ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠠᠷᠪᠠᠨ ᠬᠤᠶᠠᠳᠤᠭᠠᠷ ᠤᠳᠠᠭᠠᠨ ᠤ | ᠲᠦᠯᠦᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ | ᠦᠵᠡᠯ ᠰᠠᠨᠠᠭ᠎ᠠ ᠪᠠᠨ ᠤᠯᠠᠮ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠥᠷᠭᠡᠨ ᠣᠯᠠᠨ | ᠡᠮᠡᠭᠲᠡᠶᠢᠴᠦᠳ ᠢ ᠵᠢᠯᠣᠭᠤᠳᠤᠨ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠮᠵᠢ ᠪᠤᠯᠭᠠᠵᠤ᠂ ᠰᠢᠨ᠎ᠡ ᠪᠠᠶᠢᠳᠠᠯ | ᠳᠣᠤᠷᠠᠬᠢ ᠡᠮᠡᠭᠲᠡᠶᠢᠴᠦᠳ ᠤᠨ ᠬᠤᠯᠪᠣᠭᠠᠨ ᠤ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ 11 | ᠰᠠᠷ᠎ᠠ ᠶᠢᠨ 2 ᠤᠨ ᠦᠳᠡ ᠡᠮᠦᠨ᠎ᠡ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠡᠯ᠎ᠡ ᠰᠢᠶᠠᠩ ᠪᠠᠯᠭᠠᠰᠤᠨ ᠤ | ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ᠂ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ | ᠲᠡᠷᠢᠭᠦᠯᠡᠭᠴᠢ᠂ ᠰᠢᠶᠠᠨ ᠤ ᠰᠢᠭᠤᠳ ᠬᠠᠷᠢᠶ᠎ᠠ ᠡᠯ᠎ᠡ ᠪᠠᠶᠢᠭᠤᠯᠤᠯᠭ᠎ᠠ ᠶᠢᠨ ᠡᠮᠡᠭᠲᠡᠶᠢᠴᠦᠳ ᠤᠨ ᠵᠥᠪᠯᠡᠯ ᠤᠨ ᠡᠷᠬᠢᠯᠡᠭᠴᠢ | ᠵᠢᠴᠢ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠪᠦᠬᠦ ᠺᠠᠳ᠋ᠷ᠂ ᠲᠤᠰᠢᠶᠠᠯ ᠬᠠᠪᠰᠤᠷᠭᠠᠭᠰᠠᠨ ᠳᠡᠳ᠋ ᠲᠠᠷᠢᠭᠦᠯᠡᠭᠴᠢ ᠶᠢ | ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠠᠷᠪᠠᠨ ᠬᠤᠶᠠᠳᠤᠭᠠᠷ ᠤᠳᠠᠭᠠᠨ ᠤ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠤᠯᠠᠮᠵᠢᠯᠠᠨ ᠰᠤᠷᠤᠯᠴᠠᠵᠠᠶ᠃ ᠨᠡᠶᠢᠲᠡ 45 | ᠬᠥᠮᠦᠨ ᠣᠷᠣᠯᠴᠠᠵᠠᠶ᠃ | | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠠᠷᠪᠠᠨ ᠬᠤᠶᠠᠳᠤᠭᠠᠷ ᠶᠡᠭᠡ ᠬᠤᠷᠠᠯ ᠤᠨ | ᠲᠥᠯᠥᠭᠡᠯᠡᠭᠴᠢ᠂ ᠰᠢᠶᠡᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠱᠢ ᠰᠦ ᠹᠤᠨ ᠬᠤᠷᠠᠯ ᠳᠤ | ᠣᠷᠣᠯᠴᠠᠭᠰᠠᠨ ᠬᠥᠮᠦᠰ ᠲᠠᠢ ᠬᠠᠮᠲᠤ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠤᠳᠠᠭᠠᠨ ᠤ | ᠡᠮᠡᠭᠲᠡᠶᠢᠴᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠪᠡᠳᠡᠭᠰᠢ ᠪᠠᠶᠢᠳᠠᠯ ᠢ ᠬᠤᠪᠢᠶᠠᠯᠴᠠᠨ ᠡᠳ᠋ᠯᠡᠵᠦ᠂ ᠪᠦᠬᠦ | ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ | ᠲᠡᠷᠢᠭᠦᠯᠡᠭᠴᠢ᠂ ᠱᠦᠵᠢ ᠨᠡᠷ ᠤᠨ ᠭᠠᠵᠠᠷ ᠤᠨ ᠨᠢᠭᠡᠳᠦᠭᠡᠷ ᠱᠦᠵᠢ ᠬᠤᠸᠠᠩ ᠰᠢᠶᠤᠤ ᠸᠧᠶ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠱᠢ ᠲᠠᠢ ᠹᠤᠩ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ᠪᠠᠰᠠ ᠲᠡᠷᠢᠭᠦᠯᠡᠭᠴᠢ | ᠬᠦᠦᠳᠠᠭᠤᠯᠠ ᠶᠢᠨ ᠪᠢᠴᠢᠭᠰᠡᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠶᠢᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠪᠦᠬᠦ ᠣᠷᠣᠨ ᠤ ᠡᠯ᠎ᠡ | ᠦᠨᠳᠦᠰᠦᠲᠡᠨ ᠤ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠣᠳᠣᠬᠢᠴᠢᠯᠠᠭᠰᠠᠨ ᠥᠪᠥᠷ ᠮᠣᠩᠭᠤᠯ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠬᠦ ᠶᠢᠨ ᠲᠥᠯᠥᠭᠡ ᠴᠢᠷᠮᠡᠶᠢᠨ ᠲᠡᠮᠡᠴᠡᠶ᠎ᠡ︾ ᠭᠡᠬᠦ | ᠢᠯᠡᠳᠬᠡᠯ ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠶ ᠪᠠᠷ ᠪᠠᠷᠢᠮᠲᠠᠯᠠᠵᠤ᠂ ᠪᠦᠬᠦ ᠣᠷᠣᠨ ᠤ ᠥᠷᠭᠡᠨ ᠣᠯᠠᠨ | ᠡᠮᠡᠭᠲᠡᠶᠢᠴᠦᠳ ᠢ ᠪᠦᠯᠬᠦᠮᠳᠡᠭᠦᠯᠦᠨ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠬᠤ ᠬᠡᠷᠡᠭᠲᠡᠶ︔ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠥᠷᠭᠡᠨ ᠣᠯᠠᠨ | ᠡᠮᠡᠭᠲᠡᠶᠢᠴᠦᠳ ᠢ ᠪᠦᠯᠬᠦᠮᠳᠡ ᠳᠠᠶᠢᠴᠢᠯᠠᠵᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ︔ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠤᠨ ᠪᠦᠬᠦ | ᠲᠠᠯ᠎ᠠ ᠶᠢᠨ ᠬᠥᠭᠵᠢᠯᠲᠡ ᠳᠤ ᠣᠷᠴᠢᠨ ᠲᠣᠭᠤᠷᠢᠨ ᠢ ᠪᠣᠶ ᠪᠣᠯᠭᠠᠵᠤ᠂ ᠬᠠᠷᠰᠢ ᠰᠠᠭᠠᠳ ᠢ ᠠᠷᠢᠯᠭᠠᠨ᠂ ᠨᠦᠬᠦᠴᠡᠯ | ᠪᠦᠷᠢᠯᠳᠦᠭᠦᠯᠵᠦ ᠥᠭᠬᠦ ᠬᠡᠷᠡᠭᠲᠡᠶ︔ ᠭᠡᠷ ᠪᠦᠯᠢ ᠶᠢᠨ ᠠᠵᠢᠯ ᠢ ᠰᠠᠶᠢᠲᠤᠷ ᠬᠢᠵᠦ᠂ ᠡᠮᠡᠭᠲᠡᠶᠢᠴᠦᠳ ᠤᠨ ᠨᠡᠶᠢᠭᠡᠮ ᠤᠨ | ᠠᠮᠢᠳᠤᠷᠠᠯ ᠪᠠ ᠭᠡᠷ ᠪᠦᠯᠢ ᠶᠢᠨ ᠠᠮᠢᠳᠤᠷᠠᠯ ᠤᠨ ᠳᠤᠮᠳᠠᠬᠢ ᠥᠪᠡᠷᠮᠢᠴᠡ ᠤᠶᠢᠯᠡᠳᠤᠯ ᠢ ᠪᠠᠳᠠᠷᠠᠭᠤᠯᠬᠤ ᠬᠡᠷᠡᠭᠲᠡᠶ︔ | ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠮ ᠤᠨ ᠣᠯᠠᠨ ᠲᠦᠮᠡᠨ ᠤ | ᠪᠦᠯᠬᠦᠮ ᠤᠨ ᠠᠵᠢᠯ ᠤᠨ ᠰᠢᠨ᠎ᠡ ᠪᠠᠶᠢᠷᠢᠰᠢᠯ ᠤᠨ ᠳᠤᠮᠳᠠ ᠰᠢᠨ᠎ᠡ ᠠᠮᠢᠵᠢᠷᠠᠯ ᠤᠨ ᠬᠦᠴᠦᠨ ᠢ ᠲᠠᠰᠤᠷᠠᠯᠲᠠ ᠤᠢᠭᠡᠢ | ᠪᠠᠳᠠᠷᠠᠭᠤᠯᠬᠤ ᠵᠡᠷᠭᠡ 5 ᠲᠠᠯ᠎ᠠ ᠪᠠᠷ ᠨᠠᠷᠢᠨ ᠲᠠᠶᠢᠯᠤᠮᠵᠢ ᠬᠢᠪᠡ᠃ | | ᠵᠠᠯᠭᠠᠭᠠᠳ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠠᠷᠪᠠᠨ ᠬᠤᠶᠠᠳᠤᠭᠠᠷ ᠶᠡᠭᠡ ᠬᠤᠷᠠᠯ ᠤᠨ | ᠲᠥᠯᠥᠭᠡᠯᠡᠭᠴᠢ᠂ ᠹᠦ᠋ ᠰᠢᠩ ᠰᠢᠶᠠᠩ ᠤᠨ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠬᠥᠯᠥᠨ ᠤᠬᠠᠭᠤᠯᠤᠨ | ᠲᠠᠶᠢᠯᠪᠤᠷᠢᠯᠠᠪᠠ᠂ ᠲᠡᠷᠡ ᠬᠡᠯᠡᠬᠦ ᠳᠡᠭᠡᠨ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠨ ᠤ ᠺᠠᠳ᠋ᠷ ᠪᠣᠯᠤᠭᠰᠠᠨ ᠤ | ᠬᠤᠪᠢ ᠳᠤ᠂ ᠬᠤᠶᠢᠰᠢᠳᠠ ᠶᠢᠨ ᠠᠵᠢᠯ ᠤᠨ ᠳᠤᠮᠳᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠶᠡᠷᠦᠩᠬᠡᠶ | ᠱᠠᠭᠠᠷᠳᠠᠯᠭ᠎ᠠ ᠶᠢᠨ ᠲᠣᠭᠤᠷᠢᠨ ᠳᠤ ᠪᠦᠬᠦ ᠰᠢᠶᠠᠩ ᠤᠨ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ | ᠬᠠᠮᠠᠭᠠᠯᠠᠵᠤ᠂ ᠲᠡᠷᠢᠭᠦᠨ ᠤ ᠰᠣᠶᠣᠯ ᠤᠨ ᠳᠠᠭᠠᠭᠤᠯᠤᠭᠴᠢ ᠪᠣᠯᠤᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠶᠢᠨ ᠬᠤᠰᠢᠭᠤᠴᠢ ᠪᠣᠯᠵᠤ᠂ ᠰᠢᠯᠢᠳᠡᠭ ᠰᠠᠶᠢᠨ ᠭᠡᠷ ᠤᠨ ᠰᠤᠷᠲᠠᠯ ᠤᠨ ᠵᠠᠯᠭᠠᠮᠵᠢᠯᠠᠭᠴᠢ ᠪᠣᠯᠬᠤ ᠬᠡᠷᠡᠭᠲᠡᠶ᠃ | ᠤᠭ ᠰᠠᠨᠠᠭ᠎ᠠ ᠪᠠᠨ ᠦᠯᠦ ᠮᠠᠷᠲᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠡᠷᠡᠮᠡᠬᠡᠶᠢᠯᠡᠨ ᠤᠷᠤᠭᠰᠢᠯᠠᠵᠤ᠂ | ᠡᠮᠡᠭᠲᠡᠶᠢᠴᠦᠳ ᠡᠭᠡᠴᠢ ᠳᠡᠭᠦᠦ ᠨᠡᠷ ᠲᠠᠢ ᠪᠠᠨ ᠬᠠᠮᠲᠤ ᠪᠠᠷ ᠦᠵᠡᠰᠬᠦᠯᠡᠩᠲᠦ ᠰᠠᠶᠢᠬᠠᠨ ᠵᠣᠯ ᠵᠢᠷᠭᠠᠯ ᠢ ᠪᠦᠲᠦᠭᠡᠨ | ᠪᠠᠶᠢᠭᠤᠯᠬᠤ ᠳᠤ ᠭᠠᠷᠮᠠᠭᠠᠶ ᠬᠤᠪᠢ ᠨᠡᠮᠡᠷᠢ ᠦᠵᠡᠭᠦᠯᠵᠡᠶ᠃ | | ᠬᠠᠮᠤᠭ ᠰᠡᠭᠦᠯ ᠳᠤ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠡᠳ᠋ ᠲᠡᠷᠢᠭᠦᠯᠡᠭᠴᠢ ᠶᠦᠨ ᠰᠢᠤᠸᠠᠢ | ᠹᠧᠩ ᠱᠠᠭᠠᠷᠳᠠᠭᠰᠠᠨ ᠨᠢ᠂ ᠪᠥᠬᠦ ᠰᠢᠶᠠᠨ ᠤ ᠡᠯ᠎ᠡ ᠱᠠᠲᠤᠨ ᠤ ᠡᠮᠡᠭᠲᠡᠶᠢᠴᠦᠳ ᠨᠠᠷᠢᠨ ᠬᠢᠨᠠᠮᠠᠭᠠᠶ ᠰᠤᠷᠤᠯᠴᠠᠵᠤ᠂ | ᠥᠪᠡᠷᠲᠡᠭᠡᠨ ᠵᠠᠰᠠᠬᠤ ᠤᠷᠤᠨ ᠤ ᠡᠮᠡᠭᠲᠡᠶᠢᠴᠦᠳ ᠤᠨ ᠠᠷᠪᠠᠨ ᠬᠤᠶᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠣᠶᠢᠯᠠᠭᠠᠵᠤ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠪᠠ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠦᠷᠢᠵᠢᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ | ᠡᠮᠡᠭᠲᠡᠶᠢᠴᠦᠳ ᠤᠨ ᠠᠵᠢᠯ ᠤᠨ ᠴᠢᠬᠤᠯᠠ ᠡᠭᠦᠷᠭᠡ ᠪᠣᠯᠭᠠᠬᠤ ᠬᠡᠷᠡᠭᠲᠡᠶ᠃ ᠡᠯ᠎ᠡ ᠱᠠᠲᠤᠨ ᠤ ᠡᠮᠡᠭᠲᠡᠶᠢᠴᠦᠳ ᠤᠨ | ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠲᠤᠭ ᠲᠡᠮᠳᠡᠭ ᠲᠤᠳᠤᠷᠬᠠᠢ ᠤᠯᠤᠰ ᠲᠥᠷᠥ ᠶᠢ ᠡᠷᠬᠢᠮᠯᠡᠵᠦ᠂ ᠥᠷᠭᠡᠨ | ᠣᠯᠠᠨ ᠡᠮᠡᠭᠲᠡᠶᠢᠴᠦᠳ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ | ᠥᠷᠭᠡᠨ ᠣᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠶᠢᠴᠢᠯᠠᠵᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ | ᠴᠢᠳᠠᠯ ᠢᠶᠠᠨ ᠡᠷᠭᠦᠭᠦᠯᠬᠦ ᠬᠡᠷᠡᠭᠲᠡᠶ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |