ᠪᠥᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/3
    10 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠪᠥᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ  ᠪᠤᠭᠤᠮᠲᠠ ᠰᠢᠪᠲᠤᠯᠬᠤ ᠠᠵᠢᠯ ᠢ ᠠᠬᠢᠭᠤᠯᠬᠤ ᠬᠤᠷᠠᠯ ᠬᠤᠷᠠᠯ ᠤᠨ ᠲᠥᠪ ᠲᠤ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠰᠢᠶᠣᠤ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠂ ᠰᠢᠭᠦᠬᠦ ᠬᠤᠷᠢᠶᠠᠨ ᠤ ᠳᠠᠷᠤᠭ᠎ᠠ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠥᠷᠥ ᠶᠢᠨ ᠭᠡᠰᠢᠭᠦᠨ ︵ᠲᠤᠰᠬᠠᠶ ᠠᠩᠭᠢ ᠶᠢᠨ ᠰᠢᠶᠠᠨ ᠤ ᠰᠢᠶᠡᠨ ᠤ ᠤᠳᠤᠷᠢᠳᠤᠯᠭ᠎ᠠ︶᠂ ᠥᠪᠡᠷᠲᠡᠭᠡᠨ ᠵᠠᠰᠠᠬᠤ ᠣᠷᠣᠨ ᠤ ᠮᠠᠨ ᠤ ᠰᠢᠶᠠᠨ ᠳᠤ ᠲᠣᠮᠢᠯᠠᠨ ᠰᠠᠭᠤᠯᠭᠠᠭᠰᠠᠨ  ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠶᠡᠷᠦᠩᠬᠡᠶ ᠠᠩᠭᠢ ᠶᠢᠨ ᠪᠦᠬᠦ ᠪᠦᠷᠢᠯᠳᠦᠬᠦᠨ ᠬᠤᠷᠠᠯ ᠳᠤ ᠣᠷᠣᠯᠴᠠᠪᠠ᠃
   ᠬᠤᠷᠠᠯ ᠳᠡᠭᠡᠷ᠎ᠡ᠂ ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠭᠤᠤᠯ ᠬᠠᠷᠢᠭᠤᠴᠠᠯᠭᠠᠲᠠᠨ ᠤᠯᠤᠰ᠂  ᠦᠪᠡᠷᠳᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠢᠨᠠᠬᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠵᠤᠤ ᠵᠢᠶᠠᠨ ᠵᠢᠶᠦ᠋ᠨ ᠦᠷ᠎ᠡ ᠪᠦᠲᠦᠮᠵᠢ ᠶᠢ ᠬᠢᠨᠠᠨ ᠰᠢᠯᠭᠠᠬᠤ  ᠭᠤᠤᠯᠳᠠᠯᠭ᠎ᠠ ᠲᠠᠢ ᠠᠵᠢᠯ ᠢ ᠴᠢᠬᠤᠯᠠᠴᠢᠯᠠᠭᠰᠠᠨ ᠪᠥᠭᠡᠳ ᠪᠣᠳᠠᠲᠠᠶ ᠱᠠᠭᠠᠷᠳᠠᠯᠭ᠎ᠠ ᠶᠢ ᠲᠣᠳᠣᠷᠬᠠᠶᠢᠯᠠᠪᠠ᠃
   ᠸᠠᠩ ᠰᠢᠶᠣᠤ ᠵᠢᠶᠦ᠋ᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠲᠡᠭᠦᠰᠬᠦ ᠵᠢᠯ ᠪᠣᠯᠤᠨ᠎ᠠ᠂  ᠶᠡᠷᠦᠩᠬᠡᠢ ᠱᠦᠵᠢ ᠰᠢ ᠶᠢᠨ ᠫᠢᠩ ᠳᠣᠯᠣᠳᠤᠭᠠᠷ ᠤᠯᠤᠰ ᠤᠨ ᠶᠠᠳᠠᠭᠤ ᠶᠢ ᠲᠡᠳᠬᠦᠬᠦ ᠡᠳᠦᠷ ᠲᠤ ᠶᠠᠳᠠᠭᠤ ᠠᠴᠠ  ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠴᠢᠬᠤᠯᠠ ᠵᠢᠭᠠᠪᠤᠷᠢ ᠴᠣᠬᠤᠯᠠᠪᠤᠷᠢ ᠥᠭᠴᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠰᠠᠶᠢᠲᠤᠷ ᠠᠳᠬᠤᠬᠤ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠂ ᠪᠥᠬᠦ ᠰᠢᠶᠠᠨ ᠤ ᠥᠷᠭᠡᠨ ᠣᠯᠠᠨ ᠤᠳᠤᠷᠢᠳᠬᠤ ᠺᠠᠳ᠋ᠷ ᠨᠠᠷᠢᠨ ᠬᠢᠨᠠᠮᠠᠭᠠᠶ ᠰᠤᠷᠤᠯᠴᠠᠨ ᠤᠶᠢᠯᠭᠠᠬᠤ ᠬᠡᠷᠡᠭᠲᠡᠶ᠃ ᠣᠳᠣᠬᠠᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠠᠵᠢᠯ ᠤᠳᠠᠯ ᠦᠭᠡᠶ ᠬᠦᠷᠴᠦ ᠢᠷᠡᠬᠦ ᠭᠡᠵᠦ ᠪᠠᠶᠢᠨ᠎ᠠ᠂ ᠡᠴᠦᠰ ᠤᠨ ᠰᠢᠪᠲᠤᠯᠤᠯᠲᠠ ᠶᠢᠨ ᠱᠠᠲᠤ ᠦᠶ᠎ᠡ ᠪᠣᠯᠬᠤ ᠲᠤᠲᠤᠮ ᠲᠠᠷᠢᠬᠢ ᠲᠣᠯᠣᠭᠠᠶ ᠪᠠᠨ ᠤᠯᠠᠮ ᠰᠡᠷᠭᠡᠭ ᠪᠠᠶᠢᠯᠭᠠᠵᠤ᠂ ᠪᠥᠬᠦ ᠰᠢᠶᠠᠨ ᠤ ᠥᠷᠭᠡᠨ ᠣᠯᠠᠨ ᠤᠳᠤᠷᠢᠳᠬᠤ ᠺᠠᠳ᠋ᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠢᠲᠡᠭᠡᠯ ᠵᠣᠷᠢᠭ ᠢᠶᠠᠨ ᠪᠠᠲᠤᠳᠬᠠᠵᠤ᠂ ᠪᠠᠴᠢᠮ ᠲᠤᠯᠭᠠᠮ᠎ᠠ ᠰᠡᠳᠬᠢᠯᠭᠡ ᠪᠠ ᠰᠠᠨᠠᠭᠠᠰᠢᠷᠠᠨ ᠵᠣᠪᠠᠨᠢᠬᠤ ᠤᠬᠠᠮᠰᠠᠷ ᠲᠠᠢ ᠪᠠᠶᠢᠬᠤ ᠬᠡᠷᠡᠭᠲᠡᠶ᠃ ᠪᠣᠭᠤᠮᠲᠠ ᠥᠩᠭᠡᠷᠡᠬᠦ ᠦᠵᠡᠯ ᠰᠠᠨᠠᠭ᠎ᠠ᠂ ᠰᠤᠯᠠᠷᠠᠬᠤ ᠰᠡᠳᠬᠢᠯᠭᠡ ᠪᠠ ᠠᠵᠠ ᠵᠠᠪᠰᠢᠶᠠᠨ ᠡᠷᠢᠬᠦ ᠰᠡᠳᠬᠢᠯᠭᠡ ᠶᠢ ᠢᠯᠠᠨ ᠳᠠᠪᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠲᠠᠯ᠎ᠠ ᠪᠠᠷ ᠳᠠᠬᠢᠨ ᠨᠡᠮᠡᠵᠦ᠂ ᠠᠵᠢᠯᠯᠠᠭ᠎ᠠ ᠳᠡᠭᠡᠷ᠎ᠡ ᠪᠠᠨ ᠪᠠᠰᠠ ᠲᠦᠷᠭᠡᠳᠴᠦ᠂ ᠴᠤᠭ ᠰᠦᠯᠳᠡ ᠪᠠᠨ ᠪᠠᠳᠠᠷᠠᠭᠤᠯᠵᠤ᠂ ᠡᠷᠴᠢ ᠵᠣᠷᠢᠭ ᠢᠶᠠᠨ ᠲᠠᠬᠢᠨ ᠬᠥᠪᠴᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠴᠦᠰ ᠤᠨ ᠢᠯᠠᠯᠲᠠ ᠶᠢ ᠴᠠᠭ ᠬᠤᠭᠤᠴᠠᠭ᠎ᠠ ᠶᠣᠰᠣᠭᠠᠷ ᠴᠢᠨᠠᠷ ᠰᠠᠶᠢᠲᠠᠶ ᠣᠯᠬᠤ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠴᠦᠰ ᠤᠨ ᠢᠯᠠᠯᠲᠠ ᠶᠢ ᠡᠷᠡᠰ ᠲᠡᠮᠡᠴᠡᠨ ᠣᠯᠤᠨ᠎ᠠ᠃
   ᠸᠠᠩ ᠰᠢᠶᠣᠤ ᠵᠢᠶᠦ᠋ᠨ᠄ ᠰᠠᠶᠢᠨ ᠢᠶᠠᠷ ᠡᠬᠢᠯᠡᠭᠦᠯᠵᠦ ᠰᠠᠶᠢᠨ ᠢᠶᠠᠷ ᠲᠡᠭᠦᠰᠬᠡᠬᠦ᠂ ᠰᠠᠶᠢᠨ ᠢᠶᠠᠷ ᠬᠢᠵᠦ ᠰᠠᠶᠢᠨ ᠢᠶᠠᠷ ᠪᠦᠲᠦᠭᠡᠬᠦ ᠬᠠᠷᠠᠯᠲᠠ ᠡᠭᠦᠷᠭᠡ ᠶᠢ ᠡᠷᠡᠰ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠤᠲᠠᠭᠤᠳᠠᠯ ᠢ ᠪᠠᠶᠢᠴᠠᠭᠠᠵᠤ ᠳᠤᠲᠠᠭᠤᠳᠠᠯ ᠢ ᠨᠥᠬᠦᠪᠥᠷᠢᠯᠡᠬᠦ᠂ ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ ᠡᠯ᠎ᠡ ᠵᠦᠢᠯ ᠤᠨ ᠠᠵᠢᠯ ᠢ ᠡᠷᠬᠡᠪᠰᠢ ᠨᠠᠷᠢᠯᠢᠭ ᠬᠢᠬᠦ ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠦᠨᠳᠦᠰᠦᠨ ᠵᠦᠢᠯ ᠢ ᠪᠠᠲᠤᠯᠠᠬᠤ᠂ ᠲᠥᠷᠥᠯ ᠵᠦᠢᠯ ᠤᠨ ᠨᠥᠬᠦᠪᠥᠷᠢ ᠥᠭᠬᠦ ᠵᠡᠷᠭᠡ ᠡᠯ᠎ᠡ ᠵᠦᠢᠯ ᠤᠨ ᠪᠠᠲᠤᠯᠠᠭ᠎ᠠ ᠶᠢ ᠡᠷᠬᠡᠪᠰᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠤᠨ  ᠭᠦᠢᠴᠡᠳᠬᠡᠬᠦ ᠲᠤᠭ᠎ᠠ ᠶᠢ ᠡᠷᠬᠡᠪᠰᠢ ᠴᠢᠩᠭ᠎ᠠ ᠪᠡᠶᠡᠯᠡᠭᠦᠯᠵᠦ᠂ ᠬᠠᠷᠠᠯᠲᠠ  ᠨᠢᠭᠡᠪᠦᠷᠢ ᠪᠠᠷ ᠠᠵᠢᠯ ᠨᠢᠭᠡᠪᠦᠷᠢ ᠪᠠᠷ ᠪᠠᠷᠢᠮᠵᠢᠶᠠᠯᠠᠨ ᠬᠠᠷᠭᠤᠭᠤᠯᠤᠨ᠎ᠠ᠃ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠡᠮᠬᠢᠯᠡᠵᠦ᠂ ᠬᠠᠷᠠᠯᠲᠠᠲᠤ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠦᠵᠡᠬᠦ ᠬᠡᠷᠡᠭᠲᠡᠶ᠃ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠦᠨᠡᠨ ᠬᠦ ᠠᠳᠬᠤᠵᠤ ᠪᠣᠳᠠᠲᠠᠶ ᠠᠵᠢᠯᠯᠠᠬᠤ ᠴᠢᠷᠮᠠᠶᠢᠨ ᠲᠡᠮᠡᠴᠡᠬᠦ ᠰᠤᠷᠲᠠᠯ ᠢ ᠪᠠᠷᠢᠮᠲᠠᠯᠠᠵᠤ᠂ ᠠᠵᠢᠯ ᠤᠨ ᠰᠢᠮᠳᠠᠭᠤᠯᠤᠨ ᠪᠠᠶᠢᠴᠠᠭᠠᠵᠤ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭᠠᠬᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠨᠢ ᠨᠡᠩ ᠴᠢᠩᠭ᠎ᠠ ᠪᠠᠶᠢᠵᠤ᠂  ᠰᠢᠢᠳᠪᠦᠷᠢᠲᠦ ᠪᠠᠶᠢᠯᠳᠤᠭᠠᠨ ᠬᠢᠬᠦ ᠴᠠᠭ ᠮᠥᠴᠡ ᠪᠣᠯᠬᠤ ᠲᠤᠲᠤᠮ ᠬᠠᠷᠢᠭᠤᠴᠠᠯᠭ᠎ᠠ ᠪᠠᠨ ᠤᠯᠠᠮ ᠪᠣᠳᠠᠲᠠᠶᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ᠃    ᠰᠢᠶᠠᠨ ᠤ ᠰᠢᠭᠤᠳ ᠬᠠᠷᠢᠶ᠎ᠠ ᠵᠢᠴᠢ ᠰᠢᠶᠠᠨ ᠳᠤ ᠰᠠᠭᠤᠭ᠎ᠠ ᠡᠯ᠎ᠡ ᠳᠠᠭᠠᠭᠠᠴᠢᠯᠠᠨ ᠲᠡᠳᠬᠦᠬᠦ ᠨᠢᠭᠡᠴᠢ ᠶᠢᠨ ᠭᠤᠤᠯ  ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠶᠠᠳᠠᠭᠤ ᠶᠢ ᠲᠡᠳᠬᠦᠬᠦ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠱᠦᠵᠢ᠂ ᠳᠡᠳ᠋ ᠰᠢᠶᠠᠩ ᠪᠠᠯᠭᠠᠰᠤᠨ ᠤ ᠳᠠᠷᠤᠭ᠎ᠠ᠂ ᠶᠠᠳᠠᠭᠤ ᠶᠢ  ᠳᠡᠳᠬᠦᠬᠦ ᠥᠷᠲᠡᠭᠡᠨ ᠤ ᠳᠠᠷᠤᠭ᠎ᠠ ᠬᠤᠷᠠᠯ ᠳᠤ ᠣᠷᠣᠯᠴᠠᠵᠠᠶ᠃    ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2