠨ ᠤ ᠳᠡᠳ᠋  ᠰᠢᠶᠡᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠸᠧᠶ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
   ᠪᠠᠶᠠᠨᠰᠢᠯᠢ ᠪᠠᠯᠭᠠᠰᠤᠨ ᠤ ᠵᠤᠤ ᠮᠢᠶᠣᠣ ᠲᠣᠰᠬᠤᠨ ᠳᠤ᠂ ᠶᠦᠨ ᠬᠤᠸᠠᠢ ᠰᠢᠶᠠᠨ ᠤ ᠵᠠᠬᠢᠳᠠᠯ ᠰᠤᠷᠪᠤᠯᠵᠢᠯᠠᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ  ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠠᠶ᠃ ᠲᠡᠷᠡ ᠵᠢᠭᠠᠵᠤ ᠭᠠᠷᠭᠠᠭᠰᠠᠨ ᠨᠢ᠂ ᠬᠡᠷᠡᠭ ᠤᠨ ᠪᠦᠬᠦ ᠶᠠᠪᠤᠴᠠ ᠶᠢ ᠨᠠᠷᠢᠨ ᠬᠢᠨᠠᠮᠠᠭᠠᠶ ᠡᠮᠬᠢᠯᠡᠨ ᠳᠢᠭᠯᠡᠬᠦ ᠬᠡᠷᠡᠭᠲᠡᠢ᠂ ᠴᠠᠭ ᠬᠤᠭᠤᠴᠠᠭ᠎ᠠ ᠬᠤᠪᠢᠶᠠᠨ ᠡᠭᠦᠷᠭᠡ ᠬᠠᠷᠢᠭᠤᠴᠠᠯᠭ᠎ᠠ ᠬᠤᠪᠢᠶᠠᠨ ᠬᠡᠷᠡᠭ ᠢ ᠨᠠᠷᠢᠯᠢᠭᠵᠢᠭᠤᠯᠤᠨ ᠨᠠᠷᠢᠨ ᠬᠤᠪᠢᠶᠠᠵᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠢᠳᠪᠦᠷᠢᠯᠡᠬᠦ ᠲᠥᠰᠦᠯ ᠢ ᠰᠤᠳᠤᠯᠤᠨ ᠲᠣᠭᠲᠠᠭᠠᠵᠤ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠪᠦᠲᠦᠮᠵᠢᠲᠡᠶ  ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃
    ᠪᠠᠶᠠᠨᠰᠢᠯᠢ ᠪᠠᠯᠭᠠᠰᠤᠨ ᠤ ᠵᠡᠭᠦᠨ ᠭᠡᠷ ᠲᠣᠰᠬᠤᠨ ᠳᠤ ᠶᠦᠨ ᠬᠤᠸᠠᠢ ᠠᠵᠢᠯ ᠤᠨ ᠠᠮᠵᠢᠯᠲᠠ ᠪᠦᠲᠦᠮᠵᠢ ᠶᠢᠨ ᠬᠢᠨᠠᠨ ᠰᠢᠯᠭᠠᠯᠲᠠ ᠶᠢᠨ ᠪᠠᠶᠢᠳᠠᠯ ᠢ ᠨᠠᠷᠢᠨ ᠠᠰᠠᠭᠤᠵᠤ᠂ ᠳᠠᠩᠰᠠ ᠡᠪᠬᠡᠮᠡᠯ ᠤᠨ ᠮᠠᠲ᠋ᠧᠷᠢᠶᠠᠯ ᠢ ᠤᠷᠪᠠᠭᠤᠯᠤᠨ ᠦᠵᠡᠵᠡᠶ᠃ ᠲᠡᠷᠡ ᠴᠢᠬᠤᠯᠠᠴᠢᠯᠠᠭᠰᠠᠨ ᠨᠢ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ  ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢ  ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠦᠨᠡᠨ ᠬᠦ ᠠᠵᠢᠯ ᠤᠨ ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭᠲᠡᠶ᠃ ᠳᠠᠩᠰᠠ ᠡᠪᠬᠡᠮᠡᠯ ᠳᠤ ᠣᠷᠣᠭᠤᠯᠬᠤ᠂ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠳᠠᠩᠰᠠ ᠡᠪᠬᠡᠮᠡᠯ ᠤᠨ ᠮᠠᠲ᠋ᠧᠷᠢᠶᠠᠯ ᠢ ᠰᠤᠷᠤᠯᠴᠠᠨ ᠠᠰᠢᠭᠯᠠᠬᠤ ᠳᠠᠭᠠᠨ ᠴᠢᠳᠠᠮᠠᠭᠠᠶ ᠪᠠᠶᠢᠵᠤ᠂ ᠲᠤᠭ᠎ᠠ ᠪᠠᠷᠢᠮᠲᠠ ᠶᠢ ᠪᠦᠷᠢᠳᠬᠡᠬᠦ᠂ ᠮᠠᠲ᠋ᠧᠷᠢᠶᠠᠯ ᠢ ᠵᠠᠳᠠᠯᠬᠤ᠂ ᠦᠷ᠎ᠡ ᠪᠦᠲᠦᠮᠵᠢ ᠶᠢ ᠦᠨᠡᠯᠡᠨ ᠵᠢᠱᠢᠬᠦ ᠵᠡᠷᠭᠡ ᠠᠵᠢᠯ ᠢ  ᠰᠠᠶᠢᠲᠤᠷ ᠬᠢᠬᠦ ᠬᠡᠷᠡᠭᠲᠡᠶ᠃    ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠶᠦᠨ ᠬᠤᠸᠠᠢ ᠪᠠᠰᠠ ᠮᠠᠨ ᠤ ᠰᠢᠶᠠᠨ ᠤ ᠣᠨᠳᠣᠤ ᠭᠠᠵᠠᠷ ᠲᠤ  ᠨᠡᠭᠦᠯᠭᠡᠬᠦ ᠵᠢᠵᠢᠭ ᠲᠣᠭᠤᠷᠢᠭ᠂ ᠶᠠᠳᠠᠭᠤ ᠶᠢ ᠲᠡᠳᠬᠦᠬᠦ ᠤᠶᠢᠯᠡᠳᠪᠦᠷᠢ ᠶᠢᠨ ᠲᠠᠰᠤᠭ᠂ ᠰᠧ ᠶᠢᠨ ᠭᠤᠤᠯ ᠠᠮᠤ ᠮᠢᠨᠲᠤᠤᠷ ᠤᠨ ᠤᠶᠢᠯᠡᠰ ᠤᠨ ᠺᠣᠮᠫᠠᠨᠢ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠪᠣᠯᠪᠠᠰᠤᠷᠠᠭᠤᠯᠬᠤ  ᠤᠶᠢᠯᠡᠳᠪᠦᠷᠢ ᠵᠡᠷᠭᠡ ᠭᠠᠵᠠᠷ ᠢᠶᠠᠷ ᠲᠣᠭᠤᠷᠢᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ᠨᠠᠮ ᠤᠨ ᠡᠭᠦᠷ ᠤᠨ ᠭᠤᠣᠯᠯᠠᠬᠤ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠡᠷᠮᠢᠴᠡ ᠣᠨᠴᠠᠯᠢᠭ ᠲᠠᠢ ᠲᠣᠰᠬᠤᠨ ᠤ ᠬᠠᠮᠲᠤ ᠶᠢᠨ ᠠᠵᠤ ᠦᠢᠯᠡᠰ ᠢ ᠶᠡᠬᠡᠪᠡᠷ ᠳᠡᠮᠵᠢᠬᠦ ᠪᠠ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ  ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠦᠨ᠎ᠡ᠃           ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2