12 ᠰᠠᠷ᠎ᠠ ᠶᠢᠨ 10 ᠤ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠧᠩ ᠰᠢᠶᠤᠤ ᠪᠥᠸᠧ ᠨᠡᠷ ᠮᠠᠨ ᠤ ᠰᠢᠶᠠᠨ ᠳᠤ ᠪᠠᠶᠢᠴᠠᠭᠠᠨ | ᠰᠤᠳᠤᠯᠤᠯᠲᠠ ᠬᠢᠪᠡ᠃ ᠪᠡᠭᠡᠵᠢᠩ ᠤᠨ ᠴᠤᠤᠶᠠᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠡᠷᠬᠢᠯᠡᠭᠴᠢ ᠯᠢ ᠰᠢᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠯᠢ ᠢᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠵᠤᠤ ᠵᠢᠶᠠᠨ ᠵᠢᠶᠦ᠋ᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠵᠤᠤ ᠯᠢ ᠰᠧᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠳᠡᠳ᠋ ᠰᠢᠶᠠᠨ ᠤ ᠳᠠᠷᠤᠭ᠎ᠠ ᠯᠢᠦ ᠴᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠰᠢᠶᠠᠨ ᠤ ᠳᠠᠷᠤᠭ᠎ᠠ ᠯᠢ ᠵᠥᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠸᠠᠨ | ᠺᠦᠶ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠤ ᠶᠠᠷᠢᠯᠴᠠᠬᠤ ᠬᠤᠷᠠᠯ ᠳᠤ ᠣᠷᠣᠯᠴᠠᠵᠠᠶ᠃ | | ᠵᠧᠩ ᠰᠢᠶᠣᠤ ᠪᠥᠸᠧ ᠨᠡᠷ ᠤᠷᠢᠳ ᠬᠤᠵᠢᠳ ᠮᠠᠨ ᠤ ᠰᠢᠶᠠᠨ ᠤ ᠰᠢᠪᠠᠷᠲᠠᠢ ᠪᠠᠯᠭᠠᠰᠤᠨ ᠤ ᠶᠢᠨ ᠴᠧᠩ ᠸᠠ | ᠲᠣᠰᠬᠤᠨ ᠤ ᠭᠠᠭ᠋ᠠᠶ ᠲᠡᠵᠢᠭᠡᠬᠦ ᠲᠠᠯᠠᠪᠠᠶ᠂ ᠠᠯᠲᠠᠨ ᠲᠠᠬᠢᠶ᠎ᠠ ᠶᠠᠳᠠᠭᠤ ᠶᠢ ᠲᠡᠳᠬᠦᠬᠦ ᠠᠵᠤ ᠤᠶᠢᠯᠡᠰ ᠤᠨ | ᠬᠦᠷᠢᠶᠡᠯᠡᠩ ᠲᠣᠭᠤᠷᠢᠭ᠂ ᠵᠦᠸᠧᠽᠢ ᠪᠠᠯᠭᠠᠰᠤᠨ ᠤ ᠯᠠᠨ ᠴᠢ ᠲᠣᠰᠬᠤᠨ ᠤ ᠬᠦᠢᠲᠡᠨ ᠰᠡᠷᠢᠭᠦᠨ ᠢᠳᠡᠰᠢᠨ | ᠨᠣᠭᠤᠭ᠎ᠠ ᠡᠳ᠋ᠰᠢᠭᠦᠯᠬᠦ ᠬᠦᠷᠢᠶᠡᠯᠡᠩ ᠲᠣᠭᠤᠷᠢᠭ᠂ ᠪᠠ ᠳ᠋ᠢ ᠲᠣᠰᠬᠤᠨ ᠤ ᠭᠤᠯᠢᠷ ᠪᠣᠯᠪᠠᠰᠤᠷᠠᠭᠤᠯᠬᠤ ᠤᠶᠢᠯᠡᠳᠪᠦᠷᠢ᠂ | ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠵᠡᠷᠭᠡ ᠭᠠᠵᠠᠷ ᠲᠤ ᠬᠦᠷᠴᠦ᠂ ᠮᠠᠨ ᠤ ᠰᠢᠶᠠᠨ ᠤ ᠪᠡᠭᠡᠵᠢᠩ ᠥᠪᠥᠷ | ᠮᠣᠩᠭᠤᠯ ᠤᠨ ᠬᠠᠪᠰᠤᠷᠤᠨ ᠲᠡᠳᠬᠦᠬᠦ ᠠᠵᠤ ᠤᠶᠢᠯᠡᠰ ᠤᠨ ᠲᠥᠷᠥᠯ ᠵᠦᠢᠯ ᠪᠠ ᠪᠡᠭᠡᠵᠢᠩ ᠥᠪᠥᠷ ᠮᠣᠩᠭᠤᠯ ᠤᠨ | ᠬᠠᠪᠰᠤᠷᠤᠨ ᠲᠡᠳᠬᠦᠬᠦ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠪᠠ ᠬᠥᠭᠵᠢᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃ ᠡᠯ᠎ᠡ ᠲᠥᠷᠥᠯ | ᠵᠦᠢᠯ ᠤᠨ ᠲᠤᠬᠠᠶ ᠶᠢᠨ ᠲᠠᠯᠠᠪᠠᠶ ᠳᠤ᠂ ᠵᠧᠩ ᠰᠢᠶᠤᠤ ᠪᠥᠸᠧ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠥᠷᠥᠯ | ᠵᠦᠢᠯ ᠤᠨ ᠠᠬᠢᠯᠲᠠ ᠶᠢᠨ ᠪᠠᠶᠢᠳᠠᠯ᠂ ᠣᠷᠤᠭᠤᠯᠤᠯᠲᠠ ᠭᠠᠷᠭᠠᠯᠲᠠ᠂ ᠡᠵᠡᠩᠨᠡᠯᠲᠡ ᠶᠢᠨ ᠵᠠᠭᠪᠤᠷ᠂ | ᠪᠣᠷᠣᠯᠠᠭᠤᠯᠭ᠎ᠠ ᠶᠢᠨ ᠠᠷᠭ᠎ᠠ ᠵᠠᠮ ᠵᠡᠷᠭᠡ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ | ᠰᠣᠨᠣᠰᠴᠤ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠳᠡᠳᠬᠦᠬᠦ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ᠂ | ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠲᠦᠷᠦᠯ ᠵᠦᠢᠯ ᠢ ᠥᠷᠨᠢᠭᠦᠯᠦᠭᠰᠡᠨ ᠪᠠᠶᠢᠳᠠᠯ ᠪᠣᠯᠤᠨ | ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠳᠣᠬᠢ ᠪᠠᠶᠢᠳᠠᠯ ᠢ ᠭᠦᠨᠵᠡᠭᠡᠶ ᠣᠶᠢᠯᠠᠭᠠᠵᠤ᠂ | ᠡᠭᠦᠨ ᠤ ᠬᠠᠮᠲᠤ ᠲᠥᠷᠥᠯ ᠵᠦᠢᠯ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠴᠥᠭᠡᠳᠬᠡᠵᠦ ᠶᠠᠳᠠᠭᠤ ᠶᠢ | ᠳᠠᠶᠢᠴᠢᠯᠠᠭᠰᠠᠨ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠲᠤ᠂ | ᠵᠧᠩ ᠰᠢᠶᠤᠤ ᠪᠥᠸᠧ ᠴᠤᠤᠶᠠᠩ ᠲᠣᠭᠤᠷᠢᠭ ᠪᠣᠯᠤᠨ ᠮᠠᠨ ᠤ ᠰᠢᠶᠡᠨ ᠤ ᠤᠯᠤᠰ ᠤᠨ ᠵᠡᠭᠦᠨ ᠪᠠᠷᠠᠭᠤᠨ ᠣᠷᠣᠨ ᠤ | ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠬᠢᠨᠠᠨ ᠰᠢᠯᠭᠠᠯᠲᠠ ᠶᠢ ᠤᠭᠲᠤᠬᠤ ᠡᠯ᠎ᠡ ᠵᠦᠢᠯ ᠤᠨ ᠪᠡᠯᠡᠳᠬᠡᠯ ᠠᠵᠢᠯ ᠤᠨ | ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ | | ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠯᠢ ᠶᠢᠩ ᠬᠠᠷᠢᠭᠤ ᠮᠡᠳᠡᠭᠦᠯᠦᠯᠲᠡ ᠶᠢᠨ ᠬᠤᠷᠠᠯ ᠢ | ᠡᠷᠬᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ᠂ ᠯᠢ ᠶᠢᠩ ᠬᠠᠮᠵᠢᠯᠴᠠᠨ ᠬᠠᠪᠰᠤᠷᠤᠨ ᠲᠡᠳᠬᠦᠭᠰᠡᠨ ᠶᠡᠷᠦᠩᠬᠡᠶ ᠪᠠᠶᠢᠳᠠᠯ ᠪᠣᠯᠤᠨ ᠮᠠᠨ ᠤ ᠰᠢᠶᠠᠨ | ᠤ ᠤᠯᠤᠰ ᠤᠨ ᠵᠡᠭᠦᠨ ᠪᠠᠷᠠᠭᠤᠨ ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠨ ᠬᠢᠨᠠᠨ ᠰᠢᠯᠭᠠᠬᠤ ᠠᠵᠢᠯ ᠢ | ᠠᠬᠢᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠪᠡ᠃ ᠯᠢ ᠶᠢᠩ ᠵᠢᠭᠠᠵᠤ ᠭᠠᠷᠭᠠᠭᠰᠠᠨ ᠨᠢ᠂ ᠤᠯᠤᠰ ᠠᠴᠠ ᠵᠡᠭᠦᠨ | ᠪᠠᠷᠠᠭᠤᠨ ᠣᠷᠣᠨ ᠤ ᠬᠠᠮᠵᠢᠯᠴᠠᠭ᠎ᠠ ᠶᠢᠨ ᠶᠡᠷᠦᠩᠬᠡᠶ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ | ᠪᠡᠭᠡᠵᠢᠩ ᠬᠤᠲᠠ ᠶᠢᠨ ᠴᠤᠤᠶᠠᠩ ᠲᠣᠭᠤᠷᠢᠭ ᠮᠠᠨ ᠤ ᠰᠢᠶᠠᠨ ᠢ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠵᠦ | ᠂ 2016 ᠣᠨ ᠠᠴᠠ ᠨᠠᠰᠢ᠂ ᠪᠡᠭᠡᠵᠢᠩ ᠤᠨ ᠲᠠᠯ᠎ᠠ ᠪᠠᠷ ᠡᠯ᠎ᠡ ᠱᠠᠲᠤᠨ ᠤ ᠡᠳ᠋ ᠤᠨ ᠵᠠᠰᠠᠭ ᠤᠨ ᠲᠤᠰᠠᠯᠠᠮᠵᠢ ᠶᠢᠨ | ᠪᠡᠯᠡ ᠮᠥᠩᠭᠦ 1.93 ᠳ᠋ᠦᠩᠰᠢᠭᠤᠷ ᠲᠥᠭᠦᠷᠢᠭ ᠣᠷᠣᠭᠤᠯᠵᠤ᠂ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠥᠷᠥᠯ | ᠵᠦᠢᠯ 85 ᠶᠢ ᠬᠡᠷᠡᠭᠵᠢᠭᠦᠯᠵᠡᠢ᠃ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ᠂ ᠬᠡᠷᠡᠭᠯᠡᠭᠡ ᠪᠠᠷ ᠶᠠᠳᠠᠭᠤ ᠶᠢ | ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠰᠤᠷᠭᠠᠨ | ᠬᠥᠮᠦᠵᠢᠯ ᠢᠶᠠᠷ ᠶᠠᠳᠠᠭᠤ ᠶᠢ ᠲᠡᠳᠬᠦᠬᠦ ᠣᠯᠠᠨ ᠬᠦᠷᠢᠶ᠎ᠡ ᠶᠢ ᠬᠠᠮᠤᠷᠪᠠ︔ 37 ᠪᠠᠭᠰᠢ ᠶᠢ ᠰᠣᠩᠭᠤᠨ ᠲᠣᠮᠢᠯᠠᠵᠤ᠂ | 8 ᠳᠤᠮᠳᠠᠳᠤ ᠪᠠᠭ᠎ᠠ ᠰᠤᠷᠭᠠᠭᠤᠯᠢ ᠶᠢ ᠬᠤᠤᠰᠯᠠᠨ ᠬᠠᠪᠰᠤᠷᠤᠨ ᠲᠡᠳᠬᠦᠬᠦ ᠠᠵᠢᠯ ᠢ ᠪᠠᠶᠢᠭᠤᠯᠵᠤ᠂ 4 ᠨᠡᠷᠡᠰ | ᠲᠤᠰᠢᠶᠠᠯ ᠡᠭᠦᠷᠭᠡᠯᠡᠬᠦ ᠺᠠᠳ᠋ᠷ᠂ 118 ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠣᠩᠭᠤᠨ ᠲᠣᠮᠢᠯᠠᠵᠤ᠂ ᠲᠤᠰᠬᠠᠶ | ᠮᠡᠷᠭᠡᠵᠢᠯ ᠤᠨ ᠴᠢᠳᠠᠪᠤᠷᠢᠲᠠᠨ ᠢ 875 ᠬᠥᠮᠦᠨ ᠤᠳᠠᠭ᠎ᠠ ᠪᠣᠯᠪᠠᠰᠤᠷᠠᠭᠤᠯᠵᠤ᠂ ᠮᠠᠨ ᠤ ᠰᠢᠶᠠᠨ ᠤ ᠶᠠᠳᠠᠭᠤ ᠶᠢ | ᠲᠡᠳᠬᠦᠬᠦ ᠬᠠᠮᠵᠢᠯᠴᠠᠭᠠᠨ ᠤ ᠤᠶᠢᠯᠡᠰ ᠲᠤ ᠡᠷᠬᠢᠮ ᠨᠠᠨᠳᠢᠨ ᠣᠶᠤᠨ ᠤ ᠳᠡᠮᠵᠢᠯᠭᠡ ᠬᠠᠩᠭᠠᠪᠠ︔ ᠪᠡᠭᠡᠵᠢᠩ ᠥᠪᠥᠷ | ᠮᠣᠩᠭᠤᠯ ᠤᠨ ᠡᠯ᠎ᠡ ᠲᠥᠷᠥᠯ ᠤᠨ ᠪᠣᠯᠪᠠᠰᠤᠷᠠᠭᠤᠯᠤᠯ ᠤᠨ ᠠᠩᠭᠢ ᠶᠢ ᠨᠡᠶᠢᠲᠡ 23 ᠬᠤᠭᠤᠴᠠᠭ᠎ᠠ ᠡᠷᠬᠢᠯᠡᠵᠦ᠂ | ᠶᠠᠳᠠᠭᠤ ᠬᠦᠴᠢᠷᠳᠡᠯᠲᠡᠶ ᠬᠥᠮᠦᠨ ᠠᠮᠠ ᠶᠢ 1170 ᠬᠥᠮᠦᠨ ᠤᠳᠠᠭ᠎ᠠ ᠪᠣᠯᠪᠠᠰᠤᠷᠠᠭᠤᠯᠵᠤ᠂ ᠨᠡᠶᠢᠲᠡ 1855 | ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠠᠪᠰᠤᠷᠤᠨ ᠣᠷᠣᠨ ᠤ ᠳᠣᠲᠣᠷ᠎ᠠ ᠭᠠᠳᠠᠨ᠎ᠠ ᠠᠵᠢᠯ ᠣᠯᠭᠤᠪᠠ︔ | ᠨᠡᠶᠢᠲᠡ 8 ᠠᠵᠤ ᠠᠬᠤᠶ ᠶᠢᠨ ᠬᠦᠴᠦᠷᠬᠡᠭ ᠪᠠᠯᠭᠠᠰᠤ ᠵᠣᠬᠢᠶᠠᠨ ᠪᠠᠶᠢᠭᠤᠯᠵᠤ᠂ 43 ᠨᠡᠶᠢᠭᠡᠮ ᠲᠣᠭᠤᠷᠢᠭ᠂ 19 | ᠠᠵᠤ ᠠᠬᠤᠶᠢᠯᠠᠯ᠂ 15 ᠨᠡᠶᠢᠭᠡᠮ ᠤᠨ ᠵᠣᠬᠢᠶᠠᠨ ᠪᠠᠶᠢᠭᠤᠯᠤᠯᠲᠠ ᠮᠠᠨ ᠤ ᠰᠢᠶᠠᠨ ᠲᠠᠢ ᠬᠤᠤᠰᠯᠠᠯ ᠪᠠᠶᠢᠭᠤᠯᠤᠨ | ᠬᠠᠪᠰᠤᠷᠤᠨ ᠲᠡᠳᠬᠦᠬᠦ ᠬᠠᠷᠢᠴᠠᠭ᠎ᠠ ᠪᠠᠶᠢᠭᠤᠯᠵᠤ᠂ ᠨᠡᠶᠢᠲᠡ 495.1 ᠲᠦᠮᠡᠨ ᠲᠥᠭᠦᠷᠢᠭ ᠬᠠᠨᠳᠢᠪᠯᠠᠪᠠ᠃ ᠡᠳ᠋ | ᠪᠣᠳᠠᠰ ᠬᠠᠨᠳᠢᠪᠯᠠᠭᠰᠠᠨ ᠵᠣᠭᠤᠰ ᠢ 773.01 ᠲᠦᠮᠡᠨ ᠲᠥᠭᠦᠷᠢᠭ ᠢᠶᠠᠷ ᠨᠤᠭᠤᠯᠤᠨ ᠪᠣᠳᠣᠪᠠ᠃ ᠬᠤᠶᠠᠷ | ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠨᠢᠭᠡ ᠪᠦᠯᠦᠭ ᠣᠯᠠᠨ ᠲᠦᠮᠡᠨ ᠲᠣᠭᠲᠠᠭᠤᠨ ᠢᠶᠠᠷ ᠶᠠᠳᠠᠭᠤ ᠠᠴᠠ | ᠠᠩᠭᠢᠵᠢᠷᠠᠵᠤ᠂ ᠪᠡᠭᠡᠵᠢᠩ ᠤᠨ ᠣᠶᠢᠯᠠᠭᠠᠭᠳᠠᠬᠤᠨ᠂ ᠮᠡᠷᠭᠡᠵᠢᠯ᠂ ᠠᠵᠤ ᠤᠶᠢᠯᠡᠰ᠂ ᠬᠥᠷᠥᠩᠭᠡ ᠶᠢᠨ ᠵᠠᠬ᠎ᠠ | ᠳᠡᠯᠭᠡᠭᠦᠷ ᠵᠡᠷᠭᠡ ᠳᠠᠪᠠᠭᠤᠯᠢᠭ ᠡᠬᠢ ᠪᠠᠶᠠᠯᠢᠭ ᠪᠡᠯᠡ ᠮᠥᠩᠭᠦ ᠭᠠᠵᠠᠷ ᠪᠣᠯᠭᠠᠨ ᠳᠤ ᠨᠡᠶᠢᠳᠡᠮ ᠳᠡᠯᠭᠡᠷᠡᠵᠦ᠂ | ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠠᠭ ᠲᠠᠰᠤᠷᠠᠯᠲᠠ ᠤᠢᠭᠡᠢ ᠨᠡᠩ ᠭᠦᠨ | ᠳᠠᠪᠬᠤᠷᠭ᠎ᠠ᠂ ᠨᠡᠩ ᠥᠷᠭᠡᠨ ᠬᠦᠷᠢᠶ᠎ᠡ ᠳᠠᠰᠢ ᠭᠦᠨᠵᠡᠭᠡᠶᠢᠷᠡᠵᠦ ᠪᠠᠶᠢᠨ᠎ᠠ᠃ | | ᠵᠧᠩ ᠰᠢᠶᠣᠤ ᠪᠥᠸᠧ ᠴᠢᠬᠤᠯᠠᠴᠢᠯᠠᠭᠰᠠᠨ ᠨᠢ᠂ ᠵᠡᠭᠦᠨ ᠪᠠᠷᠠᠭᠤᠨ ᠣᠷᠣᠨ ᠤ ᠶᠠᠳᠠᠭᠤ ᠶᠢ ᠲᠡᠳᠬᠦᠬᠦ | ᠬᠠᠮᠵᠢᠯᠴᠠᠭ᠎ᠠ ᠪᠣᠯ ᠶᠡᠷᠦᠩᠬᠡᠶ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠤᠭᠰᠠᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠪᠠᠶᠢᠷᠢᠰᠢᠭᠤᠯᠤᠯᠲᠠ᠂ ᠴᠢᠬᠤᠯᠠ ᠶᠡᠭᠡ ᠠᠷᠭ᠎ᠠ ᠬᠡᠮᠵᠢᠶ᠎ᠡ | ᠮᠥᠨ᠂ ᠨᠢᠭᠡ ᠵᠦᠢᠯ ᠤᠨ ᠲᠥᠪ ᠴᠢᠩᠭ᠎ᠠ ᠤᠯᠤᠰ ᠲᠥᠷᠥ ᠶᠢᠨ ᠡᠭᠦᠷᠭᠡ ᠮᠥᠨ᠃ ᠰᠢᠶᠠᠨ ᠤ ᠰᠢᠭᠤᠳ ᠬᠠᠷᠢᠶ᠎ᠠ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠠᠪᠠᠯ ᠦᠵᠡᠯ ᠰᠠᠨᠠᠭ᠎ᠠ ᠲᠠᠨ ᠢᠯᠲᠠ ᠪᠠᠨ | ᠭᠦᠨᠵᠡᠭᠡᠶᠢᠷᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠡᠭᠦᠨ ᠪᠠᠷᠠᠭᠤᠨ | ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠠᠵᠢᠯ ᠢ ᠴᠢᠬᠤᠯᠠ ᠤᠯᠤᠰ ᠲᠥᠷᠥ ᠶᠢᠨ ᠡᠭᠦᠷᠭᠡ᠂ | ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠪᠣᠯᠭᠠᠨ ᠠᠳᠬᠤᠬᠤ ᠬᠡᠷᠡᠭᠲᠡᠶ᠃ ᠠᠵᠢᠯ ᠤᠨ ᠨᠠᠷᠢᠨ | ᠵᠦᠢᠯᠡᠰ ᠢ ᠴᠢᠬᠤᠯᠠᠴᠢᠯᠠᠬᠤ ᠬᠡᠷᠡᠭᠲᠡᠶ᠂ ᠬᠡᠯᠡᠯᠴᠡᠭᠡᠷ ᠭᠦᠢᠴᠡᠳᠬᠡᠬᠦ ᠲᠤᠭ᠎ᠠ ᠶᠢ ᠨᠢᠭᠡᠨᠲᠡ ᠪᠡᠶᠡᠯᠡᠭᠦᠯᠦᠭᠰᠡᠨ ᠳᠡᠭᠡᠨ | ᠰᠡᠳᠬᠢᠯ ᠬᠠᠨᠵᠤ ᠪᠣᠯᠬᠤ ᠦᠭᠡᠶ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠲᠠᠯᠪᠢᠵᠤ᠂ ᠡᠯ᠎ᠡ ᠵᠦᠢᠯ ᠤᠨ | ᠵᠥᠪᠯᠡᠯᠴᠡᠭᠡᠷ ᠤᠨ ᠭᠦᠢᠴᠡᠳᠬᠡᠯ ᠲᠤᠭ᠎ᠠ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠡᠭᠦᠷᠭᠡ ᠪᠠᠨ | ᠳᠠᠪᠠᠭᠤᠯᠤᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠢᠯᠠᠩᠭᠤᠶ᠎ᠠ ᠠᠵᠢᠯ ᠤᠨ ᠲᠠᠯ᠎ᠠ ᠪᠠᠷ ᠰᠢᠨ᠎ᠡ ᠶᠢ | ᠡᠭᠦᠳᠬᠦ ᠲᠠᠯ᠎ᠠ ᠪᠠᠷ᠂ ᠵᠠᠪᠠᠯ ᠨᠡᠶᠢᠲᠡᠯᠢᠭ ᠵᠢᠱᠢᠶ᠎ᠡ ᠶᠢ ᠠᠭᠤᠳᠤᠯᠠᠨ᠂ ᠬᠡᠷᠡᠭ ᠤᠨ ᠵᠢᠱᠢᠶ᠎ᠡ ᠶᠢ ᠪᠣᠶ ᠪᠣᠯᠭᠠᠵᠤ᠂ | ᠬᠤᠪᠢ ᠨᠡᠮᠡᠬᠦ ᠵᠦᠢᠯᠡᠰ ᠢ ᠴᠢᠷᠮᠠᠶᠢᠨ ᠣᠯᠬᠤ ᠬᠡᠷᠡᠭᠲᠡᠶ᠃ ᠵᠡᠭᠦᠨ ᠪᠠᠷᠠᠭᠤᠨ ᠣᠷᠣᠨ ᠤ ᠶᠠᠳᠠᠭᠤ ᠶᠢ ᠲᠡᠳᠬᠦᠬᠦ | ᠬᠠᠮᠵᠢᠯᠴᠠᠭ᠎ᠠ ᠶᠢᠨ ᠡᠭᠦᠷᠭᠡ ᠬᠠᠲᠠᠭᠤ ᠪᠡᠷᠬᠡ᠂ ᠬᠠᠷᠢᠴᠠᠭᠤᠯᠭ᠎ᠠ ᠬᠦᠨᠳᠦ ᠶᠡᠭᠡ᠂ ᠪᠢᠳᠡ ᠴᠢᠩᠭ᠎ᠠ ᠤᠯᠤᠰ | ᠲᠥᠷᠥ ᠶᠢᠨ ᠬᠠᠷᠢᠭᠤᠴᠠᠯᠭ᠎ᠠ ᠡᠭᠦᠷᠭᠡᠯᠡᠯ ᠢᠶᠠᠷ ᠬᠦᠴᠦᠯᠡᠨ ᠴᠢᠷᠮᠠᠶᠢᠵᠤ᠂ ᠪᠣᠳᠠᠲᠠᠶ ᠶᠢ ᠡᠷᠬᠢᠮᠯᠡᠨ ᠬᠠᠲᠠᠭᠤᠵᠢᠯᠲᠠᠶ | ᠠᠵᠢᠯᠯᠠᠵᠤ᠂ ᠡᠯ᠎ᠡ ᠵᠦᠢᠯ ᠤᠨ ᠠᠵᠢᠯ ᠤᠨ ᠥᠷᠨᠢᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ | ᠰᠢᠯᠢᠳᠡᠭ ᠬᠢᠷᠢ ᠪᠦᠲᠦᠮᠵᠢ ᠪᠠᠷ ᠤᠯᠤᠰ ᠤᠨ ᠬᠢᠨᠠᠨ ᠰᠢᠯᠭᠠᠵᠤ ᠰᠢᠯᠭᠠᠨ ᠠᠪᠬᠤ ᠶᠢ ᠤᠭᠲᠤᠨ᠎ᠠ᠃ | | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |