ᠵᠦᠸᠧᠽᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠮᠡᠳᠡᠭᠡ ᠵᠠᠩᠭᠢ ᠶᠢᠨ ᠵᠢᠯᠣᠭᠤᠳᠬᠤ ᠲᠥᠪ ᠤᠨ ᠨᠠᠮ ᠤᠨ ᠡᠭᠦᠷ ᠰᠢᠶᠠᠨ ᠤ ᠢᠷᠠᠭᠤ ᠠᠯᠳᠠᠷ ᠤᠨ ᠬᠦᠷᠢᠶᠡᠯᠡᠩ ᠳᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2020/12/15
   ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠣᠯᠤᠨ ᠠᠯᠤᠰ ᠬᠡᠳᠦ ᠶᠢᠨ ᠲᠡᠤᠬᠡᠲᠦ ᠠᠴᠢ ᠬᠤᠯᠪᠣᠭᠳᠠᠯ ᠢ  ᠭᠦᠢᠴᠡᠳ ᠲᠠᠨᠢᠵᠤ᠂ ᠥᠷᠭᠡᠨ ᠣᠯᠠᠨ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠶᠢᠨ ᠲᠤᠰᠠᠯᠠᠬᠤ ᠴᠠᠭᠳᠠᠭ᠎ᠠ ᠶᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠶᠢ ᠪᠥᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠵᠡᠶ᠃ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ  ᠬᠦᠨᠳᠦᠯᠡᠬᠦ ᠤᠯᠠᠮᠵᠢᠯᠠᠯᠲᠤ  ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠶᠢᠨ ᠲᠤᠰᠠᠯᠠᠬᠤ ᠴᠠᠭᠳᠠᠭ᠎ᠠ ᠶᠢᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠵᠦ᠂ 12  ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠵᠦᠸᠧᠽᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠮᠡᠳᠡᠭᠡ ᠵᠠᠩᠭᠢ ᠶᠢᠨ ᠵᠢᠯᠣᠭᠤᠳᠬᠤ ᠲᠥᠪ ᠤᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ᠂ ᠨᠠᠮ ᠳᠤ ᠣᠷᠣᠬᠤ ᠢᠳᠡᠪᠬᠢᠲᠡᠨ᠂ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ᠰᠢᠶᠠᠨ ᠤ ᠢᠷᠠᠭᠤ ᠠᠯᠳᠠᠷ ᠤᠨ ᠬᠦᠷᠢᠶᠡᠯᠡᠩ ᠳᠤ ᠬᠦᠷᠴᠦ ᠨᠠᠮ ᠤᠨ ᠡᠳᠦᠷ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠳᠤᠮᠳᠠ᠂ ᠡᠩ ᠲᠡᠷᠢᠭᠦᠨ ᠳᠤ ︽ᠨᠢᠭᠡᠳᠦᠭᠡᠷ ᠵᠥᠪᠯᠡᠬᠦ ᠵᠦᠢᠯ︾ ᠤᠨ ᠳᠦᠷᠢᠮ ᠶᠣᠰᠣᠭᠠᠷ᠂ ᠪᠦᠬᠦ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠶᠢᠨ ᠲᠤᠰᠠᠯᠠᠬᠤ ᠴᠠᠭᠳᠠᠭ᠎ᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ ︵ᠬᠡᠰᠡᠭᠯᠡᠯ︶ ᠶᠢ ᠰᠤᠷᠤᠯᠴᠠᠭᠰᠠᠨ ᠪᠥᠭᠡᠳ 77 ᠨᠠᠰᠤᠲᠠᠶ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠤᠨ ᠲᠤᠬᠠᠶ ᠶᠢᠨ ᠵᠢᠯ ᠤᠨ ᠴᠡᠷᠢᠭ ᠤᠨ ᠠᠮᠢᠳᠤᠷᠠᠯ ᠤᠨ ᠭᠡᠷᠡᠯ ᠰᠠᠴᠤᠷᠠᠩᠭᠤᠶ ᠦᠢᠯᠡ ᠠᠵᠢᠯᠯᠠᠭ᠎ᠠ ᠶᠢ ᠨᠠᠷᠢᠨ ᠬᠢᠨᠠᠮᠠᠭᠠᠶ ᠰᠣᠨᠣᠰᠪᠠ᠃ ᠳᠠᠷᠠᠭ᠎ᠠ ᠨᠢ᠂ ᠨᠠᠮ ᠤᠨ ᠡᠭᠦᠷ ᠤᠨ ᠱᠦᠵᠢ ᠲᠦᠷᠦᠭᠦᠯᠡᠨ ᠦᠯᠢᠭᠡᠷ ᠳᠠᠭᠤᠷᠢᠶᠠᠯ ᠪᠣᠯᠵᠤ᠂ ᠨᠠᠮ ᠤᠨ ᠭᠡᠰᠢᠭᠦᠨ ᠤ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠶᠢᠨ ᠲᠤᠰᠠᠯᠠᠬᠤ ᠴᠠᠭᠳᠠᠭ᠎ᠠ ᠶᠢ ᠳᠠᠭᠠᠭᠤᠯᠤᠨ ᠢᠷᠠᠭᠤ ᠠᠯᠳᠠᠷ ᠤᠨ ᠬᠦᠷᠢᠶᠡᠯᠡᠩ ᠤᠨ ᠬᠤᠷᠠᠭᠰᠠᠨ ᠴᠠᠰᠤ ᠶᠢ ᠲᠦᠢᠯᠪᠤᠷᠢᠲᠠᠶ ᠴᠡᠪᠡᠷᠯᠡᠭᠰᠡᠨ ᠪᠥᠭᠡᠳ ᠨᠠᠰᠤᠲᠠᠨ ᠢ ᠬᠠᠪᠰᠤᠷᠤᠨ ᠰᠢᠯ ᠵᠦᠯᠭᠦᠵᠦ᠂ ᠭᠠᠵᠠᠷ  ᠴᠡᠪᠡᠷᠯᠡᠨ᠂ ᠬᠤᠪᠴᠠᠰᠤ ᠬᠤᠨᠠᠷ ᠢ ᠨᠢ ᠡᠪᠬᠡᠵᠦ᠂ ᠣᠷᠣ ᠳᠡᠪᠢᠰᠬᠡᠷ ᠢ ᠨᠢ ᠲᠡᠭᠰᠢᠯᠡᠪᠡ᠃ ᠨᠢᠭᠡ ᠦᠳᠡ ᠡᠮᠦᠨ᠎ᠡ᠂ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠶᠢᠨ ᠲᠤᠰᠠᠯᠠᠬᠤ ᠴᠠᠭᠳᠠᠭ᠎ᠠ ᠨᠠᠷ ᠬᠥᠷ ᠬᠦᠭᠵᠢᠶᠡᠨ ᠲᠠᠢ ᠠᠵᠢᠯᠯᠠᠵᠤ᠂ ᠢᠷᠠᠭᠤ ᠠᠯᠳᠠᠷ ᠤᠨ ᠬᠦᠷᠢᠶᠡᠯᠡᠩ ᠤᠨ ᠳᠣᠲᠣᠨ᠎ᠠ ᠭᠠᠳᠠᠨᠠᠬᠢ ᠶᠢ ᠴᠡᠪ ᠴᠡᠪᠡᠷᠬᠡᠨ ᠴᠡᠪᠡᠷᠯᠡᠵᠦ᠂ ᠨᠠᠰᠤᠲᠠᠶᠢᠴᠤᠳ ᠲᠤ ᠨᠢᠭᠡᠨ ᠴᠡᠪᠡᠷ ᠲᠠᠭᠠᠯᠠᠮᠵᠢᠲᠠᠶ ᠣᠷᠣᠨ ᠰᠠᠭᠤᠴᠠ ᠪᠠ ᠶᠠᠪᠤᠵᠤ ᠰᠠᠭᠤᠬᠤ ᠣᠷᠴᠢᠨ ᠲᠣᠭᠤᠷᠢᠨ ᠢ ᠡᠭᠦᠳᠴᠦ ᠥᠭᠴᠡᠶ᠃ ᠠᠵᠢᠯ ᠤᠨ ᠴᠢᠯᠥᠭᠡᠨ ᠳᠤ ᠨᠥᠬᠦᠳ ᠪᠣᠯᠤᠨ ᠨᠠᠰᠤᠲᠠᠶᠢᠴᠤᠳ ᠳᠣᠲᠣᠨᠣ ᠪᠠᠷ ᠶᠠᠷᠢᠯᠴᠠᠵᠤ᠂ ᠵᠣᠭᠤᠭᠳᠠᠵᠤ᠂ ᠲᠡᠳᠡᠨ ᠤ ᠪᠡᠶ᠎ᠡ ᠮᠠᠭᠪᠤᠳ ᠤᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠢᠷᠠᠭᠤ ᠠᠯᠳᠠᠷ ᠤᠨ ᠬᠦᠷᠢᠶᠡᠯᠡᠩ ᠤᠨ ᠨᠠᠰᠤᠲᠠᠳ ᠤᠷᠳᠤ ᠨᠠᠰᠤᠯᠠᠵᠤ᠂ ᠥᠲᠡᠯᠦᠭᠡ ᠨᠠᠰᠤᠨ ᠳᠠᠭᠠᠨ ᠵᠣᠯ ᠵᠢᠷᠭᠠᠯ ᠲᠠᠢ ᠪᠠᠶᠢᠬᠤ ᠶᠢ ᠬᠦᠰᠡᠨ ᠵᠥᠩᠨᠡᠪᠡ᠃
   ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠨᠠᠮ ᠤᠨ ᠡᠳᠦᠷ ᠤᠨ ᠭᠤᠤᠯ ᠰᠡᠳᠦᠪᠲᠦ ᠠᠵᠢᠯᠯᠠᠭ᠎ᠠ ᠪᠠᠷ ᠳᠠᠮᠵᠢᠨ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠤᠨ ᠵᠠᠯᠠᠭᠤ ᠦᠶ᠎ᠡ ᠶᠢᠨ ᠮᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠶᠢᠯᠡᠰ ᠤᠨ ᠲᠥᠯᠥᠭᠡ  ᠵᠤᠷᠢᠭᠤᠯᠤᠭᠰᠠᠨ ᠢ ᠣᠶᠢᠯᠠᠭᠠᠵᠠᠶ᠃ ᠪᠢᠳᠡᠨ ᠤ ᠥᠨᠥᠳᠦᠷ ᠤᠨ ᠵᠣᠯ ᠵᠢᠷᠭᠠᠯᠲᠤ ᠠᠮᠢᠳᠤᠷᠠᠯ ᠬᠢᠯᠪᠠᠷ ᠪᠤᠰᠤ ᠭᠡᠳᠡᠭ ᠢ ᠭᠦᠨᠵᠡᠭᠡᠶ ᠲᠠᠨᠢᠵᠤ ᠣᠯᠪᠠ᠃ ᠡᠪ ᠬᠠᠮᠲᠤ ᠨᠠᠮ ᠤᠨ ᠭᠡᠰᠢᠭᠦᠨ ᠤ ᠬᠤᠪᠢ ᠳᠤ ᠪᠢᠳᠡ ᠥᠪᠡᠷ ᠤᠨ ᠲᠤᠬᠠᠶᠢᠯᠠᠭᠰᠠᠨ ᠠᠵᠢᠯ ᠤᠨ ᠪᠠᠶᠢᠷᠢ ᠳᠡᠭᠡᠷ᠎ᠡ ᠪᠠᠨ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠵᠤ᠂ ᠬᠤᠪᠢᠰᠬᠠᠯ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠢᠷᠠᠭᠤ ᠠᠯᠳᠠᠷᠲᠤ ᠤᠯᠠᠮᠵᠢᠯᠠᠯ ᠢ ᠰᠠᠶᠢᠲᠤᠷ ᠪᠠᠳᠠᠷᠠᠭᠤᠯᠵᠤ᠂ ᠬᠤᠪᠢᠰᠬᠠᠯ ᠤᠨ ᠦᠨᠳᠦᠰᠦᠨ ᠬᠦᠴᠢᠷᠳᠡᠯ ᠢ ᠰᠠᠶᠢᠲᠤᠷ  ᠤᠯᠠᠮᠵᠢᠯᠠᠨ᠎ᠠ᠃
      ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2