ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ ᠰᠢᠨ᠎ᠡ ᠠᠶᠠᠨ ᠳᠠᠭᠠᠨ ᠮᠣᠷᠳᠠᠨ᠎ᠠ — ᠵᠦᠸᠧᠽᠢ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠵᠢᠶᠦ᠋ᠨ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2020/12/15
   
   ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠣᠯ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠴᠢᠬᠤᠯᠠ ᠬᠤᠷᠠᠯ ᠪᠣᠯᠤᠨ᠎ᠠ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠵᠦ᠂ ︿ᠬᠤᠤᠰ ᠵᠠᠭᠤᠨ ᠵᠢᠯ﹀ ᠤᠨ ᠳᠤᠮᠳᠠᠳᠤ ᠤᠯᠤᠰ ᠤᠨ ᠵᠡᠭᠦᠳᠦ ᠶᠢ ᠪᠡᠶᠡᠯᠡᠭᠦᠯᠬᠦ ᠳᠤ ᠰᠢᠢᠳᠪᠦᠷᠢᠯᠡᠭᠴᠢ ᠠᠴᠢ ᠬᠤᠯᠪᠣᠭᠳᠠᠯ ᠲᠠᠢ ᠶᠤᠮ᠃ ᠬᠤᠷᠠᠯ ᠠᠴᠠ ᠪᠠᠲᠤᠯᠠᠭᠰᠠᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠤᠬᠠᠶ ᠰᠢᠢᠳᠪᠦᠷᠢ ︵ᠲᠥᠰᠦᠯ︶᠂ ᠪᠢᠳᠡ ᠶᠡᠬᠡᠳᠡ ᠵᠣᠷᠢᠭᠵᠢᠵᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠢᠲᠡᠭᠡᠯ ᠵᠣᠷᠢᠭ ᠢ  ᠴᠢᠩᠭᠠᠳᠬᠠᠪᠠ ᠭᠡᠮᠡᠨ ᠵᠦᠸᠧᠽᠢ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠵᠢᠶᠦ᠋ᠨ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠪᠡ᠃    ᠸᠠᠩ ᠰᠢᠶᠣᠤ ᠵᠢᠶᠦ᠋ᠨ ᠲᠠᠨᠢᠯᠴᠠᠭᠤᠯᠬᠤ ᠳᠠᠭᠠᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠵᠦᠸᠧᠽᠢ ᠰᠢᠶᠠᠨ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠲᠠᠢ ᠬᠠᠮᠲᠤᠪᠠᠷ ᠠᠵᠤ ᠠᠬᠤᠶ ᠨᠡᠶᠢᠭᠡᠮ ᠤᠨ ᠡᠯ᠎ᠡ ᠲᠠᠯ᠎ᠠ ᠪᠠᠷ ᠮᠠᠰᠢ ᠶᠡᠭᠡ ᠠᠮᠵᠢᠯᠲᠠ ᠣᠯᠵᠠᠶ᠃ ᠢᠯᠠᠩᠭᠤᠶ᠎ᠠ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠪᠠᠷ ᠴᠢᠷᠮᠠᠶᠢᠵᠤ᠂ ᠪᠦᠬᠦ ᠤᠯᠤᠰ ᠤᠨ 832 ᠤᠯᠤᠰ ᠤᠨ ᠳᠡᠰ ᠤᠨ ᠶᠠᠳᠠᠭᠤ ᠬᠦᠴᠢᠷᠳᠡᠯᠲᠡᠶ ᠰᠢᠶᠠᠨ ᠲᠠᠢ ᠬᠠᠮᠲᠤ ᠪᠠᠷ ᠶᠠᠳᠠᠭᠤ ᠠᠴᠠ ᠠᠩᠭᠢᠵᠢᠷᠠᠭᠤᠯᠬᠤ ᠶᠢ ᠤᠷᠤᠭᠰᠢᠲᠠᠶ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢᠲᠠᠶ ᠲᠥᠷᠥᠭᠳᠡᠯ ᠢ ᠢᠯᠡᠳᠲᠡ ᠳᠡᠭᠡᠭᠰᠢᠯᠡᠭᠦᠯᠪᠡ᠃   ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠯᠡᠭᠡ︾ ᠶᠢ ᠪᠠᠷᠠᠯᠠᠵᠤ᠂ ᠸᠠᠩ ᠰᠢᠶᠤᠤ ᠵᠢᠶᠦ᠋ᠨ᠄ ︽ᠪᠢᠳᠡ ᠶᠡᠷᠦᠩᠬᠡᠶ ᠱᠦᠵᠢ ᠰᠢ ᠶᠢᠨ ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠪᠥᠬᠦᠳᠡ ᠬᠤᠷᠠᠯ ᠠᠴᠠ ᠪᠠᠲᠤᠯᠠᠭᠰᠠᠨ ᠰᠢᠢᠳᠪᠦᠷᠢ ᠪᠠᠷ ᠵᠦᠭᠯᠡᠭᠦᠷ ᠪᠣᠯᠭᠠᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠳᠤ ᠨᠤᠲᠠᠯᠠᠭᠰᠠᠨ ᠡᠯ᠎ᠡ  ᠵᠦᠢᠯ ᠤᠨ ᠲᠡᠮᠡᠴᠡᠯ ᠤᠨ  ᠬᠠᠷᠠᠯᠲᠠ ᠶᠣᠰᠣᠭᠠᠷ ᠵᠦᠸᠧᠽᠢ ᠰᠢᠶᠠᠨ ᠤ ᠪᠦᠲᠦᠭᠡᠨ ᠪᠠᠶᠢᠭᠤᠯᠤᠯᠲᠠ ᠶᠢᠨ ᠭᠠᠵᠠᠷ ᠢ ᠨᠡᠩ ᠰᠠᠶᠢᠨ ᠰᠠᠶᠢᠬᠠᠨ ᠪᠣᠯᠭᠠᠨ᠎ᠠ᠃    ᠸᠠᠩ ᠰᠢᠶᠣᠤ ᠵᠢᠶᠦ᠋ᠨ ᠢᠯᠡᠷᠬᠡᠶᠢᠯᠡᠬᠦ ᠳᠡᠭᠡᠨ᠂ ᠵᠦᠸᠧᠽᠢ ᠰᠢᠶᠠᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠠᠷᠢᠮᠲᠠᠯᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠦᠵᠡᠯᠲᠡ ᠶᠢ ᠪᠠᠲᠤ ᠪᠠᠬᠢ ᠪᠣᠶ  ᠪᠤᠯᠭᠠᠵᠤ᠂ ᠰᠠᠶᠢᠨ ᠰᠠᠶᠢᠬᠠᠨ ᠠᠮᠢ ᠠᠬᠤᠶ᠂ ᠳᠠᠪᠠᠭᠤᠯᠢᠭ ᠣᠷᠴᠢᠨ ᠲᠣᠭᠤᠷᠢᠨ ᠪᠣᠯᠤᠨ ᠳᠥᠭᠦᠮ ᠲᠦᠳᠡ ᠵᠠᠮ ᠬᠠᠷᠢᠯᠴᠠᠭᠠᠨ ᠤ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠠᠶ᠃ ᠣᠳᠣ ᠪᠠᠶᠢᠭ᠎ᠠ 4A ᠲᠠᠰ ᠤᠨ ᠵᠢᠭᠤᠯᠴᠢᠯᠠᠯ ᠤᠨ 3 ᠦᠵᠡᠮᠵᠢ ᠶᠢᠨ ᠣᠷᠣᠨ ᠳᠤ ᠲᠦᠰᠢᠭᠯᠡᠨ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠰᠡᠯᠡᠭᠦᠴᠡᠨ ᠪᠡᠶ᠎ᠡ ᠰᠤᠪᠢᠯᠠᠬᠤ ᠵᠢᠭᠤᠯᠴᠢᠯᠠᠯ ᠤᠨ ᠠᠵᠤ ᠤᠶᠢᠯᠡᠰ ᠢ  ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠬᠤ ᠶᠢᠨ ᠬᠠᠮᠲᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠯᠡᠭᠡᠨ ᠤ ᠬᠤᠭᠤᠴᠠᠭᠠᠨ ᠳᠤ ᠨᠢᠭᠡ ᠠᠴᠠ ᠬᠤᠶᠠᠷ 5A ᠲᠠᠰ ᠤᠨ ᠦᠵᠡᠮᠵᠢ ᠶᠢᠨ ᠣᠷᠣᠨ ᠢ ᠪᠠᠶᠢᠭᠤᠯᠵᠤ᠂ ᠨᠢᠭᠡ ᠪᠦᠯᠦᠭ 3A ᠪᠠ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ︔ ᠣᠳᠣ  ᠪᠠᠶᠢᠭ᠎ᠠ 4A ᠳᠡᠰ ᠪᠠ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠲᠦᠰᠢᠭᠯᠡᠨ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠤᠤᠯ ᠤᠨ ᠪᠠᠶᠢᠭᠰᠠᠨ ᠲᠣᠰᠬᠤᠨ ᠢ ᠠᠰᠢᠭᠯᠠ᠂ ᠣᠨᠴᠠᠯᠢᠭᠲᠤ ᠠᠷᠠᠳ ᠤᠨ ᠣᠷᠣᠨ ᠰᠠᠭᠤᠴᠠ ᠶᠢ ᠶᠡᠬᠡᠪᠡᠷ ᠬᠥᠭᠵᠢᠭᠦᠯᠵᠦ᠂ ᠬᠥᠳᠡᠭᠡ ᠲᠣᠰᠬᠤᠨ ᠤ ᠵᠤᠭᠠᠴᠠᠯ ᠤᠨ ᠰᠢᠨ᠎ᠡ ᠭᠢᠯᠠᠰ ᠴᠡᠭ ᠢ ᠡᠭᠦᠳᠴᠦ᠂ ᠣᠯᠠᠨ ᠲᠦᠮᠡᠨ ᠢ ᠳᠠᠶᠢᠴᠢᠯᠠᠨ ︽ᠵᠢᠭᠤᠯᠴᠢᠯᠠᠯ ᠤᠨ ᠬᠤᠭᠤᠯᠠ︾ ᠶᠢ ᠰᠠᠶᠢᠲᠤᠷ ᠢᠳᠡᠵᠦ᠂ ᠬᠥᠳᠡᠭᠡ ᠲᠣᠰᠬᠤᠨ ᠢ  ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ ᠴᠢᠨᠠᠷ ᠰᠠᠶᠢᠲᠠᠶ ᠬᠥᠭᠵᠢᠯᠲᠡ ᠶᠢ ᠪᠠᠷᠢᠮᠲᠠᠯᠠᠵᠤ᠂ ᠬᠥᠭᠵᠢᠯᠲᠡ ᠶᠢ ᠣᠳᠣᠬᠠᠨ ᠤ ᠠᠯᠢᠪᠠ ᠠᠴᠠ ᠴᠢᠬᠤᠯᠠ ᠡᠭᠦᠷᠭᠡ ᠪᠣᠯᠭᠠᠵᠤ᠂ ᠣᠳᠣ ᠶᠢᠨ  ᠪᠠᠶᠢᠭ᠎ᠠ ᠠᠵᠤ ᠠᠬᠤᠶᠢᠯᠠᠯ ᠢ ᠰᠠᠶᠢᠲᠤᠷ ᠳᠠᠮᠵᠢᠵᠤ ᠰᠠᠶᠢᠲᠤᠷ ᠬᠥᠭᠵᠢᠭᠦᠯᠬᠦ ᠶᠢᠨ ᠬᠠᠮᠲᠤ᠂ ᠨᠢᠭᠡ ᠪᠦᠯᠦᠭ ᠰᠢᠷᠠᠭᠰᠠᠨ ᠲᠠᠬᠢᠶ᠎ᠠ᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠬᠢᠮᠢ ᠶᠢᠨ ᠠᠵᠤ  ᠤᠶᠢᠯᠡᠳᠪᠦᠷᠢ᠂ ᠰᠢᠨ᠎ᠡ ᠡᠨᠧᠷᠭᠢ ᠵᠡᠷᠭᠡ ᠵᠦᠸᠧᠽᠢ ᠰᠢᠶᠠᠨ ᠤ ᠬᠥᠭᠵᠢᠯᠲᠡ ᠳᠤ ᠲᠣᠬᠢᠷᠠᠬᠤ ᠠᠵᠤ  ᠤᠶᠢᠯᠡᠰ ᠢ ᠢᠳᠡᠪᠬᠢᠲᠡᠶ ᠪᠠᠷ ᠪᠤᠶᠢᠵᠢᠭᠤᠯᠵᠤ᠂ ᠵᠦᠸᠧᠽᠢ ᠰᠢᠶᠠᠨ ᠤ ᠦᠷᠭᠦᠯᠵᠢᠯᠡᠬᠦ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠡᠭᠡᠵᠢᠩ ᠬᠤᠲᠠ ᠶᠢᠨ ᠴᠤᠤᠶᠠᠩ ᠲᠤᠭᠤᠷᠢᠭ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠰᠢᠭᠤᠯᠭ᠎ᠠ ᠶᠢᠨ ᠭᠠᠵᠠᠷ ᠤᠨ ᠲᠥᠷᠥᠯ ᠵᠦᠢᠯ ᠢ ᠪᠠᠶᠢᠭᠤᠯᠤᠨ ᠡᠵᠡᠩᠨᠡᠵᠦ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠤ ᠵᠣᠪᠠᠨᠢᠯ ᠢ ᠴᠠᠭ ᠲᠤᠬᠠᠶ ᠳᠤᠨᠢ  ᠰᠢᠢᠳᠪᠦᠷᠢᠯᠡᠵᠦ᠂ ᠵᠦᠸᠧᠽᠢ ᠰᠢᠶᠠᠨ ᠤ ᠠᠷᠠᠳ ᠣᠯᠠᠨ ᠢ ᠰᠢᠨ᠎ᠡ ᠴᠠᠭ ᠦᠶ᠎ᠡ ᠶᠢᠨ ᠳᠤᠯᠠᠭᠠᠨ ᠳᠤ ᠬᠦᠷᠭᠡᠵᠡᠶ᠃    ︽ᠪᠢ ᠢᠲᠡᠭᠡᠵᠦ  ᠪᠠᠶᠢᠨ᠎ᠠ᠂ ᠪᠢᠳᠡ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠪᠥᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠵᠤ᠂ ᠨᠢᠭᠡ ᠲᠤᠰᠢᠶᠠᠯ ᠤᠨ ᠬᠤᠭᠤᠴᠠᠭᠠᠨ ᠳᠤ ᠵᠠᠯᠭᠠᠨ ᠠᠵᠢᠯᠯᠠᠵᠤ᠂ ᠯᠠᠪᠲᠠᠶ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠦ᠂ ᠳᠠᠪᠠᠯᠲᠠ ᠲᠠᠢ ᠪᠠᠷ ᠳᠠᠪᠠᠵᠤ ᠭᠠᠷᠬᠤ ᠶᠢ ᠪᠡᠶᠡᠯᠡᠭᠦᠯᠵᠦ ᠴᠢᠳᠠᠨ᠎ᠠ᠃ ᠢᠷᠡᠭᠡᠳᠦᠶ ᠶᠢᠨ ᠲᠤᠬᠠᠶ ᠶᠠᠷᠢᠬᠤ ᠳᠤ᠂ ᠸᠠᠩ ᠰᠢᠶᠤᠤ ᠵᠢᠶᠦ᠋ᠨ ᠢᠲᠡᠭᠡᠯ ᠲᠡᠭᠦᠯᠳᠡᠷ ᠢᠶᠠᠷ ᠬᠡᠯᠡᠪᠡ᠃                    ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2