ᠵᠦᠸᠧᠽᠢ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︽ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠤ  ᠤᠶᠢᠯᠡᠳᠪᠦᠷᠢ ᠶᠢ ᠬᠠᠯᠠᠮᠵᠢᠯᠠᠨ  ᠬᠠᠶᠢᠷᠠᠯᠠᠬᠤ · ᠡᠪᠦᠯ ᠤᠨ ᠤᠯᠠᠷᠢᠯ ᠳᠤ ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/12/15
   12 ᠰᠠᠷ᠎ᠠ ᠶᠢᠨ 8 ᠤ ᠡᠳᠦᠷ᠂ ᠵᠦᠸᠧᠽᠢ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ︽ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠲᠠᠨ ᠢ ᠬᠠᠯᠠᠮᠵᠢᠯᠠᠨ ᠬᠠᠶᠢᠷᠠᠯᠠᠬᠤ · ᠡᠪᠦᠯ ᠤᠨ ᠤᠯᠠᠷᠢᠯ ᠳᠤ ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠰᠢᠶᠠᠨ ᠤ ᠲᠦᠩ ᠯᠧ ᠠᠭᠤᠳᠠᠮ ᠲᠠᠯᠠᠪᠠᠶ ᠳᠤ ᠶᠠᠪᠤᠭᠳᠠᠪᠠ᠃
   ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠡᠨ ᠤ ᠳᠠᠷᠤᠭ᠎ᠠ ᠸᠠᠩ ᠢᠦᠶ ᠸᠧᠶ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠠᠶ ᡁᠢ ᠫᠢᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠦᠩ ᠶᠦᠩ ᠫᠢᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠠᠨ ᠶᠦᠩ ᠠᠵᠢᠯᠯᠠᠭ᠎ᠠ ᠳᠤ ᠣᠷᠣᠯᠴᠠᠪᠠ᠃ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠬᠦ ᠲᠣᠪᠴᠢᠶ᠎ᠠ ᠶᠢᠨ ᠪᠦᠬᠦ ᠺᠠᠳ᠋ᠷ ᠠᠵᠢᠯᠲᠠᠨ ᠠᠵᠢᠯᠴᠢᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ᠂ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠴᠠ ᠴᠠᠭᠳᠠᠭ᠎ᠠ ᠲᠣᠮᠢᠯᠠᠨ ᠠᠵᠢᠯᠯᠠᠭᠠᠨ ᠳᠤ ᠣᠷᠣᠯᠴᠠᠭᠤᠯᠵᠠᠶ᠃ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠶᠠ ᠶᠣᠣ ᠳ᠋ᠦᠩ ᠶᠤᠰᠤᠯᠠᠯ ᠢ ᠡᠷᠬᠢᠯᠡᠪᠡ᠃
   ᠵᠢᠶᠠ ᠶᠣᠣ ᠳ᠋ᠦᠩ ᠠᠵᠢᠯᠯᠠᠭ᠎ᠠ ᠳᠡᠭᠡᠷ᠎ᠡ ᠶᠠᠷᠢᠶ᠎ᠠ ᠲᠠᠯᠪᠢᠪᠠ᠃ ᠲᠡᠷᠡ ᠵᠢᠭᠠᠵᠤ ᠭᠠᠷᠭᠠᠭᠰᠠᠨ ᠨᠢ᠂ ᠤᠶᠢᠷ᠎ᠠ ᠶᠢᠨ ᠵᠢᠯ ᠤᠨ ᠲᠤᠷᠰᠢ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠣᠷ᠎ᠠ᠂ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠥᠷᠭᠡᠨ ᠣᠯᠠᠨ ᠠᠵᠢᠯᠴᠢᠳ ᠢ ᠳᠠᠭᠠᠭᠤᠯᠤᠨ ᠰᠢᠷᠭᠠᠭᠤ ᠠᠵᠢᠯᠯᠠᠵᠤ᠂ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠢᠯᠡᠷᠬᠡᠶ ᠳᠡᠭᠡᠭᠰᠢᠯᠡᠵᠡᠶ᠃ ᠬᠤᠲᠠ ᠶᠢᠨ ᠳᠦᠷᠰᠦ ᠪᠠᠢᠳᠠᠯ ᠢᠯᠡᠳᠲᠡ ᠬᠤᠪᠢᠷᠠᠯᠲᠠ ᠭᠠᠷᠴᠤ᠂ ᠥᠷᠭᠡᠨ ᠣᠯᠠᠨ ᠠᠷᠠᠳ ᠲᠦᠮᠡᠨ ᠤ ᠰᠠᠨᠠᠯ ᠨᠢᠭᠡᠲᠡᠶ ᠰᠠᠶᠢᠨ ᠦᠨᠡᠯᠡᠯᠲᠡ ᠶᠢ ᠣᠯᠤᠭᠰᠠᠨ ᠨᠢ ᠶᠠᠭ ᠣᠯᠠᠨ ᠢᠶᠠᠷ ᠢᠶᠠᠨ ᠰᠠᠯᠬᠢ ᠪᠣᠷᠣᠭᠠᠨ ᠢ ᠰᠥᠷᠴᠦ᠂ ᠡᠷᠲᠡᠯᠡᠵᠦ ᠣᠷᠦ᠋ᠢᠯᠠᠭᠰᠠᠨ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ  ᠪᠤᠯᠵᠡᠢ᠃ ᠮᠠᠨ ᠤ ᠰᠢᠶᠠᠨ ᠤᠯᠤᠰ  ᠶᠢᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠪᠤᠯᠪᠠᠰᠦᠨ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠰᠢᠶᠠᠨ ᠤ ᠬᠤᠲᠠ ᠪᠣᠯᠭᠠᠨ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠴᠡᠪᠡᠷ ᠴᠡᠮᠴᠡᠭᠡᠷ ᠨᠢ ᠨᠢᠭᠡᠨᠲᠡ ᠵᠦᠸᠧᠽᠢ ᠶᠢᠨ ᠨᠢᠭᠡᠨ ᠭᠤᠶᠣ ᠨᠡᠷ᠎ᠡ ᠶᠢᠨ ᠬᠠᠭᠤᠳᠠᠰᠤ ᠪᠣᠯᠵᠣ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠰ ᠪᠣᠯ ᠨᠢᠭᠡᠨ ᠡᠭᠡᠯ ᠵᠢᠷ ᠤᠨ ᠪᠥᠭᠡᠳ ᠠᠭᠤᠤ ᠶᠡᠭᠡ ᠦᠢᠯᠡᠰ ᠮᠥᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠪᠣᠯ ᠰᠢᠨ᠎ᠡ ᠴᠠᠭ ᠦᠶ᠎ᠡ ᠶᠢᠨ ᠬᠠᠮᠤᠭ ᠤᠨ  ᠬᠠᠶᠢᠷᠠᠯᠠᠯᠲᠠᠢ ᠬᠥᠮᠦᠨ ᠮᠥᠨ᠃
   ᠠᠵᠢᠯᠯᠠᠭ᠎ᠠ ᠶᠢᠨ ᠳᠤᠮᠳᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠳ ᠲᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠥᠪᠥᠩ ᠬᠤᠪᠴᠠᠰᠤ 518 ᠬᠤᠪᠢ᠂ ᠠᠶᠤᠯᠭᠦᠶ ᠲᠤᠭᠤᠯᠭ᠎ᠠ 40 ᠶᠢ ᠲᠦᠭᠡᠭᠡᠪᠡ᠃    ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠠᠷᠠᠳ ᠤᠨ ᠴᠠᠭᠳᠠᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠴᠢᠳ ᠲᠤ ᠠᠮᠤᠷ ᠲᠦᠪᠰᠢᠨ ᠤ ᠪᠦᠰᠡ ᠶᠢ ᠪᠦᠰᠡᠯᠡᠬᠦ ᠬᠡᠷᠡᠭᠲᠡᠶ ᠭᠡᠵᠦ ᠴᠢᠬᠤᠯᠠᠴᠢᠯᠠᠵᠡᠢ᠃ ᠠᠮᠤᠷ ᠲᠦᠪᠰᠢᠨ ᠢᠶᠠᠷ ᠶᠠᠪᠤᠵᠤ᠂ ᠪᠣᠯᠪᠠᠰᠤᠨ ᠢᠶᠠᠷ ᠶᠠᠪᠤᠵᠤ᠂ ᠠᠮᠤᠷ ᠲᠦᠪᠰᠢᠨ᠂ ᠰᠠᠭᠠᠳ ᠦᠭᠡᠶ ᠨᠡᠪᠲᠡᠷᠡᠬᠦ᠂ ᠪᠣᠯᠪᠠᠰᠤᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠡᠭᠦᠳᠬᠦ ᠳᠤ ᠬᠠᠮᠲᠤ ᠪᠠᠷ ᠥᠪᠡᠷ ᠤᠨ ᠬᠦᠴᠦᠨ ᠴᠢᠳᠠᠯ ᠢᠶᠠᠨ ᠡᠷᠭᠦᠶ᠎ᠡ᠃                 ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ    
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2