ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠣᠣ ᠵᠢᠶᠡᠨ ᠵᠢᠶᠦ᠋ᠨ  ᠬᠤᠪᠢᠳᠠᠨ ᠳᠡᠳᠬᠦᠬᠦ ᠲᠣᠰᠬᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2020/11/5
   11 ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠣᠣ ᠵᠢᠶᠠᠨ ᠵᠢᠶᠦ᠋ᠨ ᠤᠷᠢᠳ ᠬᠤᠵᠢᠳ ᠳᠠᠭᠠᠭᠠᠴᠢᠯᠠᠨ ᠬᠤᠯᠪᠤᠭᠰᠠᠨ ᠵᠦᠸᠧᠽᠢ ᠱᠠᠨ ᠪᠠᠯᠭᠠᠰᠤᠨ ᠤ ᠶᠢᠨ ᠲᠠᠩ ᠽᠢ ᠲᠣᠰᠬᠤᠨ᠂ ᠳᠧᠦ ᠬᠤᠤ ᠲᠣᠰᠬᠤᠨ᠂ ᠦ᠋ ᠰᠢᠩ ᠲᠣᠰᠬᠤᠨ᠂ ᠱᠠᠨ ᠳ᠋ᠢᠩ ᠲᠣᠰᠬᠤᠨ᠂ ᠰᠢᠨ ᠮᠢᠨ ᠵᠡᠭᠡᠯᠢ ᠲᠣᠰᠬᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠤᠯᠳᠠᠯᠭ᠎ᠠ ᠲᠠᠢ ᠠᠵᠢᠯ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠂ ᠬᠤᠲᠠ ᠶᠢᠨ ᠦᠷ᠎ᠡ ᠪᠦᠲᠦᠮᠵᠢ ᠶᠢ ᠬᠢᠨᠠᠨ ᠰᠢᠯᠭᠠᠬᠤ ᠪᠡᠯᠡᠳᠬᠡᠯ ᠠᠵᠢᠯ ᠤᠨ ᠪᠠᠶᠢᠳᠠᠯ ᠤᠨ ᠲᠤᠬᠠᠶ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃    ᠲᠣᠰᠬᠤᠨ ᠪᠣᠯᠭᠠᠨ ᠳᠤ ᠵᠤᠤ ᠵᠢᠶᠠᠨ ᠵᠢᠶᠦ᠋ᠨ ᠴᠥᠮ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ᠪᠥᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯᠳᠠᠯᠭ᠎ᠠ ᠲᠠᠢ ᠠᠵᠢᠯ ᠪᠠ ᠦᠷ᠎ᠡ ᠪᠦᠲᠦᠮᠵᠢ ᠶᠢ ᠬᠢᠨᠠᠨ ᠰᠢᠯᠭᠠᠬᠤ ᠠᠵᠢᠯ ᠤᠨ ᠪᠡᠯᠡᠳᠬᠡᠯ ᠪᠠᠶᠢᠳᠠᠯ ᠢ ᠨᠠᠷᠢᠨ ᠣᠶᠢᠯᠠᠭᠠᠵᠤ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠨᠡᠶᠢᠲᠡᠯᠢᠭ ᠲᠤᠷᠰᠢᠯᠭ᠎ᠠ ᠶᠢ ᠳ᠋ᠦᠩᠨᠡᠬᠦ᠂ ᠬᠥᠳᠡᠯᠦᠩᠭᠦᠶ ᠲᠣᠬᠢᠷᠠᠭᠤᠯᠤᠯᠲᠠ ᠬᠢᠬᠦ᠂ ᠳᠠᠩᠰᠠ ᠡᠪᠬᠡᠮᠡᠯ ᠤᠨ ᠮᠠᠲ᠋ᠧᠷᠢᠶᠠᠯ ᠢ  ᠲᠡᠭᠦᠯᠳᠡᠷᠵᠢᠭᠦᠯᠬᠦ ᠵᠢᠴᠢ ᠲᠣᠳᠣᠷᠬᠠᠶ ᠺᠠᠷᠲ ᠢᠶᠠᠷ ᠡᠷᠦᠬᠡ ᠳᠤ ᠣᠷᠣᠭᠤᠯᠬᠤ ᠵᠡᠷᠭᠡ ᠪᠣᠳᠠᠲᠠᠶ ᠠᠵᠢᠯ ᠤᠨ  ᠨᠠᠶᠢᠳᠠᠪᠦᠷᠢᠵᠢᠭᠤᠯᠤᠭᠰᠠᠨ ᠪᠠᠶᠢᠳᠠᠯ ᠢ ᠯᠠᠪᠯᠠᠨ ᠠᠰᠠᠭᠤᠬᠤ ᠶᠢᠨ ᠬᠠᠮᠲᠤ᠂ ᠬᠠᠮᠢᠶ᠎ᠠ ᠪᠦᠬᠦᠢ ᠠᠵᠢᠯ ᠳᠤ ᠪᠣᠳᠠᠲᠠᠶ  ᠱᠠᠭᠠᠷᠳᠠᠯᠭ᠎ᠠ ᠳᠤᠷᠠᠳᠪᠠ᠃
   ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠬᠦ ᠳᠤᠮᠳᠠ᠂ ᠵᠤᠤ ᠵᠢᠶᠠᠨ ᠵᠢᠶᠦ᠋ᠨ ᠡᠯ᠎ᠡ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠬᠢᠨᠠᠨ ᠰᠢᠯᠭᠠᠬᠤ ᠠᠵᠢᠯ ᠢ  ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠦᠷ᠎ᠡ ᠪᠦᠲᠦᠮᠵᠢ ᠶᠢ ᠬᠢᠨᠠᠨ ᠰᠢᠯᠭᠠᠬᠤ ᠶᠢᠨ ᠬᠡᠷᠡᠭᠵᠢᠭᠦᠯᠬᠦ ᠲᠥᠰᠦᠯ ᠲᠠᠢ ᠨᠠᠷᠢᠨ ᠬᠢᠨᠠᠮᠠᠭᠠᠶ ᠬᠠᠷᠢᠴᠠᠭᠤᠯᠤᠨ᠂ ᠵᠤᠷᠪᠤᠰ ᠳᠠᠷᠠᠭᠠᠯᠠᠨ ᠬᠠᠷᠢᠴᠠᠭᠤᠯᠤᠨ ᠥᠪᠡᠷᠲᠡᠭᠡᠨ ᠪᠠᠶᠢᠴᠠᠭᠠᠵᠤ᠂ ︽ᠬᠤᠶᠠᠷ ᠲᠤ ᠵᠣᠪᠠᠭ᠋ᠤ ᠦᠭᠡᠶ ᠭᠤᠷᠪᠠ ᠶᠢ ᠪᠠᠲᠤᠯᠠᠬᠤ︾  ᠳᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ  ᠲᠦᠪᠯᠡᠷᠡᠭᠦᠯᠵᠦ᠂ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠭᠤᠣᠯᠳᠠᠯᠭ᠎ᠠ ᠶᠢ ᠪᠠᠷᠢᠮᠵᠢᠶᠠᠯᠠᠨ ᠬᠠᠷᠭᠤᠭᠤᠯᠵᠤ᠂ ᠥᠩᠭᠡᠷᠡᠭᠡᠭᠰᠡᠨ ᠠᠵᠢᠯ ᠢᠶᠠᠨ ᠨᠠᠷᠢᠨ ᠨᠢᠮᠪᠠᠶ ᠡᠮᠬᠢᠯᠡᠵᠦ᠂ ᠨᠢᠭᠡ ᠨᠢᠭᠡ ᠪᠠᠷ ᠪᠠᠶᠢᠴᠠᠭᠠᠵᠤ ᠳᠤᠲᠠᠭᠤᠳᠠᠯ ᠢᠶᠠᠨ ᠨᠥᠬᠦᠪᠥᠷᠢᠯᠡᠨ᠂ ᠦᠷ᠎ᠡ ᠪᠦᠲᠦᠮᠵᠢ ᠶᠢ ᠬᠢᠨᠠᠨ ᠰᠢᠯᠭᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠨ᠎ᠡ᠃
   ᠡᠯ᠎ᠡ ᠲᠣᠰᠬᠤᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠵᠤᠤ ᠵᠢᠶᠠᠨ ᠵᠢᠶᠦ᠋ᠨ ᠴᠢᠬᠤᠯᠠᠴᠢᠯᠠᠭᠰᠠᠨ ᠨᠢ᠂ ᠤᠳᠠᠭ᠎ᠠ ᠪᠦᠷᠢ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠣᠭᠤᠷᠢᠨ ᠪᠠᠶᠢᠴᠠᠭᠠᠯᠲᠠ᠂ ᠱᠠᠯᠠᠪᠳᠤᠭᠤᠯᠤᠨ ᠵᠢᠯᠣᠭᠤᠳᠴᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ  ᠰᠠᠶᠢᠳᠤᠷ ᠠᠳᠬᠤᠵᠤ᠂ ᠠᠰᠠᠭᠤᠳᠠᠯ ᠢ  ᠰᠢᠢᠳᠪᠦᠷᠢᠯᠡᠬᠦ ᠦᠭᠡᠶ ᠪᠣᠯ ᠲᠠᠯᠪᠢᠬᠤ ᠦᠭᠡᠶ᠂ ᠴᠡᠭᠴᠡᠯᠡᠨ ᠰᠠᠶᠢᠵᠢᠷᠠᠭᠤᠯᠬᠤ ᠦᠭᠡᠶ ᠪᠣᠯ ᠲᠠᠯᠪᠢᠬᠤ ᠦᠭᠡᠶ᠂ ᠣᠯᠠᠨ ᠲᠦᠮᠡᠨ ᠬᠠᠨᠤᠮᠵᠢ ᠦᠭᠡᠶ ᠪᠣᠯ ᠲᠠᠯᠪᠢᠬᠤ ᠦᠭᠡᠶ ᠪᠠᠶᠢᠬᠤ ᠬᠡᠷᠡᠭᠲᠡᠶ᠃ ᠦᠷᠭᠦᠯᠵᠢᠯᠡᠨ ᠨᠢᠭᠲᠠ ᠠᠩᠬᠠᠷᠴᠤ᠂ ᠣᠨᠴᠠᠭᠠᠶᠢᠯᠠᠨ ᠵᠠᠬ᠎ᠠ ᠬᠥᠪᠡᠭᠡᠨ ᠳᠠᠬᠢ ᠡᠷᠦᠬᠡ ᠨᠢ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠶ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠪᠠᠬᠢᠯᠡᠯᠲᠡ  ᠢ ᠪᠠᠬᠢᠵᠢᠭᠦᠯᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ  ᠤᠶᠢᠯᠡᠳᠤᠯ ᠢ  ᠭᠦᠢᠴᠡᠳ ᠪᠠᠳᠠᠷᠠᠭᠤᠯᠵᠤ᠂ ᠠᠷᠭ᠎ᠠ ᠪᠦᠬᠦᠨ ᠢ  ᠰᠦᠪᠡᠭᠴᠢᠯᠡᠨ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠨ᠎ᠠ᠃ ᠠᠯᠤᠰ ᠬᠡᠳᠦ ᠶᠢ ᠪᠣᠳᠣᠯᠬᠢᠯᠠᠨ᠂ ᠤᠷᠢᠳᠴᠢᠯᠠᠨ ᠲᠥᠯᠥᠪᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠢᠳᠡᠪᠬᠢᠲᠡᠶ ᠵᠣᠯᠭᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠶᠡᠬᠡᠪᠡᠷ ᠰᠠᠶᠢᠲᠤᠷ ᠠᠳᠬᠤᠵᠤ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠦᠨ᠎ᠡ᠃
   ᠡᠯ᠎ᠡ ᠲᠣᠰᠬᠤᠨ ᠳᠤ ᠭᠦᠨᠵᠡᠭᠡᠶᠢᠷᠡᠨ ᠵᠢᠯᠣᠭᠤᠳᠬᠤ ᠶᠠᠪᠤᠴᠠ ᠳᠤ᠂ ᠵᠤᠤ ᠵᠢᠶᠠᠨ ᠵᠢᠶᠦ᠋ᠨ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ ᠲᠡᠭᠦᠰᠬᠡᠯ ᠤᠨ ᠵᠢᠯ ᠪᠣᠯᠤᠨ᠎ᠠ᠂ ᠬᠡᠳᠦ᠋ᠢᠪᠡᠷ ᠮᠠᠨ ᠤ ᠰᠢᠶᠠᠨ ᠶᠠᠳᠠᠭᠤ ᠬᠦᠴᠢᠷᠳᠡᠯᠲᠡᠶ ᠰᠢᠶᠠᠨ ᠤ ᠳᠡᠰ ᠠᠴᠠ ᠤᠷᠤᠭᠰᠢᠲᠠᠶ ᠤᠬᠤᠷᠢᠨ ᠭᠠᠷᠤᠭᠰᠠᠨ ᠪᠣᠯᠪᠠᠴᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ  ᠳᠡᠭᠡᠭᠰᠢᠯᠡᠭᠦᠯᠭᠦ ᠡᠭᠦᠷᠭᠡ ᠮᠥᠨ ᠬᠠᠲᠠᠭᠤ ᠪᠡᠷᠬᠡ᠂ ᠣᠯᠠᠨ ᠢᠶᠠᠷ ᠢᠶᠠᠨ ᠶᠠᠭᠠᠬᠢᠭᠰᠠᠨ ᠴᠤ ᠰᠤᠯᠠᠷᠠᠭᠤᠯᠵᠤ ᠪᠣᠯᠬᠤ ᠦᠭᠡᠶ᠂ ᠶᠠᠭᠠᠬᠢᠭᠰᠠᠨ ᠴᠤ ᠵᠣᠭᠰᠣᠵᠤ ᠪᠣᠯᠬᠤ ᠦᠭᠡᠶ᠂ ᠶᠠᠭᠠᠬᠢᠭᠰᠠᠨ ᠴᠤ ᠪᠣᠯᠭᠤᠮᠵᠢ ᠦᠭᠡᠶ ᠪᠠᠶᠢᠵᠤ ᠪᠣᠯᠬᠤ ᠦᠭᠡᠶ᠂ ᠢᠮᠠᠭᠲᠠ ᠣᠷᠭᠢᠯᠤᠮ᠎ᠠ ᠬᠠᠯᠠᠭᠤᠨ ᠰᠡᠳᠬᠢᠯᠭᠡ᠂ ᠴᠤᠭ ᠪᠠᠳᠠᠷᠠᠩᠭᠤᠶ ᠲᠡᠮᠡᠴᠡᠯ ᠤᠨ ᠵᠣᠷᠢᠭ᠂  ᠰᠢᠢᠳᠪᠦᠷᠢᠲᠦ ᠪᠠᠶᠢᠯᠳᠤᠭᠠᠨ ᠬᠢᠬᠦ ᠣᠪᠣᠷ ᠢᠶᠠᠷ ᠬᠠᠨᠳᠤᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠳᠥᠷᠪᠡ ᠶᠢ ᠦᠯᠦ ᠬᠠᠶᠠᠬᠤ︾ ᠱᠠᠭᠠᠷᠳᠠᠯᠭ᠎ᠠ ᠶᠣᠰᠣᠭᠠᠷ᠂ ᠦᠷᠭᠦᠯᠵᠢᠯᠡᠨ ᠬᠦᠴᠦᠯᠡᠵᠦ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠦᠷᠭᠦᠯᠵᠢᠯᠡᠨ ᠨᠠᠢᠳᠠᠪᠤᠷᠢᠵᠢᠭᠤᠯᠬᠤ᠂ ᠢᠷᠡᠬᠦ ᠵᠢᠯ ᠤᠨ ᠡᠯ᠎ᠡ ᠵᠦᠢᠯ ᠤᠨ ᠠᠵᠢᠯ ᠢ ᠤᠷᠢᠳᠴᠢᠯᠠᠨ ᠲᠥᠯᠥᠪᠯᠡᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃           ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ    
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2