ᠵᠦᠸᠧᠽᠢ ᠰᠢᠶᠠᠨ ᠤ ︽ᠵᠢᠵᠢᠭ ᠵᠣᠷᠯᠣᠩ︾ ᠪᠠᠶᠢᠭᠤᠯᠵᠤ ᠠᠷᠠᠳ ᠤᠨ ᠠᠮᠢᠳᠤᠷᠠᠯ  ᠳᠤ ᠳᠦᠭᠦᠮ ᠦᠵᠡᠭᠦᠯᠦᠨ᠎ᠡ
ᠨᠡᠶᠢᠲᠡᠯᠡᠭᠰᠡᠨ ᠴᠠᠭ᠄
2020/12/15
    ᠵᠢᠵᠢᠭ ᠵᠣᠷᠯᠣᠩ ᠨᠢ ᠠᠷᠠᠳ ᠤᠨ ᠠᠮᠢᠳᠤᠷᠠᠯ ᠳᠤ ᠬᠤᠯᠪᠣᠭᠳᠠᠵᠤ᠂ ᠵᠣᠷᠯᠣᠩ ᠤᠨ ᠠᠰᠠᠭᠤᠳᠠᠯ ᠨᠢ ᠲᠦᠭ ᠲᠦᠮᠡᠨ ᠠᠶᠢᠯ ᠡᠷᠦᠬᠡ ᠶᠢᠨ ᠠᠮᠢᠳᠤᠷᠠᠯ ᠤᠨ ᠬᠡᠪ ᠴᠢᠨᠠᠷ ᠲᠠᠢ ᠬᠤᠯᠪᠣᠭᠳᠠᠬᠤ ᠪᠠᠷ ᠪᠠᠷᠠᠬᠤ ᠦᠭᠡᠶ᠂ ᠪᠠᠰᠠ ᠨᠢᠭᠡᠨ ᠬᠤᠲᠠ ᠶᠢᠨ ᠪᠣᠯᠪᠠᠰᠤᠨ ᠤ ᠳᠦᠷᠢ ᠲᠥᠷᠬᠦ ᠶᠢ ᠢᠯᠡᠷᠡᠭᠦᠯᠵᠦ ᠪᠠᠶᠢᠳᠠᠭ᠃ ᠦᠷ᠎ᠡ ᠶᠢᠨ ᠵᠢᠯ ᠠᠴᠠ ᠨᠠᠰᠢ᠂ ᠮᠠᠨ ᠤ ᠰᠢᠶᠠᠨ ︽ᠵᠣᠷᠯᠣᠩ ᠤᠨ ᠬᠤᠪᠢᠰᠬᠠᠯ︾ ᠢ ᠦᠷᠭᠦᠯᠵᠢᠯᠡᠨ ᠠᠬᠢᠭᠤᠯᠵᠤ᠂ ᠬᠠᠭᠤᠷᠠᠶ ᠵᠣᠷᠯᠣᠩ ᠢ ᠥᠭᠡᠷᠡᠴᠢᠯᠡᠬᠦ᠂ ᠤᠰᠤ ᠪᠠᠷ ᠤᠬᠢᠶᠠᠬᠤ ᠵᠣᠷᠯᠣᠩ ᠪᠠᠶᠢᠭᠤᠯᠬᠤ ᠵᠡᠷᠭᠡ ᠠᠯᠢ ᠣᠯᠠᠨ ᠠᠷᠭ᠎ᠠ ᠬᠡᠮᠵᠢᠶ᠎ᠡ ᠠᠪᠴᠤ᠂ ᠬᠤᠲᠠ ᠪᠠᠯᠭᠠᠰᠤᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠳᠤ ᠨᠡᠯᠢᠶᠡᠳ ᠶᠡᠭᠡ ᠬᠤᠪᠢᠷᠠᠯᠲᠠ ᠭᠠᠷᠴᠤ᠂  ᠰᠠᠭᠤᠭᠠᠯᠢ ᠠᠷᠠᠳ ᠤᠨ ᠵᠣᠷᠯᠣᠩ ᠣᠯᠬᠤ ᠬᠦᠴᠢᠷᠲᠡᠶ ᠪᠠᠶᠢᠬᠤ ᠠᠰᠠᠭᠤᠳᠠᠯ ᠢ ᠴᠤ ᠲᠦᠢᠯᠪᠤᠷᠢᠲᠠᠶ  ᠰᠢᠢᠳᠪᠦᠷᠢᠯᠡᠪᠡ᠃
   ᠮᠠᠨ ᠤ ᠰᠢᠶᠠᠨ ᠴᠢᠨᠠᠷ ᠰᠠᠶᠢᠲᠠᠶ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠪᠣᠯᠭᠠᠨ ᠪᠦᠲᠦᠭᠡᠨ ᠪᠠᠶᠢᠭᠤᠯᠬᠤ ᠶᠢᠨ ᠲᠥᠯᠥᠭᠡ᠂ ᠬᠤᠲᠠ ᠶᠢᠨ ᠲᠣᠭᠤᠷᠢᠭ ᠤᠨ ᠴᠢᠳᠠᠮᠵᠢ ᠲᠥᠬᠦᠭᠡᠷᠦᠮᠵᠢ ᠶᠢ ᠲᠥᠬᠦᠷᠵᠢᠭᠦᠯᠬᠦ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠶᠠᠨ ᠤ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠣᠯᠠᠨ ᠤᠳᠠᠭᠠᠨ ᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠪᠠ ᠨᠠᠷᠢᠨ ᠬᠢᠨᠠᠮᠠᠭᠠᠶ ᠬᠠᠶᠢᠨ ᠪᠠᠶᠢᠴᠠᠭᠠᠬᠤ ᠪᠠᠷ ᠳᠠᠮᠵᠢᠨ᠂ ᠡᠨᠡ ᠵᠢᠯ᠂ ᠮᠠᠨ ᠤ ᠰᠢᠶᠠᠨ ᠤ ᠶᠡᠷᠦᠩᠬᠡᠶ ᠪᠡᠯᠡ ᠣᠷᠣᠭᠤᠯᠤᠯᠲᠠ 230 ᠲᠦᠮᠡᠨ ᠲᠥᠭᠦᠷᠢᠭ᠂ ᠯᠦᠩ ᠱᠧᠩ ᠴᠡᠴᠡᠷᠯᠢᠭ᠂ ᠪᠧᠶ ᠵᠢᠶᠠ ᠵᠢᠶᠠ ᠶᠤᠸᠠᠨ᠂ ᠵᠡᠭᠦᠨ ᠵᠡᠭᠡᠯᠢ ᠶᠢᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠵᠣᠰᠣᠲᠤ ᠪᠠᠯᠭᠠᠰᠤᠨ ᠤ ᠰᠠᠭᠤᠭᠠᠯᠢ ᠠᠷᠠᠳ ᠪᠣᠯᠤᠨ ᠬᠤᠳᠠᠯᠳᠤᠭᠠᠨ ᠤ ᠡᠷᠦᠬᠡ ᠨᠡᠯᠢᠶᠡᠳ ᠲᠦᠪᠯᠡᠷᠡᠭᠰᠡᠨ ᠣᠷᠣᠨ ᠪᠦᠰᠡ ᠶᠢᠨ ᠤᠰᠤᠨ ᠴᠡᠪᠡᠷᠰᠢᠯᠳᠦ ᠵᠣᠷᠯᠣᠩ 6 ᠶᠢ ᠰᠢᠨ᠎ᠡ ᠪᠠᠷ ᠪᠠᠶᠢᠭᠤᠯᠵᠠᠶ᠃ ᠵᠣᠷᠯᠣᠩ ᠪᠦᠷᠢ ᠶᠢᠨ ᠪᠠᠷᠢᠯᠭ᠎ᠠ ᠶᠢᠨ ᠲᠠᠯᠠᠪᠠᠶ ᠨᠢ 50-70 ᠺᠦᠸᠠᠳ᠋ ᠮᠧᠲᠷ ᠣᠷᠴᠢᠮ ᠪᠠᠶ᠋ᠳᠠᠭ᠃ ᠪᠠᠶᠢᠭᠤᠯᠤᠭᠰᠠᠨ ᠤ ᠳᠠᠷᠠᠭᠠᠬᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠣᠷᠯᠣᠩ ᠤᠨ ᠵᠢᠷᠤᠭ ᠲᠥᠯᠥᠪᠯᠡᠭᠡ ᠨᠢ ᠭᠤᠶᠢᠳᠠ ᠰᠠᠶᠢᠬᠠᠨ᠂ ᠴᠢᠳᠠᠮᠵᠢ ᠨᠢ ᠪᠦᠷᠢᠨ  ᠭᠦᠢᠴᠡᠳ ᠪᠠᠶᠢᠵᠤ᠂  ᠵᠦᠸᠧᠽᠢ ᠵᠡᠭᠡᠯᠢ ᠶᠢᠨ ᠦᠵᠡᠰᠬᠦᠯᠡᠩᠲᠦ  ᠰᠠᠶᠢᠬᠠᠨ ᠦᠵᠡᠮᠵᠢ ᠪᠣᠯᠤᠭᠰᠠᠨ ᠪᠠᠶᠢᠨ᠎ᠠ᠃
  ᠯᠦᠩ ᠱᠧᠩ ᠴᠡᠴᠡᠷᠯᠢᠭ ᠤᠨ ᠭᠤᠤᠯ ᠡᠭᠦᠳᠡᠨ ᠤ ᠡᠰᠡᠷᠭᠦ ᠲᠠᠯ᠎ᠠ ᠶᠢᠨ ᠵᠠᠮ ᠤᠨ ᠬᠠᠵᠠᠭᠤ ᠳᠤ ᠣᠷᠣᠰᠢᠵᠤ᠂ ᠨᠢᠭᠡᠨ ᠤᠳᠤᠬᠢᠴᠢᠯᠡᠭᠰᠡᠨ ᠪᠠᠷᠢᠯᠭ᠎ᠠ ᠶᠢᠨ ᠬᠡᠪ ᠨᠠᠮᠪᠠ ᠲᠠᠢ ᠨᠡᠶᠢᠲᠡ ᠶᠢᠨ ᠵᠣᠷᠯᠣᠩ ᠨᠢ ᠮᠠᠰᠢ ᠣᠨᠴᠠᠯᠢᠭ ᠲᠠᠢ ᠬᠠᠷᠠᠭᠳᠠᠨ᠎ᠠ᠃ ᠨᠡᠶᠢᠲᠡ ᠶᠢᠨ ᠵᠣᠷᠯᠣᠩ ᠳᠤ ᠣᠷᠣᠵᠤ ᠭᠤᠯᠭ᠍ᠬᠤ ᠠᠴᠠ ᠰᠡᠷᠭᠡᠶᠢᠯᠡᠬᠦ ᠱᠠᠯᠠ ᠶᠢᠨ ᠲᠣᠭᠤᠰᠬ᠎ᠠ᠂ ᠲᠦᠰᠢᠭᠦᠷ᠂ ᠣᠴᠦ᠋ᠢᠬᠤ ᠪᠠᠭᠠᠵᠢ᠂ ᠭᠠᠷ ᠤᠬᠢᠶᠠᠬᠤ ᠲᠠᠶᠢᠰᠠ ᠵᠡᠷᠭᠡ ᠲᠥᠬᠦᠭᠡᠷᠦᠮᠵᠢ ᠪᠦᠷᠢᠨ ᠭᠦᠢᠴᠡᠳ ᠪᠠᠶᠢᠵᠤ᠂ ᠠᠷᠢᠭᠤᠨ ᠴᠡᠪᠡᠷ ᠵᠣᠷᠯᠣᠩ ᠳᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠠᠮᠠᠷᠠᠬᠤ ᠭᠡᠷ ᠲᠣᠬᠢᠷᠠᠭᠤᠯᠵᠠᠶ᠃ ᠮᠠᠨ ᠤ ᠰᠢᠶᠠᠨ ᠤ ᠣᠯᠠᠨ ᠨᠡᠶᠢᠲᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠨᠡᠪᠲᠡᠷᠡᠬᠦ ᠬᠥᠮᠦᠨᠴᠢ ᠣᠶᠢᠯᠠᠭᠠᠭᠳᠠᠬᠤᠨ ᠢ ᠭᠦᠢᠴᠡᠳ ᠢᠯᠡᠷᠡᠭᠦᠯᠵᠡᠶ᠃
   ᠣᠳᠣᠬᠠᠨ ᠳᠤ ᠬᠤᠲᠠ ᠶᠢᠨ ᠲᠣᠭᠤᠷᠢᠭ ᠲᠤ 6 ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠣᠷᠯᠣᠩ ᠤᠨ 4 ᠨᠢ ᠨᠢᠭᠡᠨᠲᠡ ᠪᠠᠷᠢᠯᠭ᠎ᠠ ᠳᠠᠭᠤᠰᠴᠠᠶ᠃ ᠡᠨᠡ ᠵᠢᠯ ᠤᠨ 12 ᠰᠠᠷ᠎ᠠ ᠶᠢᠨ ᠰᠡᠭᠦᠯᠴᠢ ᠪᠣᠯᠲᠠᠯ᠎ᠠ ᠪᠦᠬᠦᠨ ᠢ ᠪᠠᠶᠢᠭᠤᠯᠵᠤ ᠳᠠᠭᠤᠰᠬᠠᠨ᠎ᠠ᠃ ᠲᠥᠷᠥᠯ ᠵᠦᠢᠯ ᠢ ᠪᠦᠬᠦᠨ ᠢ ᠪᠠᠶᠢᠭᠤᠯᠤᠭᠰᠠᠨ ᠤ ᠳᠠᠷᠠᠭ᠎ᠠ᠂ ᠮᠠᠨ ᠤ ᠰᠢᠶᠠᠨ ᠤ ᠬᠤᠲᠠ ᠶᠢᠨ ᠳᠣᠲᠣᠷᠠᠬᠢ ᠤᠰᠤ ᠪᠠᠷ ᠤᠬᠢᠶᠠᠬᠤ ᠮᠠᠶ᠋ᠢᠭ ᠤᠨ ᠵᠣᠷᠯᠣᠩ 18 ᠪᠠᠶᠢᠵᠤ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠵᠣᠷᠯᠣᠩ 8 ᠪᠤᠶ᠃ ᠮᠠᠨ ᠤ ᠰᠢᠶᠠᠨ ᠤ ᠬᠤᠲᠠ ᠶᠢᠨ ᠲᠣᠭᠤᠷᠢᠭ ᠤᠨ ᠨᠡᠶᠢᠲᠡ ᠶᠢᠨ ᠵᠣᠷᠯᠣᠩ ᠤᠨ ᠲᠤᠭ᠎ᠠ ᠬᠡᠮᠵᠢᠶ᠎ᠡ ᠬᠦᠷᠦᠯᠴᠡᠬᠦ ᠦᠭᠡᠶ᠂ ᠲᠠᠷᠬᠠᠯᠲᠠ ᠵᠦᠶ ᠵᠣᠬᠢᠰ ᠦᠭᠡᠶ ᠣᠳᠣᠬᠢ ᠪᠠᠶᠢᠳᠠᠯ᠂ ᠬᠥᠮᠦᠨ ᠠᠮᠠ ᠲᠥᠪᠯᠡᠷᠡᠭᠰᠡᠨ ᠲᠠᠯᠠᠪᠤᠷ ᠭᠠᠵᠠᠷ ᠪᠠ ᠰᠠᠭᠤᠭᠠᠯᠢ ᠠᠷᠠᠳ ᠲᠥᠪᠯᠡᠷᠡᠭᠰᠡᠨ ᠣᠷᠣᠨ ᠵᠡᠷᠭᠡ ᠭᠠᠵᠠᠷ ᠲᠤ ᠨᠡᠶᠢᠲᠡ ᠶᠢᠨ ᠵᠣᠷᠯᠣᠩ ᠪᠠᠶᠢᠬᠤ ᠦᠭᠡᠶ ᠪᠤᠶᠤ ᠨᠡᠶᠢᠲᠡ ᠶᠢᠨ ᠵᠣᠷᠯᠣᠩ ᠨᠡᠯᠢᠶᠡᠳ ᠬᠤᠯᠠ ᠪᠠᠶᠢᠬᠤ ᠵᠡᠷᠭᠡ ᠣᠳᠣᠬᠢ ᠪᠠᠶᠢᠳᠠᠯ ᠢ ᠪᠦᠲᠦᠮᠵᠢᠲᠡᠶ  ᠰᠢᠢᠳᠪᠦᠷᠢᠯᠡᠨ᠎ᠡ᠃
   ᠮᠠᠨ ᠤ ᠰᠢᠶᠠᠨ ᠤ ᠰᠠᠭᠤᠭᠠᠯᠢ ᠠᠷᠠᠳ ᠤᠨ ᠦᠵᠡᠬᠦ ᠪᠠᠷ᠂ ᠡᠨᠡ ᠪᠣᠯ ᠣᠯᠠᠨ ᠲᠦᠮᠡᠨ ᠳᠤ ᠦᠨᠡᠨᠬᠦ ᠠᠰᠠᠷᠠᠮᠵᠢ ᠣᠯᠭᠤᠬᠤ ᠶᠡᠭᠡ ᠰᠠᠶᠢᠨ ᠶᠠᠪᠤᠳᠠᠯ ᠪᠣᠯᠬᠤ ᠪᠥᠭᠡᠳ ᠣᠯᠠᠨ ᠵᠢᠯ ᠤᠨ ᠲᠤᠷᠰᠢ ᠣᠯᠠᠨ ᠲᠦᠮᠡᠨ ᠢ ᠭᠠᠴᠢᠭᠳᠠᠭᠤᠯᠵᠤ  ᠪᠠᠶᠢᠭ᠎ᠠ ︽ᠠᠷᠢᠭᠤᠨ ᠴᠡᠪᠡᠷ ᠤᠨ ᠮᠤᠬᠤᠷᠳᠠᠯ︾ ᠲᠦᠢᠯᠪᠤᠷᠢᠲᠠᠶ ᠬᠤᠪᠢᠷᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠵᠠᠩ ᠳᠠᠳᠬᠠᠯ᠂ ᠵᠣᠯ ᠵᠢᠷᠭᠠᠯ ᠤᠨ ᠵᠢᠭᠠᠯᠲᠠ ᠲᠤᠭ᠎ᠠ ᠴᠤ ᠳᠠᠭᠠᠯᠳᠤᠨ ᠳᠡᠭᠡᠭᠰᠢᠯᠡᠭᠦᠯᠦᠨ᠎ᠡ᠃   ᠳᠠᠷᠠᠭ᠎ᠠ ᠠᠯᠬᠤᠮ ᠳᠤ᠂ ᠮᠠᠨ ᠤ ᠰᠢᠶᠠᠨ ᠦᠷᠭᠦᠯᠵᠢᠯᠡᠨ ᠤᠯᠠᠭᠠᠨᠴᠠᠪ ᠬᠤᠲᠠ ᠶᠢᠨ ︽ᠵᠣᠷᠯᠣᠩ ᠤᠨ ᠬᠤᠪᠢᠰᠬᠠᠯ ︾ ᠤᠨ ᠭᠤᠷᠪᠠᠨ ᠵᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠢᠵᠢ ᠪᠦᠷᠢᠳᠦᠭᠦᠯᠦᠭᠰᠡᠨ  ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠬᠤ ᠶᠢ ᠬᠥᠲᠥᠯᠥᠨ ᠵᠢᠯᠣᠭᠤᠳᠴᠤ᠂ ᠪᠣᠯᠪᠠᠰᠤᠨ ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠵᠠᠩ ᠳᠠᠳᠬᠠᠯ ᠲᠠᠢ ᠪᠣᠯᠬᠤ ᠶᠢᠨ ᠬᠠᠮᠲᠤ᠂ ᠣᠯᠠᠨ ᠲᠦᠮᠡᠨ ᠳᠤ ᠭᠠᠷᠮᠠᠭᠠᠶ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠦᠨ᠎ᠡ᠃       ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2