ᠯᠢ ᠶᠢᠩ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ ᠲᠣᠬᠢᠷᠠᠭᠤᠯᠤᠯᠲᠠ ᠶᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/24
    11 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠰᠢᠶᠠᠨ ᠤ ᠳᠠᠷᠤᠭ᠎ᠠ ᠯᠢ ᠶᠢᠩ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠲᠣᠬᠢᠷᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠡᠰᠡᠭ ᠵᠠᠬᠢᠳᠠᠯ ᠰᠤᠷᠪᠤᠯᠵᠢᠯᠠᠯ ᠤᠨ ᠬᠡᠷᠡᠭ ᠢ ᠪᠠᠶᠢᠴᠠᠭᠠᠨ ᠬᠠᠷᠭᠤᠭᠤᠯᠤᠭᠰᠠᠨ᠂ ᠬᠡᠷᠡᠭ ᠢ ᠳᠠᠭᠠᠭᠠᠵᠤ ᠰᠢᠢᠳᠪᠦᠷᠢᠯᠡᠬᠦ ᠠᠵᠢᠯ ᠤᠨ ᠠᠬᠢᠴᠠ ᠶᠢᠨ ᠪᠠᠶᠢᠳᠠᠯ ᠢ  ᠰᠤᠨᠤᠰᠴᠦ᠂ ᠳᠠᠷᠠᠭᠠᠴᠢ ᠶᠢᠨ ᠠᠯᠬᠤᠮ ᠤᠨ ᠪᠣᠳᠠᠲᠠᠶ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠵᠤ᠂ ᠬᠤᠯᠪᠣᠭᠳᠠᠯ ᠪᠦᠬᠦᠢ ᠰᠢᠶᠠᠩ ᠪᠠᠯᠭᠠᠰᠤ ᠪᠠ ᠰᠠᠯᠠᠭ᠎ᠠ ᠮᠥᠴᠢᠷ ᠢ ᠰᠢᠪᠠᠳᠠᠨ ᠲᠠᠨᠢᠯᠲᠠ ᠶᠢ ᠨᠢ ᠳᠡᠭᠡᠭᠰᠢᠯᠡᠭᠦᠯᠵᠦ᠂ ᠠᠷᠭ᠎ᠠ ᠬᠡᠮᠵᠢᠶ᠎ᠡ ᠶᠢ ᠨᠢ ᠴᠢᠩᠭᠠᠷᠠᠭᠤᠯᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠬᠤᠭᠤᠴᠠᠭ᠎ᠠ ᠶᠣᠰᠣᠭᠠᠷ ᠴᠢᠨᠠᠷ ᠰᠠᠶᠢᠲᠠᠶ ᠰᠢᠢᠳᠪᠦᠷᠢᠯᠡᠵᠦ ᠳᠠᠭᠤᠰᠬᠠᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃    ᠯᠢ ᠶᠢᠩ ᠵᠢᠭᠠᠵᠤ ᠭᠠᠷᠭᠠᠭᠰᠠᠨ ᠨᠢ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯ ᠢ ᠬᠢᠨᠠᠮᠠᠭᠠᠶ ᠰᠢᠢᠳᠪᠦᠷᠢᠯᠡᠬᠦ ᠪᠣᠯ ᠲᠣᠭᠤᠷᠢᠨ ᠪᠠᠶᠢᠴᠠᠭᠠᠬᠤ ᠠᠵᠢᠯ ᠳᠤ ᠤᠬᠠᠮᠰᠠᠷ ᠠᠴᠠ ᠪᠠᠨ ᠬᠠᠮᠵᠢᠯᠴᠠᠬᠤ ᠴᠢᠬᠤᠯᠠ ᠡᠭᠦᠷᠭᠡ ᠮᠥᠨ᠂ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠤᠶᠢᠯᠡᠳᠤᠯᠭᠡᠵᠢᠭᠦᠯᠬᠦ᠂ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠪᠦᠲᠦᠮᠵᠢᠲᠡᠶ ᠠᠷᠭ᠎ᠠ ᠵᠠᠮ ᠮᠥᠨ᠃ ᠳᠥᠷᠪᠡᠨ ᠤᠬᠠᠮᠰᠠᠷ ᠢᠶᠠᠨ ᠴᠢᠩᠭᠠᠳᠬᠠᠵᠤ᠂ ᠳᠥᠷᠪᠡᠨ ᠢᠲᠡᠭᠡᠯ ᠢᠶᠠᠨ ᠪᠠᠲᠤᠳᠬᠠᠵᠤ᠂ ᠬᠤᠶᠠᠷ ᠢ ᠬᠠᠮᠠᠭᠠᠯᠠᠬᠤ ᠶᠢ ᠪᠡᠶᠡᠯᠡᠭᠦᠯᠬᠦ ᠶᠢᠨ ᠪᠣᠳᠠᠲᠠᠶ ᠢᠯᠡᠷᠡᠯ ᠪᠣᠯᠤᠨ᠎ᠠ᠃ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠡᠷᠡᠭ ᠢ  ᠰᠢᠢᠳᠪᠦᠷᠢᠯᠡᠬᠦ ᠪᠠ ᠵᠥᠷᠢᠴᠡᠯ ᠢ ᠠᠷᠢᠯᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠬᠡᠷᠡᠭ ᠢ  ᠳᠠᠭᠤᠰᠬᠠᠨ ᠤᠴᠢᠷ ᠶᠠᠪᠤᠳᠠᠯ ᠢ ᠳᠠᠭᠤᠰᠬᠠᠬᠤ ᠶᠢ ᠦᠨᠡᠨ ᠬᠦ ᠪᠠᠲᠤᠯᠠᠪᠠᠯ ᠣᠯᠠᠨ ᠲᠦᠮᠡᠨ ᠰᠡᠳᠬᠢᠯ ᠬᠠᠨᠤᠮᠵᠢᠲᠠᠶ ᠪᠣᠯᠤᠨ᠎ᠠ᠃    ᠯᠢ ᠶᠢᠩ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠢᠶᠠᠩ ᠪᠠᠯᠭᠠᠰᠤ ᠪᠣᠯᠤᠨ ᠰᠠᠯᠠᠭ᠎ᠠ ᠮᠥᠴᠢᠷ ᠬᠦᠴᠢᠷ ᠪᠡᠷᠬᠡᠰᠢᠶᠡᠯ ᠠᠴᠠ ᠠᠶᠤᠬᠤ ᠰᠡᠳᠬᠢᠯᠭᠡ ᠪᠣᠯᠤᠨ ᠲᠦᠯᠬᠢᠯᠴᠡᠬᠦ ᠦᠵᠡᠯ ᠰᠠᠨᠠᠭ᠎ᠠ ᠶᠢ ᠡᠷᠡᠰ ᠬᠤᠷᠢᠭᠯᠠᠵᠤ᠂ ︽ᠤᠴᠢᠷ ᠶᠠᠪᠤᠳᠠᠯ ᠢ ᠰᠢᠢᠳᠪᠦᠷᠢᠯᠡᠬᠦ︾ ᠵᠠᠷᠴᠢᠮ ᠶᠣᠰᠣᠭᠠᠷ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠲᠣᠳᠣᠷᠬᠠᠶ ᠢᠯᠭᠠᠵᠤ᠂ ᠣᠯᠠᠨ ᠲᠦᠮᠡᠨ ᠤ ᠲᠤᠰᠬᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠠᠰᠠᠭᠤᠳᠠᠯ ᠤᠨ ᠭᠡᠮ ᠰᠣᠭᠤᠭ ᠢ ᠬᠢᠨᠠᠮᠠᠭᠠᠶ ᠵᠠᠳᠠᠯᠵᠤ᠂ ᠪᠣᠳᠠᠲᠤ ᠶᠠᠪᠤᠳᠠᠯ ᠤᠨ ᠦᠨᠳᠦᠰᠦ ᠪᠠᠷᠢᠮᠲᠠ ᠶᠢ ᠲᠣᠳᠣᠷᠬᠠᠶᠢᠯᠠᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠥᠷᠥᠯ ᠬᠤᠪᠢᠶᠠᠨ ᠰᠢᠢᠳᠪᠦᠷᠢᠯᠡᠵᠦ᠂ ᠵᠦᠶ ᠵᠣᠬᠢᠰᠲᠠᠶ ᠬᠦᠰᠡᠯ ᠱᠠᠭᠠᠷᠳᠠᠯᠭ᠎ᠠ ᠳᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠢᠨᠠᠮᠠᠭᠠᠶ  ᠪᠡᠶᠡᠯᠡᠭᠦᠯᠵᠦ᠂ ᠶᠣᠰᠣ ᠪᠤᠰᠤ ᠬᠦᠰᠡᠯ ᠱᠠᠭᠠᠷᠳᠠᠯᠭ᠎ᠠ ᠳᠤ ᠦᠵᠡᠯ ᠰᠠᠨᠠᠭᠠᠨ ᠤ ᠵᠢᠯᠣᠭᠤᠳᠣᠯᠭ᠎ᠠ ᠶᠢ ᠬᠦᠯᠢᠴᠡᠩᠭᠦᠶ ᠨᠢᠮᠪᠠᠶ ᠬᠢᠵᠦ᠂ ᠠᠮᠢᠳᠤᠷᠠᠯ ᠨᠢ ᠬᠦᠴᠢᠷᠳᠡᠯ ᠲᠠᠢ ᠣᠯᠠᠨ ᠲᠦᠮᠡᠨ ᠢ ᠴᠠᠭ ᠲᠤᠬᠠᠶ ᠳᠤᠨᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠠᠵᠢᠯ ᠢ ᠥᠷᠨᠢᠭᠦᠯᠵᠦ᠂  ᠰᠤᠷᠪᠤᠯᠵᠢᠯᠠᠨ ᠲᠦᠢᠪᠡᠭᠡᠬᠦ᠂ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ ᠦᠵᠡᠭᠳᠡᠯ ᠢ ᠬᠠᠤᠯᠢ ᠶᠣᠰᠣᠭᠠᠷ ᠰᠢᠢᠳᠪᠦᠷᠢᠯᠡᠵᠦ᠂ ᠲᠣᠭᠲᠠᠭᠰᠠᠨ ᠬᠤᠭᠤᠴᠠᠭᠠᠨ ᠳᠣᠲᠣᠷ᠎ᠠ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠦᠨᠡᠨ ᠬᠦ ᠰᠠᠶᠢᠲᠤᠷ  ᠰᠢᠢᠳᠪᠦᠷᠢᠯᠡᠨ᠎ᠡ᠂ ᠪᠥᠬᠦ ᠰᠢᠶᠠᠨ ᠤ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠦᠨᠡᠨ ᠬᠦ ᠰᠠᠶᠢᠲᠤᠷ  ᠬᠠᠮᠠᠭᠠᠯᠠᠨ᠎ᠠ᠃    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢᠦ ᠴᠢ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠸᠠᠨ ᠺᠦᠶ ᠵᠢᠴᠢ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠵᠦᠸᠧᠽᠢ ᠱᠠᠨ ᠪᠠᠯᠭᠠᠰᠤ᠂ ᠯᠢ ᠬᠤᠸᠠ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠬᠡᠷᠡᠭ ᠢ ᠳᠠᠭᠠᠭᠠᠴᠢᠯᠠᠨ  ᠰᠢᠢᠳᠪᠦᠷᠢᠯᠡᠬᠦ ᠤᠴᠢᠷ ᠶᠠᠪᠤᠳᠠᠯ ᠤᠨ ᠶᠣᠰᠣᠭᠠᠷ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃                    ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2