ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ 11 | ᠰᠠᠷ᠎ᠠ ᠶᠢᠨ 1 ᠤ ᠡᠳᠦᠷ ᠤᠨ ᠲᠡᠭ ᠴᠠᠭ ᠲᠤ ᠨᠡᠶᠢᠳᠡᠮ ᠪᠠᠶᠢᠴᠠᠭᠠᠯᠲᠠ ᠶᠢᠨ ᠪᠦᠷᠢᠳᠬᠡᠯ ᠢ ᠡᠬᠢᠯᠡᠭᠦᠯᠦᠨ᠎ᠡ᠃ 11 | ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠵᠢᠶᠦ᠋ᠨ ᠰᠢᠶᠠᠨ ᠤ ᠰᠢᠭᠤᠳ | ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠢ ᠳᠠᠭᠠᠭᠤᠯᠤᠨ ᠪᠥᠬᠦ | ᠰᠢᠶᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ | ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠸᠠᠩ ᠢᠦᠢ ᠸᠧᠶ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃ | | ᠸᠠᠩ ᠰᠢᠶᠣᠤ ᠵᠢᠶᠦ᠋ᠨ ᠨᠡᠷ ᠵᠦᠸᠧᠽᠢ ᠪᠠᠯᠭᠠᠰᠤᠨ ᠤ ᠨᠠᠨ ᠶᠣᠣ ᠽᠢ ᠨᠡᠶᠢᠭᠡᠮ ᠲᠣᠭᠤᠷᠢᠭ ᠲᠤ ᠬᠦᠷᠴᠦ ᠲᠤᠰ | ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠳᠠᠯ ᠢ ᠣᠶᠢᠯᠠᠭᠠᠬᠤ ᠠᠵᠢᠯ ᠥᠷᠨᠢᠭᠦᠯᠦᠭᠰᠡᠨ | ᠪᠠᠶᠢᠳᠠᠯ ᠢ ᠪᠠᠶᠢᠴᠠᠭᠠᠨ ᠦᠵᠡᠵᠡᠶ᠃ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠨᠡᠶᠢᠳᠡᠮ ᠪᠠᠶᠢᠴᠠᠭᠠᠭᠴᠢ ᠬᠠᠮᠢᠶ᠎ᠠ | ᠪᠦᠬᠦᠢ ᠬᠠᠷᠢᠭᠤᠴᠠᠯᠭᠠᠲᠠᠨ ᠤ ᠨᠡᠶᠢᠭᠡᠮ ᠲᠣᠭᠤᠷᠢᠭ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠠᠷᠭ᠎ᠠ ᠬᠡᠯᠪᠡᠷᠢ ᠶᠢ ᠲᠠᠨᠢᠯᠴᠠᠭᠤᠯᠬᠤ ᠵᠢᠴᠢ ᠠᠵᠢᠯ ᠥᠷᠨᠢᠭᠦᠯᠬᠦ ᠠᠬᠢᠴᠠ ᠶᠢ ᠰᠣᠨᠣᠰᠴᠤ᠂ ᠡᠷᠦᠬᠡ ᠳᠤ ᠬᠦᠷᠴᠦ | ᠪᠠᠶᠢᠳᠠᠯ ᠢ ᠣᠶᠢᠯᠠᠭᠠᠬᠤ ᠶᠠᠪᠤᠴᠠ ᠪᠣᠯᠤᠨ ᠨᠡᠶᠢᠳᠡᠮ ᠪᠠᠶᠢᠴᠠᠭᠠᠯᠲᠠ ᠶᠢᠨ ᠠᠵᠢᠯ ᠳᠤᠮᠳᠠ ᠣᠷᠣᠰᠢᠵᠤ ᠪᠠᠶᠢᠭ᠎ᠠ | ᠠᠰᠠᠭᠤᠳᠠᠯ ᠢ ᠭᠦᠨᠵᠡᠭᠡᠶ ᠤᠶᠢᠯᠭᠠᠵᠤ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠪᠣᠯᠤᠨ ᠨᠡᠶᠢᠳᠡᠮ | ᠪᠠᠶᠢᠴᠠᠭᠠᠭᠴᠢ ᠶᠢᠨ ᠰᠢᠷᠭᠠᠭᠤ ᠠᠵᠢᠯ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | | ᠳᠠᠷᠠᠭ᠎ᠠ ᠨᠢ᠂ ᠸᠠᠩ ᠰᠢᠶᠤᠤ ᠵᠢᠶᠦ᠋ᠨ ᠪᠣᠯᠤᠨ ᠨᠡᠶᠢᠳᠡᠮ ᠪᠠᠶᠢᠴᠠᠭᠠᠬᠤ ᠠᠵᠢᠯᠲᠠᠳ ᠨᠠᠨ ᠶᠣᠣ ᠽᠢ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠭᠡᠷ ᠲᠤ ᠭᠦᠨᠵᠡᠭᠡᠶᠢᠷᠡᠨ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠳᠡᠩᠰᠡᠯᠡᠨ ᠲᠡᠮᠳᠡᠭᠯᠡᠬᠦ ᠠᠵᠢᠯ ᠢ ᠲᠤᠬᠠᠶ ᠶᠢᠨ ᠲᠠᠯᠠᠪᠠᠶ ᠳᠤ ᠵᠢᠯᠣᠭᠤᠳᠪᠠ᠃ ᠪᠠᠶᠢᠴᠠᠭᠠᠨ ᠰᠤᠳᠤᠯᠤᠯᠲᠠ ᠬᠢᠬᠦ | ᠶᠠᠪᠤᠴᠠ ᠳᠤ᠂ ᠸᠠᠩ ᠰᠢᠶᠣᠤ ᠵᠢᠶᠦ᠋ᠨ ᠵᠢᠭᠠᠵᠤ ᠭᠠᠷᠭᠠᠭᠰᠠᠨ ᠨᠢ᠂ ᠳᠣᠯᠣᠳᠤᠭᠠᠷ ᠤᠳᠠᠭᠠᠨ ᠤ ᠪᠦᠬᠦ ᠤᠯᠤᠰ ᠤᠨ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ | ᠰᠢᠨ᠎ᠡ ᠴᠠᠭ ᠦᠶ᠎ᠡ ᠳᠤ ᠤᠷᠤᠭᠰᠠᠨ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ | ᠪᠣᠯᠤᠨ᠎ᠠ᠃ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠲᠦᠯᠬᠢᠨ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ | ᠲᠦᠪᠰᠢᠨ ᠤ ᠳᠡᠭᠡᠭᠰᠢᠯᠡᠯᠲᠡ ᠶᠢ ᠠᠬᠢᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠠᠮᠢᠶ᠎ᠠ ᠪᠦᠬᠦᠢ | ᠰᠠᠯᠠᠭ᠎ᠠ ᠮᠥᠴᠢᠷ ᠤᠳ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠳᠤᠮᠳᠠ ᠰᠢᠨᠵᠢᠯᠡᠬᠦ ᠤᠬᠠᠭᠠᠨᠴᠢ ᠪᠠᠷ | ᠨᠢᠭᠡᠳᠦᠯᠲᠡᠶ ᠲᠥᠯᠥᠪᠯᠡᠵᠦ᠂ ᠡᠯ᠎ᠡ ᠵᠦᠢᠯ ᠤᠨ ᠠᠵᠢᠯ ᠢ ᠣᠨᠣᠪᠴᠢᠲᠠᠶ᠂ ᠯᠠᠪᠳᠠᠭᠤᠨ᠂ ᠡᠮᠬᠢ ᠵᠢᠷᠤᠮ ᠲᠠᠢ ᠪᠠᠷ | ᠲᠦᠯᠬᠢᠨ ᠠᠬᠢᠭᠤᠯᠬᠤ ᠬᠡᠷᠡᠭᠲᠡᠶ᠃ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠵᠡᠮᠳᠡᠵᠦ᠂ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠵᠤ | ᠂ ᠤᠯᠤᠰ ᠤᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠡᠨ ᠪᠣᠳᠠᠲᠠᠶ | ᠪᠤᠰᠤᠳᠴᠢ ᠦᠨᠳᠦᠰᠦᠯᠡᠯ ᠬᠠᠩᠭᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨᠵᠢᠯᠡᠬᠦ ᠤᠬᠠᠭᠠᠨᠴᠢ ᠵᠥᠪ | ᠣᠨᠣᠪᠴᠢᠲᠠᠶ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ᠃ | | ᠸᠠᠩ ᠰᠢᠶᠣᠤ ᠵᠢᠶᠦ᠋ᠨ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ | ᠦᠵᠡᠯ ᠰᠠᠨᠠᠭᠠᠨ ᠤ ᠳᠠᠶᠢᠴᠢᠯᠠᠯᠲᠠ ᠪᠣᠯᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠯᠠᠯᠲᠠ ᠶᠢ ᠥᠷᠭᠡᠨ ᠳᠡᠯᠭᠡᠷ | ᠥᠷᠨᠢᠭᠦᠯᠵᠦ᠂ ᠣᠯᠠᠨ ᠲᠦᠮᠡᠨ ᠤ ᠮᠡᠳᠡᠬᠦ ᠨᠣᠷᠮ᠎ᠠ ᠪᠣᠯᠤᠨ ᠬᠠᠮᠵᠢᠯᠴᠠᠬᠤ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ | ᠣᠯᠠᠨ ᠲᠦᠮᠡᠨ ᠳᠤ ᠭᠦᠢᠴᠡᠳ ᠲᠦᠰᠢᠭᠯᠡᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ | ᠬᠢᠬᠦ ᠬᠡᠷᠡᠭᠲᠡᠢ︔ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠶᠢ ᠢᠯᠠᠨ ᠳᠠᠪᠠᠵᠤ᠂ | ᠰᠡᠷᠭᠡᠶᠢᠯᠡᠯᠲᠡ ᠶᠢ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠬᠥᠮᠦᠨ ᠡᠳ᠋ ᠪᠣᠳᠠᠰ ᠵᠡᠷᠭᠡ ᠬᠦᠴᠢᠷ | ᠠᠰᠠᠭᠤᠳᠠᠯ ᠢ ᠰᠢᠢᠳᠪᠦᠷᠢᠯᠡᠵᠦ᠂ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠠᠶ᠃ ᠪᠥᠬᠦ ᠰᠢᠶᠠᠨ ᠤ ᠳᠣᠯᠣᠳᠤᠭᠠᠷ ᠤᠳᠠᠭᠠᠨ ᠤ ᠪᠦᠬᠦ ᠤᠯᠤᠰ ᠠᠴᠠ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ | ᠬᠡᠷᠡᠭᠲᠡᠶ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |