11 ᠰᠠᠷ᠎ᠠ ᠶᠢᠨ 3 ᠤ ᠦᠳᠡ ᠡᠮᠦᠨ᠎ᠡ᠂ ᠬᠤᠩ ᠵᠤᠤ ᠰᠢᠶᠠᠩ ᠨᠠᠮ ᠤᠨ ᠡᠳᠦᠷ ᠤᠨ ᠭᠤᠣᠯ ᠰᠡᠳᠦᠪᠲᠦ | ᠠᠵᠢᠯᠯᠠᠭ᠎ᠠ ᠶᠢ ᠥᠷᠨᠢᠭᠦᠯᠵᠦ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ︽ᠮᠡᠳᠡᠬᠦ ᠶᠣᠰᠣᠲᠠᠶ ᠬᠤᠷᠠᠯ︾ ᠤᠨ | ᠣᠨᠣᠯ ᠤᠨ ᠮᠡᠳᠡᠯᠭᠡ ᠶᠢᠨ ᠰᠢᠯᠭᠠᠯᠲᠠ ᠶᠢ ᠰᠤᠷᠤᠯᠴᠠᠨ ᠲᠤᠤᠱᠯᠠᠭᠤᠯᠵᠤ ᠪᠦᠬᠦ ᠺᠠᠲᠠᠷ ᠣᠷᠣᠯᠴᠠᠪᠠ᠃ | | ᠬᠤᠷᠠᠯ ᠳᠡᠭᠡᠷ᠎ᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾ ᠶᠢ ᠰᠤᠷᠤᠯᠴᠠᠪᠠ᠃ ᠠᠯᠪᠠᠨ | ᠮᠡᠳᠡᠭᠡᠨ ᠤ ᠭᠤᠤᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠵᠤ᠂ ᠪᠠᠰᠠ ᠵᠢᠭᠠᠵᠤ | ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ | ᠬᠤᠷᠠᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ ᠪᠠᠶᠢᠭ᠎ᠠ ᠶᠠᠪᠤᠳᠠᠯ ᠮᠥᠨ᠂ ︽ | ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠤᠬᠡᠨ ᠰᠣᠯᠪᠢᠴᠠᠯ ᠤᠨ ᠬᠤᠭᠤᠴᠠᠭᠠᠨ ᠳᠤ | ᠬᠤᠷᠠᠯᠳᠤᠭᠤᠯᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯᠳᠤᠭᠠᠨ ᠨᠢ ᠪᠥᠬᠦᠳᠡ ᠬᠤᠷᠠᠯ ᠠᠴᠠ ᠮᠠᠨ ᠤ | ᠤᠯᠤᠰ ᠤᠨ ᠬᠤᠶᠢᠰᠢᠳᠠ ᠶᠢᠨ ᠨᠢᠭᠡ ᠬᠤᠭᠤᠴᠠᠭᠠᠨ ᠤ ᠬᠥᠭᠵᠢᠯᠲᠡ ᠶᠢᠨ ᠴᠢᠭᠯᠡᠯ᠂ ᠴᠢᠭᠯᠡᠯᠲᠡ᠂ ᠡᠭᠦᠷᠭᠡ ᠵᠢᠴᠢ | ᠠᠷᠭ᠎ᠠ ᠬᠡᠮᠵᠢᠶ᠎ᠡ ᠶᠢ ᠭᠦᠨᠵᠡᠭᠡᠶ ᠵᠢᠭᠠᠵᠤ ᠭᠠᠷᠭᠠᠵᠠᠶ᠃ ᠪᠢᠳᠡᠨ ᠤ ︽ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ︾ ᠶᠢᠨ ᠠᠵᠢᠯ ᠢ ᠰᠠᠶᠢᠲᠦᠷ ᠬᠢᠬᠦ ᠳᠤ ᠮᠠᠰᠢ ᠴᠢᠩᠭ᠎ᠠ ᠤᠶᠢᠯᠡᠳᠤᠯᠭᠡ ᠶᠢᠨ | ᠵᠢᠯᠣᠭᠤᠳᠬᠤ ᠠᠴᠢ ᠬᠤᠯᠪᠣᠭᠳᠠᠯ ᠲᠠᠢ ᠶᠤᠮ᠂ ᠲᠤᠭᠤᠰᠢᠯᠠᠭᠤᠯᠤᠨ ᠰᠤᠷᠤᠯᠴᠠᠬᠤ ᠠᠵᠢᠯ ᠢ ᠬᠢᠨᠠᠮᠠᠭᠠᠶ ᠰᠠᠶᠢᠲᠤᠷ | ᠬᠢᠬᠦ ᠬᠡᠷᠡᠭᠲᠡᠶ᠃ | | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠩ ᠤᠨ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ | ᠵᠤᠭᠰᠤᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠤᠢᠭᠡᠢ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠰᠤᠷᠤᠯᠴᠠᠯᠭ᠎ᠠ ᠶᠢᠨ ᠳᠤᠮᠳᠠ ᠦᠵᠡᠯ ᠰᠠᠨᠠᠭ᠎ᠠ ᠪᠠᠨ ᠴᠢᠯᠦᠭᠡᠯᠡᠵᠦ᠂ ᠦᠵᠡᠯ ᠰᠠᠨᠠᠭ᠎ᠠ ᠪᠠᠨ ᠨᠢᠭᠡᠳᠬᠡᠨ᠂ | ᠤᠶᠢᠯᠡᠳᠤᠯᠭᠡ ᠪᠠᠨ ᠵᠢᠯᠣᠭᠤᠳᠤᠨ᠎ᠠ᠃ ᠥᠪᠡᠷ ᠤᠨ ᠶᠠᠪᠤᠳᠠᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠬᠢᠨᠠᠨ ᠵᠥᠪᠯᠡᠵᠦ | ᠪᠠᠲᠤᠯᠠᠭᠰᠠᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠴᠢᠬᠤᠯᠠ ᠠᠴᠢ ᠬᠤᠯᠪᠣᠭᠳᠠᠯ ᠢ | ᠭᠦᠨᠵᠡᠭᠡᠶ ᠣᠶᠢᠯᠠᠭᠠᠵᠤ᠂ ᠬᠢᠮᠤᠷᠠᠯ ᠤᠨ ᠳᠤᠮᠳᠠ ᠠᠵᠠ ᠲᠣᠬᠢᠶᠠᠯ ᠢ ᠪᠣᠶ ᠪᠣᠯᠭᠠᠵᠤ᠂ ᠬᠤᠪᠢᠷᠠᠯᠲᠠ ᠶᠢᠨ ᠳᠤᠮᠳᠠ | ᠰᠢᠨ᠎ᠡ ᠪᠠᠶᠢᠳᠠᠯ ᠭᠠᠷᠭᠠᠬᠤ ᠲᠠᠭᠠᠨ ᠴᠢᠳᠠᠮᠠᠭᠠᠶ ᠪᠠᠶᠢᠵᠤ᠂ ᠪᠦᠬᠦ ᠰᠢᠶᠠᠩ ᠤᠨ ᠡᠯ᠎ᠡ ᠵᠦᠢᠯ ᠤᠨ ᠠᠵᠢᠯ ᠤᠨ ᠴᠢᠨᠠᠷ | ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ | ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠩ ᠤᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠬᠦ ᠬᠡᠷᠡᠭᠲᠡᠶ᠃ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠬᠤ ᠳᠤ᠂ ᠡᠯ᠎ᠡ ᠨᠠᠮ ᠤᠨ | ᠡᠭᠦᠷ ᠰᠤᠷᠤᠯᠴᠠᠬᠤ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠬᠤ ᠬᠡᠷᠡᠭᠲᠡᠶ᠃ ᠪᠦᠬᠦ ᠰᠢᠶᠠᠩ ᠤᠨ ᠨᠠᠮ ᠤᠨ | ᠭᠡᠰᠢᠭᠦᠨ ᠺᠠᠳ᠋ᠷᠴᠤᠳ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠣᠶᠢᠷ᠎ᠠ ᠶᠢᠨ ᠬᠤᠭᠤᠴᠠᠭᠠᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠨᠠᠮ ᠤᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠶᠢᠨ ᠶᠠᠷᠢᠯᠴᠠᠬᠤ | ᠬᠤᠷᠠᠯ᠂ ᠭᠡᠷ ᠪᠠᠶᠢᠰᠢᠩ ᠣᠷᠣᠨ ᠰᠠᠭᠤᠴᠠ ᠶᠢᠨ ᠭᠠᠵᠠᠷ ᠢ ᠨᠤᠲᠠᠯᠠᠨ ᠲᠣᠭᠲᠠᠭᠠᠬᠤ ᠵᠡᠷᠭᠡ ᠠᠵᠢᠯ ᠢ ᠰᠠᠶᠢᠲᠤᠷ | ᠲᠥᠯᠥᠪᠵᠢᠭᠦᠯᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠤᠲᠠᠲᠠᠢ ᠠᠵᠢᠯ ᠤᠨ ᠳᠤᠮᠳᠠ ᠦᠨᠡᠨ ᠬᠦ | ᠨᠠᠶᠢᠳᠠᠪᠤᠷᠢᠵᠢᠭᠤᠯᠤᠨ᠎ᠠ᠃ | ᠰᠤᠷᠤᠯᠴᠠᠯᠭ᠎ᠠ ᠲᠡᠭᠦᠰᠦᠭᠰᠡᠨ ᠤ ᠳᠠᠷᠠᠭ᠎ᠠ᠂ ᠠᠵᠢᠯᠯᠠᠭ᠎ᠠ ᠳᠤ ᠣᠷᠣᠯᠴᠠᠭᠰᠠᠨ ᠪᠦᠬᠦ ᠬᠥᠮᠦᠰ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ︽ᠮᠡᠳᠡᠪᠡᠯ ᠵᠣᠬᠢᠬᠤ ᠬᠤᠷᠠᠯ︾ ᠤᠨ | ᠣᠨᠣᠯ ᠤᠨ ᠮᠡᠳᠡᠯᠭᠡ ᠶᠢᠨ ᠰᠢᠯᠭᠠᠯᠲᠠ ᠬᠢᠵᠡᠶ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |