10 ᠰᠠᠷ᠎ᠠ ᠶᠢᠨ ᠰᠡᠭᠦᠯᠴᠢ ᠪᠠᠷ᠂ ᠵᠦᠸᠧᠽᠢ ᠰᠢᠶᠠᠨ ᠨᠠᠮᠤᠷ ᠤᠨ ᠠᠭᠤᠷ ᠠᠮᠢᠰᠬᠤᠯ ᠲᠠᠭᠠᠯᠠᠮᠵᠢᠲᠠᠶ ᠪᠠᠶᠢᠵᠤ᠂ | ᠪᠡᠭᠡᠵᠢᠩ ᠤᠨ ᠴᠤᠤᠶᠠᠩ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠡᠰᠢᠭᠦᠨ ᠠᠵᠤ | ᠠᠬᠤᠶᠢᠯᠠᠯ ᠠᠴᠠ ᠪᠡᠯᠡ ᠭᠠᠷᠭᠠᠵᠤ᠂ ᠵᠦᠸᠧᠽᠢ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠴᠠ ᠳᠠᠭᠠᠭᠠᠴᠢᠯᠠᠨ | ᠡᠷᠬᠢᠯᠡᠭᠰᠡᠨ ᠮᠠᠨ ᠤ ᠰᠢᠶᠠᠨ ᠤ 7 ᠳᠤᠮᠳᠠᠳᠤ ᠪᠠᠭ᠎ᠠ ᠰᠤᠷᠭᠠᠭᠤᠯᠢ ᠶᠢᠨ 410 ᠨᠡᠷ᠎ᠡ ᠳᠠᠩᠰᠠᠯᠠᠵᠤ ᠺᠠᠷᠲᠯᠠᠭᠰᠠᠨ ᠶᠠᠳᠠᠭᠤ | ᠬᠦᠴᠢᠷᠳᠡᠯᠲᠡᠢ ᠶᠠᠳᠠᠭᠤ ᠬᠦᠴᠢᠷᠳᠡᠯᠲᠡᠶ ᠬᠥᠮᠦᠰ᠂ ᠪᠠᠭ᠎ᠠ ᠰᠤᠷᠭᠠᠭᠤᠯᠢ ᠶᠢᠨ ᠰᠤᠷᠤᠭᠴᠢ ᠨᠢᠭᠡᠪᠦᠷᠢ ᠳᠤ ᠨᠣᠣᠰᠣᠨ ᠬᠡᠪᠢᠰ | ᠬᠦᠷᠭᠡᠵᠦ᠂ ᠪᠥᠬᠦ ᠰᠢᠶᠠᠨ ᠤ ᠪᠠᠭ᠎ᠠ ᠰᠤᠷᠭᠠᠭᠤᠯᠢ ᠶᠢᠨ ᠰᠤᠷᠤᠭᠴᠢ ᠨᠢᠭᠡᠪᠦᠷᠢ ᠳᠤ ᠰᠤᠷᠤᠯᠴᠠᠬᠤ ᠺᠠᠷᠲ ᠬᠦᠷᠭᠡᠵᠦ ᠬᠠᠶᠢᠷ᠎ᠠ | ᠬᠠᠯᠠᠮᠵᠢ ᠶᠢᠨ ᠠᠵᠢᠯᠯᠠᠭ᠎ᠠ ᠬᠦᠷᠭᠡᠪᠡ᠃ | | 10 ᠰᠠᠷ᠎ᠠ ᠶᠢᠨ 27 ᠤ ᠡᠳᠦᠷ᠂ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠤᠣᠯ | ᠬᠠᠷᠢᠭᠤᠴᠠᠯᠭᠠᠲᠠᠨ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠷ | ᠪᠠᠶᠠᠨᠰᠢᠯᠢ ᠪᠠᠯᠭᠠᠰᠤᠨ ᠤ ᠭᠤᠤᠯ ᠪᠠᠭ᠎ᠠ ᠰᠤᠷᠭᠠᠭᠤᠯᠢ ᠳᠤ ᠬᠦᠷᠴᠦ᠂ ᠴᠤᠤ ᠶᠠᠩ ᠲᠣᠭᠤᠷᠢᠭ ᠤᠨ ᠤᠶᠢᠯᠡᠳᠪᠦᠷᠢ | ᠬᠤᠳᠠᠯᠳᠤᠭᠠᠨ ᠤ ᠬᠤᠯᠪᠤᠭ᠎ᠠ ᠶᠢᠨ ᠭᠡᠰᠢᠭᠦᠨ ᠠᠵᠤ ᠠᠬᠤᠶᠢᠯᠠᠯ ᠢ ᠲᠥᠯᠥᠭᠡᠯᠡᠨ ᠨᠣᠤᠰᠣᠨ ᠳᠠᠩᠰᠠ ᠪᠣᠯᠤᠨ ᠰᠤᠷᠤᠯᠴᠠᠬᠤ | ᠺᠠᠷᠲ ᠢᠶᠠᠨ 24 ᠶᠠᠳᠠᠭᠤ ᠬᠦᠴᠢᠷᠳᠡᠯᠲᠡᠶ ᠭᠡᠷ ᠪᠦᠯᠢ ᠶᠢᠨ ᠬᠡᠤᠬᠡᠳ ᠤᠨ ᠭᠠᠷ ᠲᠤ ᠬᠦᠷᠭᠡᠵᠡᠶ᠃ | | ᠠᠵᠢᠯᠯᠠᠭ᠎ᠠ ᠶᠢᠨ ᠠᠬᠤᠶ ᠲᠠᠯᠠᠪᠠᠶ ᠳᠤ ᠰᠢᠶᠠᠨ ᠤ ᠤᠶᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠤᠤᠯ | ᠬᠠᠷᠢᠭᠤᠴᠠᠯᠭᠠᠲᠠᠨ ᠬᠡᠤᠬᠡᠳ ᠲᠤ ᠰᠠᠶᠢᠨ ᠰᠠᠶᠢᠬᠠᠨ ᠬᠦᠰᠡᠯ ᠡᠷᠡᠮᠡᠯᠵᠡᠯ ᠲᠠᠯᠪᠢᠵᠠᠶ᠃ ᠲᠡᠷᠡ ᠬᠡᠯᠡᠭᠰᠡᠨ ᠨᠢ᠂ ᠡᠨᠡ | ᠤᠳᠠᠭᠠᠨ ᠤ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠨᠢ ᠬᠡᠳᠦ᠋ᠢᠪᠡᠷ ᠵᠣᠭᠤᠰ ᠤᠨ ᠲᠤᠭ᠎ᠠ ᠨᠢ ᠲᠡᠶᠢᠮᠦ ᠶᠡᠭᠡ ᠪᠢᠰᠢ | ᠪᠣᠯᠪᠠᠴᠤ ᠴᠤᠤᠶᠠᠩ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠶᠢᠷ᠎ᠠ ᠬᠠᠯᠠᠮᠵᠢᠲᠤ ᠠᠵᠤ | ᠠᠬᠤᠶᠢᠯᠠᠯ ᠪᠣᠯᠤᠨ ᠬᠠᠶᠢᠷ᠎ᠠ ᠬᠠᠯᠠᠮᠵᠢᠲᠤ ᠬᠥᠮᠦᠰ ᠤᠨ ᠶᠠᠳᠠᠭᠤ ᠬᠦᠴᠢᠷᠳᠡᠯᠲᠡᠢ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠢ ᠬᠠᠯᠠᠮᠵᠢᠯᠠᠨ ᠬᠠᠯᠠᠮᠵᠢᠯᠠᠵᠤ ᠪᠠᠶᠢᠬᠤ ᠶᠢ ᠲᠥᠯᠥᠭᠡᠯᠡᠭᠰᠡᠨ ᠶᠤᠮ᠃ ᠬᠠᠮᠲᠤ ᠰᠤᠷᠤᠭᠴᠢᠳ ᠡᠨᠡ ᠬᠦ ᠬᠠᠶᠢᠷ᠎ᠠ | ᠬᠠᠯᠠᠮᠵᠢ ᠶᠢ ᠪᠠᠲᠤ ᠴᠡᠭᠡᠵᠢᠯᠡᠵᠦ᠂ ᠬᠠᠯᠠᠭᠤᠨ ᠳᠤᠯᠠᠭᠠᠨ ᠪᠠᠶᠠᠷ ᠬᠦᠷ ᠲᠠᠢ ᠡᠪᠦᠯ ᠢ ᠥᠩᠭᠡᠷᠡᠭᠦᠯᠬᠦ ᠶᠢ ᠬᠦᠰᠡᠵᠦ ᠪᠠᠶᠢᠨ᠎ᠠ᠃ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠶᠠᠳᠠᠭᠤ ᠬᠦᠴᠢᠷᠳᠡᠯᠲᠡᠶ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ | ᠶᠡᠬᠡᠪᠡᠷ ᠳᠠᠮᠵᠢᠵᠤ ᠪᠠᠶᠢᠬᠤ ᠶᠢ ᠪᠠᠲᠤ ᠴᠡᠭᠡᠵᠢᠯᠡᠵᠦ᠂ ᠡᠨᠡ ᠬᠦ ᠬᠦᠨᠳᠦ ᠵᠤᠵᠠᠭᠠᠨ ᠬᠠᠶᠢᠷ᠎ᠠ ᠶᠢ ᠴᠢᠷᠮᠠᠶᠢᠨ ᠰᠤᠷᠤᠯᠴᠠᠬᠤ | ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠢᠯᠢᠳᠡᠭ ᠠᠮᠵᠢᠯᠲᠠ ᠣᠯᠬᠤ ᠪᠠᠷ ᠴᠢᠷᠮᠠᠶᠢᠵᠤ᠂ ᠬᠤᠵᠢᠮ ᠤᠯᠤᠰ ᠤᠨ | ᠲᠤᠯᠭᠠᠭᠤᠷᠢ ᠬᠦᠴᠦᠨ ᠪᠣᠯᠵᠤ᠂ ᠨᠡᠶᠢᠭᠡᠮ ᠳᠤ ᠠᠴᠢ ᠬᠠᠷᠢᠭᠤᠯᠠᠵᠤ᠂ ᠨᠤᠲᠤᠭ ᠤᠰᠤᠨ ᠳᠠᠭᠠᠨ ᠠᠴᠢ ᠬᠠᠷᠢᠭᠤᠯᠠᠬᠤ | ᠪᠣᠯᠤᠨ᠎ᠠ᠃ | | ᠠᠵᠢᠯᠯᠠᠭ᠎ᠠ ᠨᠢ ᠬᠠᠮᠤᠭ ᠰᠡᠭᠦᠯ ᠳᠤ᠂ ᠭᠦᠨ ᠰᠡᠳᠬᠢᠯᠭᠡ ᠲᠠᠭᠠᠯᠠᠮᠵᠢᠲᠠᠶ ᠳᠠᠭᠤᠤ ᠬᠥᠭᠵᠢᠮ ᠢ ᠳᠠᠭᠠᠯᠳᠤᠨ᠂ | ᠪᠠᠶᠠᠨᠰᠢᠯᠢ ᠶᠢᠨ ᠭᠤᠣᠯ ᠰᠤᠷᠭᠠᠭᠤᠯᠢ ᠶᠢᠨ ᠬᠡᠦᠬᠡᠳ ᠤᠳ ᠪᠥᠵᠢᠭ ︽ᠠᠴᠢ ᠡᠨᠡᠷᠢᠯ ᠳᠤ ᠲᠠᠯᠠᠷᠬᠠᠭᠰᠠᠨ ᠰᠡᠳᠬᠢᠯ︾ ᠢ | ᠲᠤᠭᠯᠠᠵᠤ᠂ ᠬᠡᠦᠬᠡᠳ ᠤᠳ ᠨᠠᠷᠢᠨ ᠬᠢᠨᠠᠮᠠᠭᠠᠶ ᠰᠡᠳᠬᠢᠯ ᠲᠠᠯᠪᠢᠨ ᠪᠥᠵᠢᠭᠯᠡᠬᠦ ᠬᠥᠳᠡᠯᠭᠡᠭᠡᠨ ᠨᠢ ᠲᠡᠳᠡᠨ ᠤ ᠴᠤᠤᠶᠠᠩ | ᠲᠤᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠳᠤ ᠲᠠᠯᠠᠷᠬᠠᠭᠰᠠᠨ ᠰᠡᠳᠬᠢᠯᠭᠡ ᠪᠠᠨ ᠢᠯᠡᠳᠬᠡᠪᠡ᠃ | | ᠲᠤᠰ ᠤᠳᠠᠭᠠᠨ ᠤ ᠠᠵᠢᠯᠯᠠᠭ᠎ᠠ ᠨᠢ 10 ᠰᠠᠷ᠎ᠠ ᠶᠢᠨ 25 ᠤ ᠡᠳᠦᠷ ᠠᠴᠠ ᠡᠬᠢᠯᠡᠵᠦ᠂ ᠰᠢᠶᠠᠨ ᠤ ᠦᠢᠯᠡᠳᠪᠦᠷᠢ | ᠬᠤᠳᠠᠯᠳᠤᠭ᠎ᠠ ᠶᠢᠨ ᠬᠤᠯᠪᠣᠭ᠎ᠠ ᠶᠢᠨ ᠭᠤᠣᠯ ᠬᠠᠷᠢᠭᠤᠴᠠᠯᠭᠠᠲᠠᠨ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ | ᠬᠠᠮᠢᠶ᠎ᠠ ᠪᠦᠬᠦᠢ ᠬᠠᠷᠢᠭᠤᠴᠠᠯᠭᠠᠲᠠᠨ ᠵᠡᠷᠭᠡ ᠬᠥᠮᠦᠰ 4 ᠡᠳᠦᠷ ᠳᠠᠷᠠᠭᠠᠯᠠᠨ ᠳ᠋ᠠᠴᠢᠩ ᠵᠡᠭᠡᠯᠢ ᠶᠢᠨ ᠪᠠᠭ᠎ᠠ ᠰᠤᠷᠭᠠᠭᠤᠯᠢ᠂ ᠪᠸᠢ | ᠴᠢᠨ ᠪᠠᠭ᠎ᠠ ᠰᠤᠷᠭᠠᠭᠤᠯᠢ᠂ ᠴᠢ ᠰᠢᠶᠠ ᠶᠢᠩ ᠳᠤᠮᠳᠠᠳᠤ ᠰᠤᠷᠭᠠᠭᠤᠯᠢ᠂ ᠴᠢ ᠰᠢᠶᠠ ᠶᠢᠩ ᠪᠠᠭ᠎ᠠ ᠰᠤᠷᠭᠠᠭᠤᠯᠢ᠂ | ᠪᠠᠶᠠᠨᠰᠢᠯᠢ ᠭᠤᠤᠯ ᠪᠠᠭ᠎ᠠ ᠰᠤᠷᠭᠠᠭᠤᠯᠢ᠂ ᠬᠤᠶᠢᠲᠦ ᠣᠷᠣᠨ ᠰᠠᠭᠤᠴᠠ ᠶᠢᠨ ᠲᠥᠪ ᠪᠠᠭ᠎ᠠ ᠰᠤᠷᠭᠠᠭᠤᠯᠢ᠂ ᠵᠦᠸᠧᠽᠢ | ᠳᠤᠮᠳᠠᠳᠤ ᠰᠤᠷᠭᠠᠭᠤᠯᠢ ᠳᠤ ᠣᠷᠣᠵᠤ᠂ ᠴᠤᠤᠶᠠᠩ ᠲᠣᠭᠤᠷᠢᠭ ᠤᠨ ᠤᠶᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠭᠡᠰᠢᠭᠦᠨ ᠠᠵᠤ ᠠᠬᠤᠶᠢᠯᠠᠯ ᠢ ᠲᠥᠯᠥᠭᠡᠯᠡᠨ ᠶᠠᠳᠠᠭᠤ ᠬᠦᠴᠢᠷᠳᠡᠯᠲᠡᠶ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ | ᠨᠡᠶᠢᠰᠯᠡᠯ ᠤᠨ ᠬᠠᠶᠢᠷ᠎ᠠ ᠬᠠᠯᠠᠮᠵᠢ ᠪᠠ ᠵᠥᠩᠨᠡᠯ ᠳᠡᠪᠰᠢᠭᠦᠯᠵᠡᠶ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |