ᠵᠦᠸᠧᠽᠢ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ᠂ ᠵᠦᠸᠧᠽᠢ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠬᠠᠮᠲᠤᠷᠠᠨ ︽  ︿ᠵᠢᠷᠭᠤᠭ᠎ᠠ ᠶᠢ ᠲᠣᠭᠲᠠᠪᠤᠷᠢᠵᠢᠭᠤᠯᠬᠤ﹀ ︿ᠵᠢᠷᠭᠤᠭ᠎ᠠ ᠶᠢ ᠪᠠᠲᠤᠯᠠᠬᠤ﹀  ᠳᠤ ᠤᠶᠢᠯᠡᠴᠢᠯᠡᠬᠦ ᠠᠵᠢᠯ ᠢ ᠡᠷᠬᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠬᠤ︾ ᠨᠡᠭᠡᠭᠡᠯᠲᠡ ᠶᠢᠨ ᠡᠳᠦᠷ ᠤᠨ ᠠᠵᠢᠯᠯᠠᠭ᠎ᠠ ᠶᠢ ᠪᠠᠶᠢᠴᠠᠭᠠᠪᠠ
ᠨᠡᠶᠢᠲᠡᠯᠡᠭᠰᠡᠨ ᠴᠠᠭ᠄
2020/11/3
  ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠳᠤᠮᠳᠠᠳᠤ ᠶᠢᠨ ᠪᠦᠬᠦ ᠤᠯᠤᠰ ᠤᠨ ᠤᠶᠢᠯᠡᠳᠪᠦᠷᠢ ᠬᠤᠳᠠᠯᠳᠤᠭᠠᠴᠢᠳ ᠤᠨ ᠬᠤᠯᠪᠣᠭᠠᠲᠤ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠠᠷᠠᠳ ᠤᠨ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠳᠤ ᠨᠡᠩ ᠰᠠᠶᠢᠨ ᠰᠢᠯᠢᠳᠡᠭ  ᠤᠶᠢᠯᠡᠴᠢᠯᠡᠭᠡ ᠪᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠵᠤ  ᠂ 10 ᠰᠠᠷ᠎ᠠ ᠶᠢᠨ 27 ᠤ ᠡᠳᠦᠷ᠂ ᠵᠦᠸᠧᠽᠢ ᠰᠢᠶᠠᠨ ᠤ ᠠᠷᠠᠳ ᠤᠨ ᠪᠠᠶᠢᠴᠠᠭᠠᠬᠤ  ᠬᠤᠷᠢᠶ᠎ᠠ ᠵᠦᠸᠧᠽᠢ ᠰᠢᠶᠠᠨ ᠤ ᠦᠢᠯᠡᠳᠪᠦᠷᠢ ᠬᠤᠳᠠᠯᠳᠤᠭᠠᠨ ᠤ  ᠬᠤᠯᠪᠤᠭ᠎ᠠ ᠬᠠᠮᠲᠤᠷᠠᠨ ︽︿ᠵᠢᠷᠭᠤᠭ᠎ᠠ ᠶᠢ ᠲᠣᠭᠲᠠᠪᠤᠷᠢᠵᠢᠭᠤᠯᠬᠤ﹀ ︿ᠵᠢᠷᠭᠤᠭ᠎ᠠ ᠶᠢ ᠪᠠᠲᠤᠯᠠᠬᠤ﹀ ᠳᠤ ᠦᠢᠯᠡᠴᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠬᠤ︾ ᠭᠤᠣᠯ ᠰᠡᠳᠦᠪᠲᠦ ᠪᠠᠶᠢᠴᠠᠭᠠᠯᠲᠠ ᠬᠢᠵᠦ ᠴᠢᠯᠥᠭᠡᠲᠡᠶ ᠶᠠᠪᠤᠯᠴᠠᠬᠤ ᠡᠳᠦᠷ ᠤᠨ ᠠᠵᠢᠯᠯᠠᠭ᠎ᠠ ᠶᠢ ᠡᠷᠬᠢᠯᠡᠪᠡ᠃ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ᠂ ᠵᠦᠸᠧᠽᠢ ᠮᠤᠩ ᠶᠢᠨ ᠲᠣᠰᠬᠤᠨ ᠪᠠᠯᠭᠠᠰᠤ ᠶᠢᠨ ᠪᠠᠩᠭᠢ᠂ ᠴᠧᠨ ᠭᠦᠸᠧ ᠲᠢᠩ ᠤᠨ ᠰᠢᠷᠠᠭᠰᠠᠨ ᠲᠠᠬᠢᠶᠠᠨ ᠤ ᠺᠣᠮᠫᠠᠨᠢ᠂ ᠱᠠᠨ ᠵᠢᠩ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ᠂ ᠹᠦ᠋ ᠯᠢᠨ ᠳ᠋ᠡ ᠪᠠᠭᠤᠳᠠᠯ᠂  ᠵᠦᠸᠧᠽᠢ ᠢᠳᠡᠭᠡᠨ ᠤ ᠬᠢᠵᠠᠭᠠᠷᠲᠤ ᠺᠣᠮᠫᠠᠨᠢ᠂ ᠱᠢ ᠯᠢᠶᠠᠨ ᠬᠤᠸᠠ ᠬᠡᠲᠦ ᠳᠡᠯᠭᠡᠭᠦᠷ᠂ ᠵᠦᠸᠧᠽᠢ ᠱᠠᠨ ᠰᠢᠷᠠᠭᠰᠠᠨ ᠲᠠᠬᠢᠶᠠᠨ ᠤ ᠺᠣᠮᠫᠠᠨᠢ ᠵᠡᠷᠭᠡ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠷᠢᠯᠭ᠎ᠠ ᠪᠠᠷ ᠠᠵᠢᠯᠯᠠᠭ᠎ᠠ ᠳᠤ ᠣᠷᠣᠯᠴᠠᠪᠠ᠃
   ᠶᠠᠷᠢᠯᠴᠠᠬᠤ ᠬᠤᠷᠠᠯ ᠳᠡᠭᠡᠷ᠎ᠡ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠶᠢᠴᠠᠭᠠᠬᠤ ᠡᠭᠦᠷᠭᠡ ᠴᠢᠳᠠᠪᠤᠷᠢ ᠪᠠᠨ ᠬᠡᠷᠬᠢᠨ ᠨᠡᠩ ᠰᠠᠶᠢᠨ ᠪᠠᠳᠠᠷᠠᠭᠤᠯᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠬᠡᠷᠬᠢᠨ ᠨᠡᠩ ᠰᠠᠶᠢᠨ ᠪᠠᠳᠠᠷᠠᠭᠤᠯᠬᠤ ᠲᠤᠬᠠᠶ ᠰᠠᠨᠠᠯ ᠳᠤᠷᠠᠳᠤᠭᠰᠠᠨ ᠪᠥᠭᠡᠳ ᠬᠤᠷᠠᠯ ᠳᠤ ᠤᠷᠤᠯᠴᠠᠭᠰᠠᠨ ᠲᠥᠯᠥᠭᠡᠯᠡᠭᠴᠢ ᠠᠴᠠ ᠡᠯ᠎ᠡ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠴᠢᠳᠠᠪᠤᠷᠢ ᠶᠢᠨ ᠲᠠᠯ᠎ᠠ ᠪᠠᠷ ᠬᠢ ᠰᠠᠨᠠᠯ ᠢ ᠬᠤᠷᠢᠶᠠᠪᠠ᠃  ᠤᠶᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠤᠤᠯ ᠬᠠᠷᠢᠭᠤᠴᠠᠯᠭᠠᠲᠠᠨ᠂ ᠵᠢᠷᠭᠤᠭ᠎ᠠ ᠶᠢ ᠲᠤᠭᠲᠠᠪᠦᠷᠢᠵᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠃ ︿ᠵᠢᠷᠭᠤᠭ᠎ᠠ ᠶᠢ ᠪᠠᠲᠤᠯᠠᠬᠤ﹀ ᠡᠭᠦᠷᠭᠡ ᠶᠢ ᠨᠠᠶᠢᠳᠠᠪᠤᠷᠢᠵᠢᠭᠤᠯᠬᠤ ᠳᠤ᠂ ᠠᠷᠠᠳ ᠤᠨ ᠡᠵᠡᠩᠨᠡᠯᠲᠡ ᠶᠢᠨ ᠠᠵᠤ  ᠠᠬᠤᠶᠢᠯᠠᠯ ᠪᠣᠯ ᠳᠤᠲᠠᠭᠳᠠᠵᠤ ᠪᠣᠯᠤᠰᠢ ᠦᠭᠡᠶ ᠬᠦᠴᠦᠨ ᠮᠥᠨ᠃ ᠡᠨᠡ ᠤᠳᠠᠭᠠᠨ ᠤ ᠨᠡᠭᠡᠭᠡᠯᠲᠡ ᠶᠢᠨ ᠡᠳᠦᠷ ᠢ ᠪᠠᠶᠢᠴᠠᠭᠠᠬᠤ ᠠᠵᠢᠯᠯᠠᠭ᠎ᠠ ᠨᠢ ᠮᠠᠨ ᠤ ᠰᠢᠶᠠᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠠᠵᠤ ᠠᠬᠤᠶ ᠶᠢᠨ ᠬᠥᠭᠵᠢᠯᠲᠡ ᠶᠢᠨ ᠳᠤᠮᠳᠠ ᠬᠠᠤᠯᠢ ᠪᠠᠷ ᠵᠠᠰᠠᠬᠤ ᠠᠰᠠᠭᠤᠳᠠᠯ ᠢ  ᠰᠢᠢᠳᠪᠦᠷᠢᠯᠡᠬᠦ ᠳᠤ ᠵᠢᠷᠤᠮᠯᠠᠯ ᠪᠣᠯᠤᠨ ᠯᠠᠪᠯᠠᠯᠲᠠ ᠬᠠᠩᠭᠠᠵᠡᠢ᠃ ᠮᠥᠨᠴᠦ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠮᠴᠢᠯᠡᠬᠦ ᠡᠷᠬᠡ ᠶᠢ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠬᠦ ᠳᠤ ᠢᠳᠡᠪᠬᠢᠲᠡᠶ ᠤᠶᠢᠯᠡᠳᠤᠯ ᠦᠵᠡᠭᠦᠯᠵᠡᠶ᠃ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠂ ᠪᠠᠰᠠ ᠴᠤ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ ᠶᠢᠨ ᠲᠣᠭᠲᠠᠴᠠ ᠶᠢ ᠪᠠᠶᠢᠭᠤᠯᠤᠨ  ᠲᠡᠭᠦᠯᠳᠡᠷᠵᠢᠭᠦᠯᠬᠦ ᠲᠤᠬᠠᠶ ᠢᠳᠡᠪᠬᠢᠲᠡᠶ ᠰᠦᠪᠡᠭᠴᠢᠯᠡᠵᠦ᠂ ᠮᠠᠨ ᠤ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠰᠢᠨ᠎ᠡ ᠬᠡᠯᠪᠡᠷᠢ ᠶᠢᠨ ᠬᠠᠷᠢᠴᠠᠭ᠎ᠠ ᠶᠢ ᠪᠠᠶᠢᠭᠤᠯᠵᠤ᠂ ᠠᠷᠠᠳ ᠤᠨ  ᠡᠵᠡᠩᠨᠡᠯᠲᠡ ᠶᠢᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠰᠠᠭᠤᠷᠢ ᠲᠠᠯᠪᠢᠪᠠ᠃
   ᠶᠠᠷᠢᠯᠴᠠᠬᠤ ᠬᠤᠷᠠᠯ ᠳᠡᠭᠡᠷ᠎ᠡ ᠲᠥᠯᠥᠭᠡᠯᠡᠭᠴᠢᠳ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠰᠠᠨᠠᠯ ᠵᠥᠪᠯᠡᠯᠭᠡ ᠳᠤᠷᠠᠳᠴᠦ ᠠᠷᠭ᠎ᠠ ᠤᠬᠠᠭᠠᠨ ᠭᠠᠷᠭᠠᠵᠤ᠂ ᠪᠠᠶᠢᠴᠠᠭᠠᠬᠤ ᠪᠠᠶᠢᠭᠤᠯᠭ᠎ᠠ᠂  ᠤᠶᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠠᠰᠠᠭ ᠤᠨ ᠶᠠᠪᠤᠳᠠᠯ ᠤᠨ  ᠤᠶᠢᠯᠡᠴᠢᠯᠡᠭᠡᠨ ᠤ ᠲᠥᠪ ᠵᠡᠷᠭᠡ ᠨᠢᠭᠡᠴᠡ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠪᠠᠨ  ᠤᠶᠢᠯᠡᠴᠢᠯᠡᠬᠦ ᠠᠷᠭ᠎ᠠ ᠪᠠᠷᠢᠯ ᠢ ᠨᠤᠲᠠᠯᠠᠭᠰᠠᠨ ᠪᠥᠭᠡᠳ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠳᠤᠮᠳᠠ ᠲᠤᠯᠭᠠᠷᠠᠭᠰᠠᠨ ᠪᠣᠳᠠᠲᠠᠶ ᠬᠦᠴᠢᠷᠳᠡᠯ ᠪᠣᠯᠤᠨ ᠠᠰᠠᠭᠤᠳᠠᠯ ᠲᠠᠢ ᠤᠶᠠᠯᠳᠤᠭᠤᠯᠤᠨ ᠶᠠᠷᠢᠯᠴᠠᠵᠤ ᠰᠤᠷᠤᠯᠴᠠᠪᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠬᠤ᠂ ᠠᠵᠤ ᠠᠬᠤᠶᠢᠯᠠᠯ ᠤᠨ ᠠᠵᠢᠯᠲᠠᠨ ᠤ ᠬᠠᠤᠯᠢ ᠴᠠᠭᠠᠵᠠ ᠶᠢᠨ ᠮᠡᠳᠡᠯᠭᠡ ᠶᠢ ᠳᠡᠭᠡᠭᠰᠢᠯᠡᠭᠦᠯᠬᠦ᠂ ᠪᠠᠶᠢᠴᠠᠭᠠᠬᠤ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠬᠦ ᠵᠡᠷᠭᠡ ᠠᠵᠢᠯ ᠳᠤ ᠰᠠᠨᠠᠯ ᠰᠠᠨᠠᠭᠤᠯᠭ᠎ᠠ ᠳᠤᠷᠠᠳᠪᠠ᠃
   ᠠᠵᠢᠯᠯᠠᠭᠠᠨ ᠤ ᠳᠤᠮᠳᠠ ᠵᠦᠸᠧᠽᠢ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠢᠭᠡᠳᠦᠭᠡᠷ ᠪᠠᠶᠢᠴᠠᠭᠠᠬᠤ ᠬᠡᠯᠲᠡᠰ᠂ ᠬᠤᠶᠠᠳᠤᠭᠠᠷ  ᠪᠠᠶᠢᠴᠠᠭᠠᠬᠤ ᠬᠡᠯᠲᠡᠰ᠂ ᠭᠤᠷᠪᠠᠳᠤᠭᠠᠷ ᠪᠠᠶᠢᠴᠠᠭᠠᠬᠤ ᠬᠡᠯᠲᠡᠰ ᠤᠨ ᠬᠠᠷᠢᠭᠤᠴᠠᠯᠭᠠᠲᠠᠨ ︽︿ᠵᠢᠷᠭᠤᠭ᠎ᠠ ᠶᠢ ᠲᠣᠭᠲᠠᠪᠤᠷᠢᠵᠢᠭᠤᠯᠬᠤ﹀ ︿ᠵᠢᠷᠭᠤᠭ᠎ᠠ ᠶᠢ ᠪᠠᠲᠤᠯᠠᠬᠤ﹀ ᠳᠤ ᠦᠢᠯᠡᠴᠢᠯᠡᠵᠦ᠂ ᠠᠷᠠᠳ ᠤᠨ ᠡᠵᠡᠩᠨᠡᠭᠰᠡᠨ ᠠᠵᠤ  ᠠᠬᠤᠶᠢᠯᠠᠯ ᠤᠨ ᠬᠥᠭᠵᠢᠯᠲᠡ ᠶᠢ ᠬᠠᠮᠠᠭᠠᠯᠠᠬᠤ︾ ᠭᠤᠤᠯ ᠰᠡᠳᠦᠪ ᠤᠳ ᠲᠣᠭᠤᠷᠢᠨ ᠳᠤ ᠡᠯ᠎ᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢ ᠲᠠᠨᠢᠯᠴᠠᠭᠤᠯᠪᠠ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠤᠶᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ ᠳᠤᠮᠳᠠ ᠤᠷᠤᠰᠢᠵᠤ ᠮᠡᠳᠡᠬᠦ ᠬᠠᠤᠯᠢ ᠴᠠᠭᠠᠵᠠ ᠶᠢᠨ ᠠᠶᠤᠯ ᠲᠦᠭᠰᠢᠭᠦᠷᠢ ᠳᠤ ᠰᠠᠨᠠᠭᠤᠯᠤᠮᠵᠢ ᠪᠠ ᠰᠡᠷᠭᠡᠶᠢᠯᠡᠬᠦ ᠰᠠᠨᠠᠭᠤᠯᠭ᠎ᠠ ᠭᠠᠷᠭᠠᠵᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠲᠥᠯᠥᠭᠡᠯᠡᠭᠴᠢ ᠳᠤ ᠯᠠᠪᠯᠠᠯᠲᠠ ᠪᠣᠯᠭᠠᠬᠤ ᠬᠡᠷᠡᠭᠲᠡᠶ᠃
   ᠡᠴᠦᠰ ᠲᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠤᠣᠯ ᠬᠠᠷᠢᠭᠤᠴᠠᠯᠭᠠᠲᠠᠨ ᠭᠤᠷᠪᠠᠨ ᠵᠦᠢᠯ ᠤᠨ ᠰᠠᠨᠠᠯ ᠪᠠ ᠰᠠᠨᠠᠭᠤᠯᠭ᠎ᠠ ᠶᠢ ᠴᠢᠬᠤᠯᠠᠴᠢᠯᠠᠪᠠ᠃ ᠨᠢᠭᠡ ᠳᠤ ᠪᠠᠶᠢᠴᠠᠭᠠᠬᠤ ᠪᠠᠶᠢᠭᠤᠯᠭ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠯᠤᠭ᠎ᠠ ᠶᠢᠨ ᠬᠠᠷᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠨᠳᠤᠯᠭᠠᠲᠤ ᠴᠢᠨᠠᠷᠲᠠᠶ ᠪᠠᠷ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠠᠤᠯᠢ ᠴᠠᠭᠠᠵᠠ ᠶᠢ  ᠲᠦᠭᠡᠮᠡᠯᠵᠢᠭᠦᠯᠵᠦ᠂ ᠠᠵᠤ ᠠᠬᠤᠶᠢᠯᠠᠯ ᠳᠤ ᠬᠠᠤᠯᠢ ᠶᠢ ᠰᠤᠷᠴᠤ ᠬᠠᠤᠯᠢ ᠶᠢ ᠮᠡᠳᠡᠵᠤ ᠬᠠᠤᠯᠢ ᠶᠢ ᠬᠡᠷᠡᠭᠯᠡᠵᠦ᠂ ᠠᠵᠤ ᠠᠬᠤᠶᠢᠯᠠᠯ  ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠬᠤᠶᠠᠷ ᠲᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠪᠠᠶᠢᠴᠠᠭᠠᠬᠤ ᠬᠤᠷᠢᠶ᠎ᠠ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠢᠳᠡᠪᠬᠢᠲᠡᠶ ᠪᠠᠷ ᠠᠵᠢᠯᠯᠠᠵᠤ᠂ ᠠᠵᠢᠯ ᠤᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠮᠠᠨ ᠤ ᠰᠢᠶᠠᠨ ᠤ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢᠨ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠪᠤᠶ ᠪᠣᠯᠭᠠᠨ᠎ᠠ᠃ ᠭᠤᠷᠪᠠ ᠳᠤ ᠠᠵᠤ ᠠᠬᠤᠶᠢᠯᠠᠯᠲᠠᠳ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠪᠡᠷᠬᠡᠰᠢᠶᠡᠯ ᠪᠠ ᠠᠰᠠᠭᠤᠳᠠᠯ ᠳᠤ ᠵᠥᠪ ᠢᠶᠠᠷ ᠬᠠᠨᠳᠤᠵᠤ᠂ ᠬᠠᠤᠯᠢ ᠪᠠᠷ ᠵᠠᠰᠠᠬᠤ ᠤᠬᠠᠮᠰᠠᠷ ᠢᠶᠠᠨ ᠲᠠᠰᠤᠷᠠᠯᠲᠠ ᠤᠢᠭᠡᠢ ᠴᠢᠩᠭᠠᠳᠬᠠᠵᠤ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ᠂ ᠬᠠᠤᠯᠢ ᠶᠣᠰᠣᠭᠠᠷ ᠡᠵᠡᠩᠨᠡᠬᠦ ᠣᠨᠣᠯᠵᠢᠬᠤᠨ ᠢ ᠪᠣᠶ ᠪᠣᠯᠭᠠᠵᠤ᠂ ᠭᠠᠷᠮᠠᠭᠠᠶ ᠠᠵᠤ ᠠᠬᠤᠶ ᠶᠢᠨ ᠬᠥᠭᠵᠢᠯᠲᠡ ᠶᠢ ᠴᠢᠨᠠᠷ ᠰᠠᠶᠢᠲᠠᠶ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
                ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2