10 ᠰᠠᠷ᠎ᠠ ᠶᠢᠨ 28 ᠤ ᠡᠳᠦᠷ᠂ ᠵᠦᠸᠧᠽᠢ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ | ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠵᠥᠪᠯᠡᠯ ᠤᠨ ᠡᠷᠬᠢᠯᠡᠭᠴᠢ ᠸᠠᠩ ᠰᠢᠶᠤᠤ ᠵᠢᠶᠦ᠋ᠨ | ᠰᠢᠶᠠᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ | ᠬᠤᠶᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠪᠦᠬᠦ ᠤᠯᠤᠰ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ | ᠵᠥᠪᠯᠡᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠯᠵᠢᠶᠡᠨ ᠤ | ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ︽ᠪᠥᠬᠦ ᠰᠢᠶᠠᠨ ᠤ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ | ᠴᠢᠩᠭᠠᠳᠬᠠᠬᠤ ᠲᠤᠬᠠᠶ ᠴᠡᠭᠴᠡᠯᠡᠨ ᠰᠠᠶᠢᠵᠢᠷᠠᠭᠤᠯᠵᠤ ᠠᠬᠢᠭᠤᠯᠬᠤ ᠲᠥᠰᠦᠯ︾ ᠢ ᠬᠢᠨᠠᠨ ᠶᠠᠷᠢᠯᠴᠠᠵᠤ ᠂ | ᠳᠠᠷᠠᠭᠠᠴᠢ ᠶᠢᠨ ᠱᠠᠲᠤᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ | ᠸᠠᠩ ᠰᠢᠶᠣᠤ ᠵᠢᠶᠦ᠋ᠨ ᠴᠢᠬᠤᠯᠠᠴᠢᠯᠠᠭᠰᠠᠨ ᠨᠢ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠳᠠᠬᠢ | ᠨᠠᠮ ᠤᠨ ᠨᠢᠭᠡᠳᠦᠯᠲᠡᠶ ᠤᠳᠤᠷᠢᠳᠤᠯᠭ᠎ᠠ ᠶᠢ ᠦᠨᠡᠨᠬᠦ ᠴᠢᠩᠭᠠᠳᠬᠠᠵᠤ᠂ ᠪᠥᠬᠦ ᠰᠢᠶᠠᠨ ᠤ ᠢᠨᠲ᠋ᠧᠷ ᠰᠦᠯᠵᠢᠶᠡᠨ ᠤ | ᠮᠡᠳᠡᠭᠡ ᠵᠠᠩᠭᠢ ᠶᠢᠨ ᠠᠵᠢᠯ ᠤᠨ ᠶᠡᠷᠦᠩᠬᠡᠶ ᠰᠡᠳᠬᠢᠴᠡ᠂ ᠭᠤᠣᠯᠳᠠᠯᠭ᠎ᠠ ᠲᠠᠢ ᠡᠭᠦᠷᠭᠡ᠂ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠲᠤᠳᠤᠷᠬᠠᠶᠢᠯᠠᠬᠤ ᠬᠡᠷᠡᠭᠲᠡᠶ᠃ ᠪᠥᠬᠦ ᠰᠢᠶᠠᠨ ᠤ ᠠᠵᠤ ᠠᠬᠤᠶ | ᠨᠡᠶᠢᠭᠡᠮ ᠤᠨ ᠬᠥᠭᠵᠢᠯᠲᠡ ᠳᠤ ᠨᠡᠩ ᠰᠠᠶᠢᠲᠤᠷ ᠤᠶᠢᠯᠡᠴᠢᠯᠡᠵᠦ᠂ ᠣᠳᠣᠬᠠᠨ ᠤ ᠨᠠᠷᠢᠨ ᠪᠤᠳᠤᠯᠢᠶᠠᠨᠲᠠᠶ | ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠡᠮᠦᠨ᠎ᠡ᠂ ᠵᠢᠭᠰᠠᠭᠠᠯ ᠤᠨ ᠭᠠᠵᠠᠷ ᠤᠨ ᠤᠬᠠᠮᠰᠠᠷ ᠢᠶᠠᠨ | ᠴᠢᠩᠭᠠᠳᠬᠠᠵᠤ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠨ᠂ ᠰᠦᠯᠵᠢᠶᠡᠨ ᠳᠡᠭᠡᠷ᠎ᠡ ᠵᠥᠪ ᠲᠠᠯ᠎ᠠ ᠶᠢᠨ ᠤᠬᠠᠭᠤᠯᠭ᠎ᠠ ᠪᠣᠯᠤᠨ ᠶᠠᠷᠢᠶ᠎ᠠ | ᠬᠡᠯᠡᠯᠴᠡᠭᠡᠨ ᠤ ᠵᠢᠯᠣᠭᠤᠳᠤᠮᠵᠢ ᠶᠢ ᠴᠢᠩᠭᠠᠳᠬᠠᠵᠤ᠂ ᠢᠨᠲ᠋ᠧᠷ ᠰᠦᠯᠵᠢᠶᠡᠨ ᠤ ᠤᠬᠠᠭᠤᠯᠭ᠎ᠠ ᠪᠠ ᠬᠠᠮᠢᠶᠠᠷᠤᠯᠲᠠ ᠶᠢ | ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠰᠦᠯᠵᠢᠶᠡᠨ ᠤ ᠠᠮᠤᠷ ᠲᠦᠪᠰᠢᠨ ᠪᠠ ᠨᠡᠶᠢᠭᠡᠮ ᠤᠨ | ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠵᠤ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠮᠡᠳᠡᠭᠡ ᠵᠠᠩᠭᠢᠵᠢᠯᠲᠠ ᠶᠢᠨ | ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠢᠨᠲ᠋ᠧᠷ ᠰᠦᠯᠵᠢᠶᠡᠨ ᠤ ᠰᠡᠳᠬᠢᠬᠦᠶ ᠪᠠᠨ ᠴᠢᠩᠭᠠᠳᠬᠠᠵᠤ | ᠂ ᠢᠨᠲ᠋ᠧᠷ ᠰᠦᠯᠵᠢᠶ᠎ᠡ ᠶᠢ ᠰᠤᠷᠤᠯᠴᠠᠬᠤ ᠪᠠ ᠬᠡᠷᠡᠭᠯᠡᠬᠦ ᠳᠡᠭᠡᠨ ᠴᠢᠳᠠᠮᠠᠭᠠᠶ ᠪᠠᠶᠢᠵᠤ᠂ ᠢᠨᠲ᠋ᠧᠷ ᠰᠦᠯᠵᠢᠶ᠎ᠡ ᠶᠢ ᠣᠯᠠᠨ | ᠲᠦᠮᠡᠨ ᠲᠠᠢ ᠰᠣᠯᠢᠯᠴᠠᠭ᠎ᠠ ᠨᠡᠪᠲᠡᠷᠡᠯᠴᠡᠭᠡ ᠶᠢᠨ ᠰᠢᠨ᠎ᠡ ᠲᠠᠪᠴᠠᠩ ᠪᠣᠯᠭᠠᠵᠤ᠂ ᠣᠯᠠᠨ ᠲᠦᠮᠡᠨ ᠢ ᠣᠶᠢᠯᠠᠭᠠᠬᠤ᠂ | ᠣᠯᠠᠨ ᠲᠦᠮᠡᠨ ᠲᠠᠢ ᠤᠶᠢᠷᠠᠳᠬᠤ᠂ ᠣᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠬᠦ ᠰᠢᠨ᠎ᠡ ᠠᠷᠭ᠎ᠠ ᠵᠠᠮ | ᠪᠣᠯᠵᠤ᠂ ᠠᠷᠠᠳ ᠤᠨ ᠠᠷᠠᠳᠴᠢᠯᠠᠯ ᠢ ᠪᠠᠳᠠᠷᠠᠭᠤᠯᠵᠤ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠰᠢᠨ᠎ᠡ ᠠᠷᠭ᠎ᠠ | ᠵᠠᠮ ᠤ ᠣᠯᠭᠠᠵᠤ᠂ ᠠᠮᠤᠷ ᠠᠮᠤᠭᠤᠯᠠᠩ᠂ ᠡᠶ᠎ᠡ ᠵᠣᠬᠢᠴᠠᠯ ᠲᠠᠢ᠂ ᠠᠮᠤᠷ ᠲᠦᠪᠰᠢᠨ᠂ ᠠᠮᠤᠷ ᠲᠦᠪᠰᠢᠨ᠂ ᠮᠡᠳᠡᠭᠡ | ᠵᠠᠩᠭᠢᠴᠢᠯᠠᠯᠲᠠ ᠶᠢᠨ ᠪᠠᠲᠤᠯᠭ᠎ᠠ ᠬᠠᠩᠬᠠᠨ᠎ᠠ᠃ | | | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |