| ᠭᠤᠤᠯ ᠰᠡᠳᠦᠪ ᠨᠢ᠄ ︽ᠣᠶᠤᠨᠴᠢ ᠡᠮᠴᠢᠯᠡᠭᠡ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ | ᠠᠰᠠᠭᠤᠯᠲᠠ᠄ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠶᠠᠳᠠᠭᠤ ᠶᠢ ᠲᠡᠳᠬᠦᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠶᠠᠳᠠᠭᠤ ᠶᠢ ᠲᠡᠳᠬᠦᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ | | ᠬᠠᠷᠢᠭᠤᠯᠲᠠ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠪᠦᠬᠦ᠋ᠢᠯᠡ ᠶᠠᠳᠠᠭᠤ ᠶᠢ ᠲᠡᠳᠬᠦᠬᠦ | ᠠᠵᠢᠯ ᠤᠨ ᠳᠤᠮᠳᠠ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠬᠡᠷᠡᠭᠵᠢᠭᠦᠯᠵᠦ᠂ ᠡᠷᠡᠭᠦᠯ | ᠮᠡᠨᠳᠦ ᠪᠠᠷ ᠶᠠᠳᠠᠭᠤ ᠶᠢ ᠲᠡᠳᠬᠦᠬᠦ ᠪᠣᠯ ᠪᠦᠬᠦ᠋ᠢᠯᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠤᠮᠳᠠᠬᠢ ᠴᠢᠬᠤᠯᠠ ᠡᠭᠦᠷᠭᠡ ᠮᠥᠨ᠂ ᠣᠳᠣᠬᠠᠨ ᠳᠤ ᠣᠯᠠᠩᠬᠢ ᠶᠠᠳᠠᠭᠤ ᠬᠦᠴᠢᠷᠲᠡᠶ ᠬᠥᠮᠦᠨ ᠠᠮᠠ | ᠡᠪᠡᠳᠴᠢᠨ ᠠᠴᠠ ᠪᠣᠯᠵᠤ ᠶᠠᠳᠠᠭᠤᠷᠠᠵᠤ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠵᠤ ᠪᠠᠶᠢᠨ᠎ᠠ᠃ ᠮᠠᠨ ᠤ | ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠶᠢᠨ ᠭᠤᠤᠯ ᠡᠭᠦᠷᠭᠡ ᠪᠣᠯ ᠶᠠᠳᠠᠭᠤ ᠬᠦᠴᠢᠷᠳᠡᠯᠲᠡᠶ ᠣᠯᠠᠨ ᠲᠦᠮᠡᠨ ᠤ | ᠡᠪᠡᠳᠴᠢᠨ ᠢᠶᠠᠨ ᠦᠵᠡᠭᠦᠯᠵᠦ ᠳᠡᠶᠢᠯᠬᠦ᠂ ᠡᠪᠡᠳᠴᠢᠨ ᠢᠶᠠᠨ ᠰᠠᠶᠢᠨ ᠦᠵᠡᠭᠦᠯᠵᠦ ᠳᠡᠶᠢᠯᠬᠦ᠂ ᠡᠪᠡᠳᠴᠢᠨ ᠢᠶᠠᠨ | ᠴᠥᠭᠡᠨ ᠦᠵᠡᠭᠦᠯᠵᠦ ᠳᠡᠶᠢᠯᠬᠦ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠪᠣᠯᠤᠨ᠎ᠠ᠃ ᠤᠯᠤᠰ ᠠᠴᠠ ᠡᠷᠡᠭᠦᠯ | ᠮᠡᠨᠳᠦ ᠪᠠᠷ ᠶᠠᠳᠠᠭᠤ ᠶᠢ ᠲᠡᠳᠬᠦᠬᠦ ︽ᠭᠤᠷᠪᠠᠨ ᠨᠢᠭᠡ ᠪᠦᠯᠦᠭ︾ ᠠᠵᠢᠯᠯᠠᠭ᠎ᠠ ᠶᠢᠨ ᠲᠦᠯᠦᠪᠯᠡᠭᠡ ᠶᠣᠰᠣᠭᠠᠷ᠂ | ᠲᠤᠬᠠᠶᠢᠯᠠᠪᠠᠯ᠄ ᠬᠦᠨᠳᠦ ᠡᠪᠡᠳᠴᠢᠨ ᠢ ᠲᠥᠪᠯᠡᠷᠡᠭᠦᠯᠦᠨ ᠠᠪᠤᠷᠠᠨ ᠵᠠᠰᠠᠬᠤ ᠨᠢᠭᠡ ᠪᠦᠯᠦᠭ᠂ ᠤᠳᠠᠭᠠᠨ ᠴᠢᠨᠠᠷᠲᠠᠶ | ᠡᠪᠡᠳᠴᠢᠨ ᠢ ᠭᠡᠷ᠎ᠡ ᠲᠣᠭᠲᠠᠨ ᠤᠶᠢᠯᠡᠴᠢᠯᠡᠨ ᠬᠠᠮᠢᠶᠠᠷᠬᠤ ᠨᠢᠭᠡ ᠪᠦᠯᠦᠭ᠂ ᠬᠦᠨᠳᠦ ᠡᠪᠡᠳᠴᠢᠨ ᠢ | ᠦᠨᠳᠦᠰᠦᠨ ᠠᠴᠠ ᠨᠢ ᠪᠠᠲᠤᠯᠠᠵᠤ᠂ ᠬᠦᠨᠳᠦ ᠡᠪᠡᠳᠴᠢᠨ ᠪᠠ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠭᠰᠡᠨ | ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠥᠷᠥᠯ ᠪᠦᠯᠦᠭ ᠬᠤᠪᠢᠶᠠᠨ ᠠᠪᠤᠷᠠᠨ ᠵᠠᠰᠠᠬᠤ ᠶᠢ ᠬᠡᠷᠡᠭᠵᠢᠭᠦᠯᠦᠨ᠎ᠡ᠃ | ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠣᠨᠣᠪᠴᠢᠲᠠᠶ ᠪᠠᠷ | ᠡᠪᠡᠳᠴᠢᠨ ᠳᠤᠨᠢ ᠬᠦᠷᠲᠡᠯ᠎ᠡ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ︽ᠤᠷᠢᠳᠠᠪᠠᠷ ᠣᠨᠣᠰᠢᠯᠠᠨ ᠡᠮᠨᠡᠬᠦ᠂ ᠳᠠᠷᠠᠭ᠎ᠠ ᠨᠢ ᠰᠦᠢᠳᠬᠡᠯ ᠲᠤᠰᠢᠶᠠᠬᠤ︾ ᠪᠠ ︽ᠨᠢᠭᠡ ᠥᠷᠲᠡᠭᠡ | ᠮᠠᠶ᠋ᠢᠭ︾ ᠤᠨ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠤᠨ᠎ᠠ᠃ ᠶᠠᠳᠠᠭᠤ ᠬᠦᠴᠢᠷᠳᠡᠯᠲᠡᠶ | ᠬᠥᠮᠦᠨ ᠠᠮᠠ ᠰᠢᠶᠠᠨ ᠤ ᠬᠡᠪᠴᠢᠶᠡᠨ ᠳᠠᠬᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ | ᠰᠠᠭᠤᠭᠠᠳ ᠪᠠᠷᠢᠴᠠᠭᠠᠨ ᠤ ᠮᠥᠩᠭᠦ ᠲᠤᠰᠢᠶᠠᠬᠤ ᠦᠭᠡᠶ᠂ ᠡᠮᠨᠡᠯᠭᠡ ᠠᠴᠠ ᠭᠠᠷᠴᠤ ᠳ᠋ᠦᠩᠨᠡᠨ ᠪᠤᠳᠤᠬᠤ ᠦᠶ᠎ᠡ ᠳᠤ᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ | ᠲᠤᠰᠠᠯᠠᠯᠲᠠ᠂ ᠬᠤᠳᠠᠯᠳᠤᠭᠠᠨ ᠤ ᠡᠷᠡᠭᠦᠯ ᠮᠡᠨᠳᠦ ᠶᠢᠨ ᠨᠦᠬᠦᠪᠦᠷᠢ ᠳᠠᠭᠠᠳᠬᠠᠯ᠂ ᠬᠦᠨᠳᠦ ᠡᠪᠡᠳᠴᠢᠨ ᠤ | ᠪᠠᠲᠤᠯᠠᠭ᠎ᠠ ᠶᠢᠨ ᠰᠠᠭᠤᠷᠢ ᠮᠥᠩᠭᠦ ᠵᠡᠷᠭᠡ ᠲᠥᠷᠥ ᠶᠢᠨ ᠪᠣᠳᠣᠯᠭ᠎ᠠ ᠶᠢᠨ ︽ᠨᠢᠭᠡ ᠥᠷᠲᠡᠭᠡ ᠮᠠᠶ᠋ᠢᠭ︾ ᠤᠨ | ᠶᠡᠷᠦᠩᠬᠡᠶᠢᠯᠡᠭᠰᠡᠨ ᠳ᠋ᠦᠩᠨᠡᠨ ᠪᠣᠳᠣᠯᠲᠠ ᠶᠢ ᠬᠡᠷᠡᠭᠵᠢᠭᠦᠯᠵᠦ᠂ ᠶᠠᠳᠠᠭᠤ ᠬᠥᠮᠦᠨ ᠵᠥᠪᠬᠡᠨ ᠬᠤᠪᠢ ᠬᠥᠮᠦᠨ ᠤ | ᠥᠪᠡᠷ ᠶᠢᠨ ᠲᠤᠰᠢᠶᠠᠬᠤ ᠰᠦᠢᠳᠬᠡᠯ ᠢᠶᠠᠨ ᠲᠤᠰᠢᠶᠡᠨᠠ᠃ ᠰᠢᠶᠠᠨ ᠤ ᠬᠡᠪᠴᠢᠶᠡᠨ ᠠᠴᠠ ᠭᠠᠳᠠᠨ᠎ᠠ ᠡᠮᠨᠡᠯᠭᠡ ᠳᠤ | ᠰᠠᠭᠤᠵᠤ ᠡᠮᠨᠡᠭᠦᠯᠦᠭᠰᠡᠨ ᠶᠠᠳᠠᠭᠤ ᠬᠦᠴᠢᠷᠳᠡᠯᠲᠡᠶ ᠬᠥᠮᠦᠨ ᠳᠠᠭᠠᠳᠬᠠᠯ ᠳᠤ ᠣᠷᠣᠯᠴᠠᠭᠰᠠᠨ ᠭᠠᠵᠠᠷ ᠤᠨ | ᠠᠷᠠᠳ ᠲᠤ ᠲᠥᠬᠦᠮ ᠦᠵᠡᠭᠦᠯᠬᠦ ᠤᠶᠢᠯᠡᠴᠢᠯᠡᠭᠡᠨ ᠤ ᠶᠡᠭᠡ ᠲᠢᠩᠬᠢᠮ ᠤᠨ ︽ᠨᠢᠭᠡ ᠥᠷᠲᠡᠭᠡ ᠮᠠᠶ᠋ᠢᠭ︾ ᠤᠨ | ᠳ᠋ᠦᠩᠨᠡᠨ ᠪᠤᠳᠤᠬᠤ ᠴᠣᠩᠬᠤ ᠪᠠᠷ ᠳ᠋ᠦᠩᠨᠡᠨ ᠪᠤᠳᠤᠨ᠎ᠠ᠃ | ᠠᠰᠠᠭᠤᠯᠲᠠ᠄ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠬᠦᠨᠳᠦ ᠡᠪᠡᠳᠴᠢᠨ ᠢ ᠲᠥᠪᠯᠡᠷᠡᠭᠦᠯᠦᠨ ᠠᠪᠤᠷᠠᠨ | ᠵᠠᠰᠠᠬᠤ ᠶᠢ ᠨᠠᠶᠢᠳᠠᠪᠤᠷᠢᠵᠢᠭᠤᠯᠬᠤ ᠦᠶ᠎ᠡ ᠳᠤ ᠶᠠᠮᠠᠷ ᠶᠠᠮᠠᠷ ᠪᠣᠳᠠᠲᠠᠶ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠪᠠ | ᠲᠥᠷᠥ ᠶᠢᠨ ᠪᠣᠳᠣᠯᠭ᠎ᠠ ᠪᠠᠶᠢᠬᠤ ᠪᠤᠶ︖ | ᠬᠠᠷᠢᠭᠤᠯᠲᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠡᠩᠬᠡ ᠪᠠᠷ ᠶᠠᠳᠠᠭᠤ ᠶᠢ | ᠳᠡᠳᠬᠦᠬᠦ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ | ᠰᠢᠯᠢᠳᠡᠭᠵᠢᠭᠦᠯᠬᠦ ᠲᠤᠬᠠᠶ ᠮᠡᠳᠡᠭᠳᠡᠯ︾ ︵ᠳᠣᠲᠣᠭᠠᠳᠤ ᠡᠷᠡᠭᠦᠯ ᠬᠠᠮᠠᠭᠠᠯᠠᠯ ᠤᠨ ᠪᠣᠳᠣᠯᠭ᠎ᠠ ᠶᠢᠨ ᠡᠳ᠋ ᠤᠨ ᠶᠠᠪᠤᠳᠠᠯ | ᠲᠠᠷᠬᠠᠭᠠᠭᠰᠠᠨ ︹2018 ︺ 128 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ | ᠶᠣᠰᠣᠭᠠᠷ᠂ ᠮᠠᠨ ᠤ ᠰᠢᠶᠠᠨ ᠵᠦᠸᠧᠽᠢ ᠰᠢᠶᠠᠨ ᠤ ︽ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠡᠮᠴᠢᠯᠡᠭᠡᠨ ᠤ | ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠰᠠᠨᠠᠯ ᠤᠨ ᠮᠡᠳᠡᠭᠳᠡᠯ︾ | ᠢ ᠴᠠᠭ ᠲᠤᠬᠠᠶ ᠳᠤᠨᠢ ᠲᠣᠭᠲᠠᠭᠠᠨ ᠪᠠᠭᠤᠯᠭᠠᠵᠤ᠂ 2019 ᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠤᠨ ᠴᠢᠭᠯᠡᠯ ᠪᠠ ᠡᠭᠦᠷᠭᠡ ᠶᠢ ᠲᠣᠳᠣᠷᠬᠠᠶᠢᠯᠠᠪᠠ᠃ ᠬᠦᠨᠳᠦ ᠡᠪᠡᠳᠴᠢᠨ ᠢ | ᠲᠥᠪᠯᠡᠷᠡᠭᠦᠯᠦᠨ ᠠᠪᠤᠷᠠᠨ ᠵᠠᠰᠠᠬᠤ ᠲᠠᠯ᠎ᠠ ᠪᠠᠷ᠄ ︽ᠳᠥᠷᠪᠡ ᠶᠢ ᠲᠣᠭᠲᠠᠭᠠᠵᠤ ᠬᠤᠶᠠᠷ ᠢ ᠴᠢᠩᠭᠠᠳᠬᠠᠬᠤ︾ | ᠠᠪᠤᠷᠠᠨ ᠵᠠᠰᠠᠬᠤ ᠵᠠᠷᠴᠢᠮ ︵ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠶᠢ ᠲᠣᠭᠲᠠᠭᠠᠬᠤ᠂ ᠣᠨᠣᠰᠢᠯᠠᠨ ᠡᠮᠨᠡᠬᠦ | ᠲᠥᠰᠦᠯ ᠪᠠ ᠡᠮᠴᠢᠯᠡᠭᠡᠨ ᠤ ᠠᠷᠭ᠎ᠠ ᠵᠠᠮ ᠢ ᠲᠣᠭᠲᠠᠭᠠᠬᠤ᠂ ᠳᠠᠩ ᠡᠪᠡᠳᠴᠢᠨ ᠤ ᠲᠥᠷᠥᠯ ᠤᠨ ᠰᠦᠢᠳᠬᠡᠯ | ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ᠂ ᠳᠠᠩᠰᠠ ᠲᠠᠶᠢᠯᠬᠤ ᠬᠠᠷᠢᠴᠠᠯ ᠢ ᠲᠣᠭᠲᠠᠭᠠᠬᠤ ᠬᠡᠷᠡᠭᠲᠡᠶ᠃ ᠡᠮᠴᠢᠯᠡᠭᠡᠨ ᠤ | ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠤᠯᠲᠠ ᠶᠢ | ᠴᠢᠩᠭᠠᠳᠬᠠᠨ᠎ᠠ︶ 2019 ᠣᠨ ᠳᠤ ᠬᠦᠨᠳᠦ ᠡᠪᠡᠳᠴᠢᠨ ᠢ ᠡᠮᠨᠡᠨ ᠵᠠᠰᠠᠬᠤ ᠡᠪᠡᠳᠴᠢᠨ ᠤ ᠵᠦᠢᠯ ᠤᠨ ᠲᠤᠭ᠎ᠠ ᠶᠢ | 25 ᠵᠦᠢᠯ ᠪᠣᠯᠭᠠᠨ ᠦᠷᠢᠳᠬᠡᠵᠦ᠂ 2020 ᠤᠨ ᠪᠣᠯᠬᠤ ᠳᠤ 30 ᠵᠦᠢᠯ ᠤᠨ ᠡᠪᠡᠳᠴᠢᠨ ᠤ ᠵᠦᠢᠯ ᠪᠣᠯᠭᠠᠨ | ᠥᠷᠭᠡᠳᠬᠡᠨ᠂ ᠬᠦᠨᠳᠦ ᠡᠪᠡᠳᠴᠢᠨ ᠳᠤ ᠨᠡᠷᠪᠡᠭᠳᠡᠭᠰᠡᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ | ᠠᠮᠠ ᠶᠢ ᠪᠦᠬᠦᠨ ᠢ ᠠᠪᠤᠷᠠᠨ ᠵᠠᠰᠠᠬᠤ ᠪᠠ ᠵᠢᠷᠤᠮᠵᠢᠭᠤᠯᠤᠨ ᠬᠠᠮᠢᠶᠠᠷᠬᠤ ᠶᠢ ᠪᠡᠶᠡᠯᠡᠭᠦᠯᠬᠦ ᠬᠡᠷᠡᠭᠲᠡᠶ᠃ ᠶᠠᠳᠠᠭᠤ | ᠬᠦᠴᠢᠷᠳᠡᠯᠲᠡᠶ ᠬᠡᠤᠬᠡᠳ ᠤᠨ ᠬᠦᠨᠳᠦ ᠶᠡᠭᠡ ᠡᠪᠡᠳᠴᠢᠨ ᠡᠮᠭᠡᠭ ᠵᠢᠴᠢ ᠡᠮᠴᠢᠯᠡᠭᠡᠨ ᠤ ᠦᠶ᠋ᠯᠡᠴᠢᠯᠡᠭᠡᠨ ᠤ | ᠪᠠᠲᠤᠯᠠᠭ᠎ᠠ ᠶᠢᠨ ᠠᠵᠢᠯ ᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠶᠠᠳᠠᠭᠤ ᠬᠦᠴᠢᠷᠳᠡᠯᠲᠡᠶ ᠡᠪᠡᠳᠴᠢᠲᠡᠨ ᠢ | ᠵᠠᠷᠴᠢᠮ ᠳᠡᠭᠡᠷ᠎ᠡ ᠪᠠᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠣᠨᠣᠰᠢᠯᠠᠨ ᠡᠮᠨᠡᠬᠦ ᠬᠡᠷᠡᠭᠲᠡᠶ᠂ ᠡᠮᠨᠡᠨ | ᠵᠠᠰᠠᠬᠤ ᠵᠠᠷᠤᠳᠠᠯ ᠳᠤ ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠬᠤ ᠶᠢ ᠬᠡᠷᠡᠭᠵᠢᠭᠦᠯᠵᠦ᠂ ᠦᠨᠳᠦᠰᠦᠨ ᠡᠮ | ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ᠂ | ᠬᠤᠳᠠᠯᠳᠤᠭᠠᠨ ᠤ ᠡᠷᠡᠭᠦᠯ ᠮᠡᠨᠳᠦ ᠶᠢᠨ ᠨᠥᠬᠦᠪᠥᠷᠢ ᠳᠠᠭᠠᠳᠬᠠᠯ᠂ ᠬᠦᠨᠳᠦ ᠡᠪᠡᠳᠴᠢᠨ ᠤ ᠪᠠᠲᠤᠯᠠᠭ᠎ᠠ ᠶᠢᠨ ᠰᠠᠭᠤᠷᠢ | ᠮᠥᠩᠭᠦ ᠵᠡᠷᠭᠡ ᠣᠯᠠᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠬᠦᠷᠲᠡᠵᠦ᠂ ᠬᠦᠨᠳᠦ ᠡᠪᠡᠳᠴᠢᠲᠡᠨ ᠤ ᠡᠮᠨᠡᠯᠭᠡ ᠳᠤ | ᠰᠠᠭᠤᠬᠤ ᠵᠠᠷᠤᠳᠠᠯ ᠤᠨ ᠪᠣᠳᠠᠲᠠᠶ ᠳᠠᠩᠰᠠ ᠲᠠᠶᠢᠯᠬᠤ ᠬᠠᠷᠢᠴᠠᠯ ᠢ 90% ᠳᠤ ᠬᠦᠷᠦᠭᠦᠯᠦᠨ᠎ᠡ᠃ | ᠠᠰᠠᠭᠤᠯᠲᠠ᠄ 2019 ᠣᠨ ᠳᠤ ᠮᠠᠨ ᠤ ᠰᠢᠶᠠᠨ ᠤ ᠠᠷᠬᠠᠭ ᠡᠪᠡᠳᠴᠢᠨ ᠤ ᠭᠡᠷᠡᠲᠦ ᠤᠶᠢᠯᠡᠴᠢᠯᠡᠭᠡ | ᠬᠠᠮᠢᠶᠠᠷᠤᠯᠲᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠬᠦ ᠲᠠᠯ᠎ᠠ ᠪᠠᠷ ᠬᠢ ᠪᠣᠳᠠᠲᠠᠶ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠨᠢ ᠶᠠᠭᠤ ᠪᠤᠶ︖ | ᠬᠠᠷᠢᠭᠤᠯᠲᠠ᠄ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠳᠠᠭᠠᠨ ᠴᠢᠨᠠᠷᠲᠠᠶ | ᠡᠪᠡᠳᠴᠢᠨ ᠤ ᠴᠠᠳᠢᠭ ᠢ ᠦᠨᠳᠦᠰᠦᠯᠡᠪᠡᠯ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠳᠠᠭᠠᠨ ᠴᠢᠨᠠᠷᠲᠠᠶ | ᠡᠪᠡᠳᠴᠢᠨ᠂ ᠤᠨᠴᠠᠭᠠᠢ ᠤᠳᠠᠭᠠᠨ ᠴᠢᠨᠠᠷᠲᠠᠶ ᠡᠪᠡᠳᠴᠢᠨ ᠢ ᠣᠨᠣᠪᠴᠢᠲᠠᠶ ᠢᠯᠭᠠᠨ ᠲᠠᠨᠢᠬᠤ᠂ ᠣᠨᠣᠪᠴᠢᠲᠠᠶ | ᠮᠠᠭᠠᠳᠯᠠᠨ ᠲᠣᠭᠲᠠᠭᠠᠬᠤ᠂ ᠵᠢᠷᠤᠮᠵᠢᠭᠤᠯᠤᠨ ᠬᠠᠮᠢᠶᠠᠷᠴᠦ᠂ ᠶᠠᠳᠠᠭᠤ ᠬᠦᠴᠢᠷᠳᠡᠯᠲᠡᠶ ᠤᠳᠠᠭᠠᠨ ᠴᠢᠨᠠᠷᠲᠠᠶ | ᠡᠪᠡᠳᠴᠢᠲᠡᠨ ᠤ ᠡᠪᠡᠳᠴᠢᠨ ᠤ ᠪᠠᠶᠢᠳᠠᠯ ᠲᠠᠢ ᠤᠶᠠᠯᠳᠤᠭᠤᠯᠤᠨ ᠥᠪᠡᠷᠮᠢᠴᠡ ᠡᠷᠡᠭᠦᠯ ᠮᠡᠨᠳᠦ ᠶᠢᠨ | ᠤᠶᠢᠯᠡᠴᠢᠯᠡᠭᠡᠨ ᠤ ᠬᠠᠮᠢᠶᠠᠷᠤᠯᠲᠠ ᠶᠢ ᠥᠷᠨᠢᠭᠦᠯᠦᠨ᠎ᠡ᠃ ᠡᠭᠦᠳᠡᠨ ᠡᠮᠨᠡᠯᠭᠡ ᠳᠤ ᠡᠮᠨᠡᠭᠦᠯᠵᠦ ᠪᠠᠶᠢᠭ᠎ᠠ ᠤᠳᠠᠭᠠᠨ | ᠴᠢᠨᠠᠷᠲᠠᠶ ᠡᠪᠡᠳᠴᠢᠨ ᠳᠤ ᠶᠠᠳᠠᠭᠤ ᠬᠦᠴᠢᠷᠳᠡᠯᠲᠡᠶ ᠡᠪᠡᠳᠴᠢᠲᠡᠨ ᠳᠤ ︽ᠡᠮᠴᠢ ᠬᠦᠷᠭᠡᠵᠦ ᠡᠮ ᠲᠣᠬᠢᠷᠠᠭᠤᠯᠬᠤ︾ | ᠭᠡᠷ ᠪᠦᠯᠢ ᠶᠢᠨ ᠡᠮᠴᠢ ᠶᠢᠨ ᠭᠡᠷᠡᠲᠦ ᠤᠶᠢᠯᠡᠴᠢᠯᠡᠭᠡᠨ ᠤ ᠬᠠᠮᠢᠶᠠᠷᠤᠯᠲᠠ ᠶᠢ ᠬᠠᠩᠭᠠᠨ᠎ᠠ᠃ ᠤᠳᠠᠭᠠᠨ ᠴᠢᠨᠠᠷᠲᠠᠶ | ᠡᠪᠡᠳᠴᠢᠨ ᠳᠤ ᠡᠮᠴᠢᠯᠡᠭᠡ ᠬᠦᠷᠭᠡᠵᠦ ᠡᠮ ᠨᠠᠶᠢᠷᠠᠭᠤᠯᠬᠤ ᠲᠥᠷᠥ ᠶᠢᠨ ᠪᠣᠳᠣᠯᠭ᠎ᠠ ᠬᠦᠷᠲᠡᠵᠦ ᠪᠠᠶᠢᠭ᠎ᠠ ᠡᠪᠡᠳᠴᠢᠲᠡᠨ | ᠂ ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠭᠠᠭᠰᠠᠨ | ︽ᠣᠨᠣᠰᠢᠯᠠᠭᠰᠠᠨ ᠭᠡᠷᠡᠴᠢ︾ ᠪᠠ ︽ᠰᠢᠯᠭᠠᠨ ᠪᠠᠶᠢᠴᠠᠭᠠᠭᠰᠠᠨ ᠮᠡᠳᠡᠭᠦᠯᠦᠯᠲᠡ︾ ᠶᠢ ᠬᠠᠩᠭᠠᠵᠤ᠂ ᠰᠢᠶᠠᠨ ᠤ ᠡᠮ | ᠡᠮᠨᠡᠯᠭᠡ ᠶᠢᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠢᠶᠠᠷ ᠮᠠᠭᠠᠳᠯᠠᠨ ᠲᠣᠭᠲᠠᠭᠠᠯᠭᠠᠨ᠎ᠠ᠃ ᠡᠮ ᠡᠮᠨᠡᠯᠭᠡ ᠶᠢᠨ | ᠳᠠᠭᠠᠳᠬᠠᠯ ᠤᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠰᠢᠶᠠᠨ ᠤ ᠱᠠᠲᠤᠨ ᠪᠤᠶᠤ | ᠰᠢᠶᠠᠨ ᠤ ᠱᠠᠲᠤᠨ ᠠᠴᠠ ᠳᠡᠭᠡᠭᠰᠢᠬᠢ ᠡᠮᠴᠢ ᠶᠢᠨ ᠲᠣᠭᠲᠠᠭᠠᠭᠰᠠᠨ ᠡᠮ ᠬᠡᠷᠡᠭᠯᠡᠬᠦ ᠵᠣᠷ ᠪᠣᠯᠤᠨ ᠣᠨᠣᠰᠢᠯᠠᠨ ᠡᠮᠨᠡᠬᠦ | ᠲᠥᠰᠦᠯ ᠢᠶᠠᠷ ᠡᠮ ᠤᠨ ᠵᠦᠢᠯ ᠢ ᠲᠣᠬᠢᠷᠠᠭᠤᠯᠤᠨ ᠬᠦᠷᠭᠡᠬᠦ ᠬᠡᠷᠡᠭᠲᠡᠶ᠃ ᠬᠡᠪᠲᠡᠭᠡᠳ ᠬᠥᠳᠡᠯᠵᠦ ᠪᠠᠷᠢᠬᠤ ᠳᠤ | ᠳᠥᠭᠦᠮ ᠦᠭᠡᠢ ᠡᠪᠡᠳᠴᠢᠲᠡᠨ ᠳᠤ ᠲᠤᠰ ᠬᠥᠮᠦᠨ ᠨᠢ ᠭᠤᠶᠤᠴᠢᠯᠠᠯ ᠭᠠᠷᠭᠠᠵᠤ᠂ ᠭᠠᠴᠠᠭᠠᠨ ᠤ ᠠᠷᠠᠳ ᠤᠨ ᠵᠥᠪᠯᠡᠯ | ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠡᠷᠡᠭᠦᠯ ᠬᠠᠮᠠᠭᠠᠯᠠᠯ ᠤᠨ ᠬᠤᠷᠢᠶ᠎ᠠ᠂ ᠭᠡᠷ ᠪᠦᠯᠢ ᠶᠢᠨ ᠡᠮᠴᠢ | ᠪᠣᠯᠤᠨ ᠰᠢᠶᠠᠩ ᠪᠠᠯᠭᠠᠰᠤᠨ ᠤ ᠶᠠᠳᠠᠭᠤ ᠶᠢ ᠲᠡᠳᠬᠦᠬᠦ ᠠᠯᠪᠠᠨ ᠭᠡᠷ ᠠᠴᠠ ᠬᠠᠮᠲᠤ ᠪᠠᠷ ︽ᠤᠳᠠᠭᠠᠨ ᠴᠢᠨᠠᠷᠲᠠᠶ | ᠡᠪᠡᠳᠴᠢᠨ ᠳᠤ ᠨᠡᠷᠪᠡᠭᠳᠡᠭᠰᠡᠨ ᠭᠡᠷᠡᠴᠢ︾ ᠬᠢᠵᠦ ᠥᠭᠭᠦᠭᠰᠡᠨ ᠤ ᠳᠠᠷᠠᠭ᠎ᠠ᠂ ᠡᠮ ᠡᠮᠨᠡᠯᠭᠡ ᠶᠢᠨ ᠳᠠᠭᠠᠳᠬᠠᠯ ᠤᠨ | ᠲᠣᠪᠴᠢᠶ᠎ᠠ ᠠᠴᠠ ᠲᠠᠩᠰᠠ ᠲᠠᠶᠢᠯᠬᠤ ᠰᠢᠰᠲ᠋ᠧᠮ ᠳᠤ ᠣᠷᠣᠭᠤᠯᠬᠤ ᠶᠢ ᠬᠢᠨᠠᠨ ᠵᠦᠪᠰᠢᠶᠡᠷᠴᠦ᠂ ᠤᠳᠠᠭᠠᠨ ᠴᠢᠨᠠᠷᠲᠠᠶ | ᠡᠪᠡᠳᠴᠢᠨ ᠳᠤ ᠡᠮᠴᠢᠯᠡᠭᠡ ᠬᠦᠷᠭᠡᠵᠦ ᠡᠮ ᠲᠣᠬᠢᠷᠠᠭᠤᠯᠬᠤ ᠤᠶᠢᠯᠡᠴᠢᠯᠡᠭᠡ ᠬᠢᠨ᠎ᠠ︔ ᠮᠠᠭᠠᠳᠯᠠᠨ ᠲᠣᠭᠲᠠᠭᠠᠭᠰᠠᠨ | ᠦᠭᠡᠶ ᠪᠠ ᠰᠢᠨ᠎ᠡ ᠪᠠᠷ ᠨᠡᠮᠡᠭᠳᠡᠭᠰᠡᠨ ᠦᠭᠡᠢ ᠤᠳᠠᠭᠠᠨ ᠴᠢᠨᠠᠷᠲᠠᠶ ᠡᠪᠡᠳᠴᠢᠲᠡᠨ ᠰᠢᠶᠠᠨ ᠤ ᠡᠮᠨᠡᠯᠭᠡ ᠶᠢᠨ | ᠬᠤᠷᠢᠶ᠎ᠠ ᠠᠴᠠ ᠡᠮᠨᠡᠯᠭᠡ ᠶᠢᠨ ᠠᠵᠢᠯᠲᠠᠨ ᠢ ᠵᠣᠬᠢᠶᠠᠨ ᠪᠠᠶᠢᠭᠤᠯᠤᠨ ᠡᠯ᠎ᠡ ᠰᠢᠶᠠᠩ ᠪᠠᠯᠭᠠᠰᠦ ᠶᠢᠨ ᠡᠷᠡᠭᠦᠯ | ᠬᠠᠮᠠᠭᠠᠯᠠᠯ ᠤᠨ ᠬᠤᠷᠢᠶ᠎ᠠ ᠳᠤ ᠤᠯᠠᠷᠢᠯ ᠪᠦᠷᠢ ᠡᠭᠡᠯᠵᠢᠯᠡᠭᠦᠯᠦᠨ ᠨᠢᠭᠡ ᠤᠳᠠᠭ᠎ᠠ ᠪᠡᠶ᠎ᠡ ᠪᠠᠶᠢᠴᠠᠭᠠᠵᠤ ᠰᠢᠭᠰᠢᠨ | ᠪᠠᠶᠢᠴᠠᠭᠠᠬᠤ ᠶᠢ ᠥᠷᠨᠢᠭᠦᠯᠵᠦ᠂ ᠤᠳᠠᠭᠠᠨ ᠴᠢᠨᠠᠷᠲᠠᠶ ᠡᠪᠡᠳᠴᠢᠨ ᠳᠤ ᠡᠮᠨᠡᠯᠭᠡ ᠬᠦᠷᠭᠡᠵᠦ ᠡᠮ ᠨᠠᠶᠢᠷᠠᠭᠤᠯᠬᠤ | ᠲᠥᠷᠥ ᠶᠢᠨ ᠪᠣᠳᠣᠯᠭ᠎ᠠ ᠶᠢ ᠪᠦᠬᠦᠨ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | | ᠱᠠᠲᠤ ᠬᠤᠪᠢᠶᠠᠨ ᠣᠨᠣᠰᠢᠯᠠᠨ ᠡᠮᠨᠡᠬᠦ ᠵᠠᠷᠴᠢᠮ ᠶᠣᠰᠣᠭᠠᠷ᠂ ᠭᠡᠷ᠎ᠡ ᠲᠣᠭᠲᠠᠭᠰᠠᠨ ᠡᠮᠴᠢ ᠨᠢ ᠬᠤᠶᠠᠳᠤᠭᠠᠷ ᠳᠡᠰ | ᠵᠢᠴᠢ ᠲᠡᠭᠦᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠡᠮᠴᠢ ᠶᠢᠨ ᠪᠢᠴᠢᠭᠰᠡᠨ ᠵᠣᠷ ᠢᠶᠠᠷ ︽ᠡᠮᠴᠢ | ᠬᠦᠷᠭᠡᠵᠦ ᠡᠮ ᠲᠣᠬᠢᠷᠠᠭᠤᠯᠬᠤ︾ ᠤᠶᠢᠯᠡᠴᠢᠯᠡᠭᠡ ᠬᠠᠩᠭᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠲᠣᠭᠲᠠᠭᠠᠭᠰᠠᠨ ᠡᠮ ᠬᠡᠷᠡᠭᠯᠡᠬᠦ ᠭᠠᠷᠴᠠᠭ ᠤᠨ ᠬᠡᠪᠴᠢᠶ᠎ᠡ ᠪᠠ ᠣᠨᠣᠰᠢᠯᠠᠨ ᠡᠮᠨᠡᠬᠦ ᠲᠥᠷᠥᠯ ᠵᠦᠢᠯ ᠤᠨ ᠬᠦᠷᠢᠶ᠎ᠡ | ᠬᠡᠪᠴᠢᠶ᠎ᠡ ᠶᠢ ᠴᠢᠩᠭ᠎ᠠ ᠵᠢᠷᠤᠮᠯᠠᠨ ᠬᠡᠷᠡᠭᠵᠢᠭᠦᠯᠦᠨ᠎ᠡ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ | ᠡᠪᠡᠳᠴᠢᠨ ᠤ ᠲᠥᠷᠥᠯ ᠪᠠ ᠦᠨᠳᠦᠰᠦᠨ ᠡᠮ ᠤᠨ ᠵᠦᠢᠯ ᠤᠨ ᠭᠠᠷᠴᠠᠭ ᠶᠣᠰᠣᠭᠠᠷ᠂ ᠬᠥᠬᠡ ᠲᠥᠷᠥᠯ ᠤᠨ ᠡᠭᠦᠳᠡᠨ | ᠡᠮᠨᠡᠯᠭᠡ ᠶᠢᠨ ᠡᠮᠴᠢᠯᠡᠭᠡᠨ ᠤ ᠵᠠᠷᠤᠳᠠᠯ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠨᠡᠯᠭᠡ ᠶᠢᠨ | ᠳᠠᠭᠠᠳᠬᠠᠯ ᠤᠨ ᠡᠮᠨᠡᠯᠭᠡ ᠳᠤ ᠰᠠᠭᠤᠵᠤ ᠲᠠᠩᠰᠠ ᠲᠠᠶᠢᠯᠬᠤ ᠠᠷᠭ᠎ᠠ ᠪᠠᠷ ᠲᠠᠩᠰᠠ ᠲᠠᠶᠢᠯᠬᠤ ᠬᠡᠷᠡᠭᠲᠡᠶ︔ ᠬᠥᠬᠡᠭᠴᠢᠨ | ᠲᠥᠷᠥᠯ ᠤᠨ ᠡᠪᠡᠳᠴᠢᠨ ᠤ ᠡᠬᠢᠯᠡᠵᠦ ᠳᠥᠯᠥᠬᠦ ᠱᠤᠭᠤᠮ ᠢ 500 ᠲᠥᠭᠦᠷᠢᠭ ᠡᠪᠡᠳᠴᠢᠲᠡᠨ ᠥᠪᠡᠷ ᠪᠠᠨ | ᠳᠥᠯᠥᠵᠦ᠂ ᠲᠠᠩᠰᠠ ᠲᠠᠶᠢᠯᠬᠤ ᠳᠡᠭᠡᠳᠦ ᠬᠢᠵᠠᠭᠠᠷ ᠢ 4000 ᠲᠥᠭᠦᠷᠢᠭ ᠲᠤᠰᠢᠶᠠᠨ᠎ᠠ︔ ᠤᠯᠠᠭᠠᠨ ᠲᠥᠷᠥᠯ ᠤᠨ | ᠤᠳᠠᠭᠠᠨ ᠴᠢᠨᠠᠷᠲᠠᠶ ᠡᠪᠡᠳᠴᠢᠨ ᠤ ᠡᠬᠢᠯᠡᠵᠦ ᠲᠥᠯᠥᠬᠦ ᠱᠤᠭᠤᠮ ᠤᠨ 500 ᠲᠥᠭᠦᠷᠢᠭ ᠤᠨ ᠡᠪᠡᠳᠴᠢᠲᠡᠨ | ᠥᠪᠡᠷ ᠢᠶᠠᠨ ᠲᠤᠰᠢᠶᠠᠨ᠎ᠠ᠃ ᠪᠣᠳᠠᠲᠠᠶ ᠳᠠᠩᠰᠠ ᠴᠠᠶᠢᠷᠠᠭᠤᠯᠬᠤ ᠬᠠᠮᠤᠭ ᠳᠡᠭᠡᠷ᠎ᠡ ᠬᠢᠵᠠᠭᠠᠷ ᠨᠢ 1500 ᠲᠥᠭᠦᠷᠢᠭ | ᠪᠠᠶᠢᠵᠤ᠂ ᠬᠥᠬᠡᠭᠴᠢᠨ ᠲᠦᠷᠦᠯ ᠪᠠ ᠤᠯᠠᠭᠠᠨ ᠲᠥᠷᠥᠯ ᠤᠨ ᠤᠳᠠᠭᠠᠨ ᠴᠢᠨᠠᠷᠲᠠᠶ ᠡᠪᠡᠳᠴᠢᠨ ᠤ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ 80% ᠪᠠᠷ ᠳᠠᠩᠰᠠ ᠴᠠᠶᠢᠷᠠᠭᠤᠯᠤᠨ᠎ᠠ᠃ ᠡᠨᠡ ᠬᠦ ᠰᠠᠭᠤᠷᠢᠨ ᠳᠡᠭᠡᠷ᠎ᠡ᠂ ᠵᠠᠰᠠᠭ ᠤᠨ | ᠣᠷᠳᠣᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠪᠤᠷᠠᠨ ᠲᠤᠰᠠᠯᠠᠬᠤ ᠪᠠᠲᠤᠯᠠᠭ᠎ᠠ ᠶᠢᠨ ᠰᠠᠭᠤᠷᠢ | ᠮᠥᠩᠭᠦ ᠠᠴᠠ 90% ︵ᠡᠬᠢᠯᠡᠵᠦ ᠳᠥᠯᠥᠬᠦ ᠱᠤᠭᠤᠮ ᠢ ᠪᠠᠭᠲᠠᠭᠠᠬᠤ ᠦᠭᠡᠶ︶ ᠪᠣᠯᠲᠠᠯ᠎ᠠ ᠳᠠᠩᠰᠠ ᠲᠠᠶᠢᠯᠵᠤ | ᠥᠭᠭᠦᠨ᠎ᠡ᠃ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠢ ᠡᠮᠨᠡᠭᠦᠯᠬᠦ ᠳᠤ ᠰᠢᠶᠠᠨ ᠤ ᠬᠡᠪᠴᠢᠶᠡᠨ ᠳᠠᠬᠢ | ᠡᠮᠴᠢᠯᠡᠭᠡᠨ ᠤ ᠪᠠᠶᠢᠭᠤᠯᠤᠮᠵᠢ ᠳᠤ ᠬᠢᠬᠦ ᠬᠡᠷᠡᠭᠲᠡᠶ᠂ ᠰᠢᠶᠠᠨ ᠤ ᠬᠡᠪᠴᠢᠶᠡᠨ ᠠᠴᠠ ᠭᠠᠳᠠᠨᠠᠬᠢ ᠤᠳᠠᠭᠠᠨ ᠴᠢᠨᠠᠷᠲᠠᠶ | ᠡᠪᠡᠳᠴᠢᠨ ᠤ ᠡᠭᠦᠳᠡᠨ ᠡᠮᠨᠡᠯᠭᠡ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠡᠮᠴᠢᠯᠡᠭᠡᠨ ᠤ ᠵᠠᠷᠤᠳᠠᠯ ᠳᠤ | ᠦᠨᠳᠦᠰᠦᠨ ᠡᠮᠨᠡᠯᠭᠡ ᠶᠢᠨ ᠳᠠᠭᠠᠳᠬᠠᠯ ᠢ 70% ᠪᠠᠷ ᠳᠠᠩᠰᠠ ᠲᠠᠶᠢᠯᠤᠨ᠎ᠠ᠃ ᠵᠠᠰᠠᠭ ᠤᠨ ᠣᠷᠳᠣᠨ ᠤ ᠠᠪᠤᠷᠠᠨ | ᠲᠤᠰᠠᠯᠠᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠳᠠᠬᠢᠵᠤ ᠬᠦᠷᠲᠡᠬᠦ ᠦᠭᠡᠢ᠃ ᠡᠭᠦᠳᠡᠨ ᠡᠮᠨᠡᠯᠭᠡ ᠶᠢᠨ | ᠤᠳᠠᠭᠠᠨ ᠴᠢᠨᠠᠷᠲᠠᠶ ᠡᠪᠡᠳᠴᠢᠨ ᠤ ᠡᠮ ᠲᠦᠭᠡᠭᠡᠬᠦ ᠶᠢ ᠬᠦᠷᠲᠡᠵᠦ ᠪᠠᠶᠢᠭ᠎ᠠ ᠡᠪᠡᠳᠴᠢᠲᠡᠨ ᠡᠩ ᠤᠨ ᠡᠭᠦᠳᠡᠨ | ᠡᠮᠨᠡᠯᠭᠡ ᠠᠴᠠ ᠵᠣᠬᠢᠴᠠᠩᠭᠤᠶ ᠤᠳᠠᠭᠠᠨ ᠴᠢᠨᠠᠷᠲᠠᠶ ᠡᠪᠡᠳᠴᠢᠨ ᠤ ᠡᠮ ᠠᠪᠴᠤ ᠪᠣᠯᠬᠤ ᠦᠭᠡᠶ᠃ | ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠠᠯᠪᠠᠨ ᠭᠡᠷ ᠤᠨ ᠡᠩ ᠤᠨ ᠡᠭᠦᠳᠡᠨ ᠡᠮᠨᠡᠯᠭᠡ ᠶᠢ | ᠨᠢᠭᠡᠳᠦᠯᠲᠡᠶ ᠳᠤ ᠲᠥᠯᠥᠪᠯᠡᠬᠦ ᠳᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠪᠠᠶᠢᠩᠭᠤ ᠲᠣᠬᠢᠶᠠᠯᠳᠤᠳᠠᠭ | ᠡᠪᠡᠳᠴᠢᠨ᠂ ᠣᠯᠠᠨ ᠡᠭᠦᠰᠳᠡᠭ ᠡᠪᠡᠳᠴᠢᠨ ᠢ ᠡᠭᠦᠳᠡᠨ ᠡᠮᠨᠡᠯᠭᠡ ᠳᠤ ᠡᠮᠨᠡᠨ ᠵᠠᠰᠠᠬᠤ ᠶᠢ ᠬᠥᠲᠥᠯᠥᠨ ᠵᠢᠯᠣᠭᠤᠳᠴᠤ᠂ | 2019 ᠤᠨ ᠨᠢᠭᠡᠳᠦᠭᠡᠷ ᠰᠠᠷ᠎ᠠ ᠠᠴᠠ ᠡᠬᠢᠯᠡᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠳᠡᠭᠡ | ᠲᠣᠰᠬᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠭᠡᠷ︶ ᠶᠢᠨ ᠡᠭᠦᠳᠡᠨ ᠡᠮᠨᠡᠯᠭᠡ ᠳᠤ ᠡᠮᠨᠡᠭᠦᠯᠦᠭᠰᠡᠨ ᠤ ᠳᠠᠩᠰᠠ | ᠲᠠᠶᠢᠯᠬᠤ ᠬᠠᠷᠢᠴᠠᠯ ᠢ 80% ᠳᠤ ᠬᠦᠷᠭᠡᠵᠦ᠂ ᠤᠷᠢᠳᠠᠪᠠᠷ ᠣᠨᠣᠰᠢᠯᠠᠨ ᠡᠮᠨᠡᠬᠦ᠂ ᠳᠠᠷᠠᠭ᠎ᠠ ᠨᠢ ᠰᠤᠶᠢᠳᠬᠡᠯ | ᠲᠤᠰᠢᠶᠠᠬᠤ ᠪᠠ ᠣᠷᠣᠯᠠᠨ ᠭᠦᠢᠴᠡᠳᠬᠡᠵᠦ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠬᠦᠷᠲᠡᠨ᠎ᠡ᠃ | ᠠᠰᠠᠭᠤᠯᠲᠠ᠄ ᠶᠠᠳᠠᠭᠤ ᠬᠦᠴᠢᠷᠳᠡᠯᠲᠡᠶ ᠬᠥᠮᠦᠨ ᠠᠮᠠ ᠳᠤ ᠣᠨᠴᠠ ᠬᠦᠨᠳᠦ ᠡᠪᠡᠳᠴᠢᠨ ᠪᠠ ᠣᠨᠴᠠ ᠬᠦᠨᠳᠦ | ᠪᠤᠰᠤ ᠡᠪᠡᠳᠴᠢᠲᠡᠨ ᠳᠤ ᠡᠮᠨᠡᠯᠭᠡ ᠳᠤ ᠰᠠᠭᠤᠬᠤ ᠦᠶ᠎ᠡ ᠳᠤ ᠶᠠᠮᠠᠷ ᠶᠠᠮᠠᠷ ᠡᠮᠴᠢᠯᠡᠭᠡᠨ ᠤ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠶᠢᠬᠤ ᠪᠤᠶ︖ | ᠬᠠᠷᠢᠭᠤᠯᠲᠠ᠄ ᠨᠢᠭᠡ ᠳᠤ ᠣᠨᠴᠠ ᠬᠦᠨᠳᠦ ᠡᠪᠡᠳᠴᠢᠨ ᠡᠮᠭᠡᠭ ᠲᠠᠢ ᠶᠠᠳᠠᠭᠤ ᠬᠦᠴᠢᠷᠳᠡᠯᠲᠡᠶ ᠡᠪᠡᠳᠴᠢᠲᠡᠨ ᠤ | ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ᠦᠨᠳᠦᠰᠦᠨ ᠵᠦᠢᠯ ᠢ ᠪᠠᠲᠤᠯᠠᠬᠤ ᠬᠡᠷᠡᠭᠲᠡᠶ᠃ ᠣᠨᠴᠠ ᠬᠦᠨᠳᠦ | ᠡᠪᠡᠳᠴᠢᠨ ᠳᠤ ᠨᠡᠷᠪᠡᠭᠳᠡᠵᠦ ᠶᠠᠳᠠᠭᠤ ᠬᠦᠴᠢᠷᠳᠡᠯᠲᠡᠶ ᠡᠪᠡᠳᠴᠢᠲᠡᠨ ᠡᠮᠨᠡᠯᠭᠡ ᠳᠤ ᠰᠠᠭᠤᠵᠤ ᠡᠮᠨᠡᠭᠦᠯᠦᠭᠰᠡᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠡᠯᠪᠠᠶᠢᠯᠲᠡ ᠶᠢᠨ ᠲᠥᠷᠥ ᠶᠢᠨ ᠪᠣᠳᠣᠯᠭ᠎ᠠ ᠪᠠᠷ ᠳᠠᠩᠰᠠ | ᠲᠠᠶᠢᠯᠤᠭᠰᠠᠨ ᠤ ᠳᠠᠷᠠᠭ᠎ᠠ᠂ ᠬᠦᠨᠳᠦ ᠡᠪᠡᠳᠴᠢᠨ ᠤ ᠳᠠᠭᠠᠳᠬᠠᠯ ᠤᠨ ᠳᠠᠩᠰᠠ ᠲᠠᠶᠢᠯᠬᠤ ᠡᠬᠢᠯᠡᠵᠦ ᠥᠭᠬᠦ | ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠬᠦᠨᠳᠦ ᠡᠪᠡᠳᠴᠢᠨ ᠤ ᠳᠠᠭᠠᠳᠬᠠᠯ ᠤᠨ ᠬᠡᠯᠪᠠᠶᠢᠯᠲᠡ ᠶᠢᠨ ᠲᠥᠷᠥ ᠶᠢᠨ | ᠪᠣᠳᠣᠯᠭ᠎ᠠ ︵ᠡᠮᠴᠢᠯᠡᠭᠡᠨ ᠤ ᠵᠠᠷᠤᠳᠠᠯ ᠨᠢ ᠨᠢᠭᠡ ᠤᠳᠠᠭ᠎ᠠ ᠪᠤᠶᠤ ᠨᠡᠶᠢᠲᠡ 15000 ᠲᠥᠭᠦᠷᠢᠭ ᠠᠴᠠ ᠳᠡᠭᠡᠭᠰᠢ︶ | ᠶᠢ ᠡᠬᠢᠯᠡᠭᠦᠯᠵᠦ᠂ ᠡᠭᠦᠨ ᠤ ᠬᠠᠮᠲᠤ ᠬᠤᠳᠠᠯᠳᠤᠭᠠᠨ ᠤ ᠡᠷᠡᠭᠦᠯ ᠮᠡᠨᠳᠦ ᠶᠢᠨ ᠨᠥᠬᠦᠪᠥᠷᠢ ᠳᠠᠭᠠᠳᠬᠠᠯ᠂ ᠡᠮ | ᠡᠮᠨᠡᠯᠭᠡ ᠶᠢᠨ ᠠᠪᠤᠷᠠᠨ ᠳᠠᠰᠤᠯᠠᠯᠲᠠ ᠵᠢᠴᠢ ᠬᠦᠨᠳᠦ ᠡᠪᠡᠳᠴᠢᠨ ᠤ ᠦᠨᠳᠦᠰᠦᠨ ᠵᠦᠢᠯ ᠢ ᠪᠠᠲᠤᠯᠠᠬᠤ ᠰᠠᠭᠤᠷᠢ | ᠮᠥᠩᠭᠦ ᠶᠢ ᠡᠬᠢᠯᠡᠨ ᠪᠠᠲᠤᠯᠠᠵᠤ᠂ ᠶᠠᠳᠠᠭᠤ ᠬᠦᠴᠢᠷᠳᠡᠯᠲᠡᠶ ᠬᠥᠮᠦᠨ ᠥᠪᠡᠷ ᠢᠶᠠᠷ ᠲᠥᠯᠥᠬᠦ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠡᠬᠢᠯᠡᠵᠦ ᠥᠭᠬᠦ ᠱᠤᠭᠤᠮ ᠤᠨ ᠰᠠᠭᠤᠷᠢᠨ ᠳᠡᠭᠡᠷ᠎ᠡ᠂ ᠪᠣᠳᠠᠲᠠᠶ ᠳᠠᠩᠰᠠ ᠲᠠᠶᠢᠯᠬᠤ | ᠬᠠᠷᠢᠴᠠᠯ ᠢ 90% ᠣᠷᠴᠢᠮ ᠳᠤ ᠬᠦᠷᠦᠭᠦᠯᠦᠨ᠎ᠡ᠃ ᠬᠤᠶᠠᠷ ᠲᠤ ᠣᠨᠴᠠ ᠬᠦᠨᠳᠦ ᠪᠤᠰᠤ ᠣᠨᠴᠠ ᠶᠡᠭᠡ ᠡᠪᠡᠳᠴᠢᠨ | ᠡᠮᠭᠡᠭ ᠲᠠᠢ ᠶᠠᠳᠠᠭᠤ ᠬᠦᠴᠢᠷᠳᠡᠯᠲᠡᠶ ᠡᠪᠡᠳᠴᠢᠲᠡᠨ ᠤ ᠡᠮ ᠡᠮᠨᠡᠯᠭᠡ ᠳᠤ ᠰᠠᠭᠤᠬᠤ ᠡᠮᠴᠢᠯᠡᠭᠡᠨ ᠤ ᠵᠠᠷᠤᠳᠠᠯ ᠢ ᠵᠦᠶ | ᠵᠣᠬᠢᠰᠲᠠᠶ ᠪᠠᠲᠤᠯᠠᠨ᠎ᠠ᠃ ᠬᠦᠨᠳᠦ ᠡᠪᠡᠳᠴᠢᠨ ᠪᠤᠰᠤ᠂ ᠬᠦᠨᠳᠦ ᠡᠪᠡᠳᠴᠢᠨ ᠲᠠᠢ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠡᠮᠨᠡᠯᠭᠡ ᠳᠤ ᠰᠠᠭᠤᠵᠤ ᠪᠠᠶᠢᠭ᠎ᠠ ᠪᠤᠰᠤᠳ ᠡᠪᠡᠳᠴᠢᠲᠡᠨ᠂ ᠠᠳᠠᠯᠢ ᠪᠤᠰᠤ ᠳᠡᠰ ᠳᠠᠪᠬᠤᠷᠭ᠎ᠠ ᠶᠢᠨ | ᠡᠮᠴᠢᠯᠡᠭᠡᠨ ᠤ ᠪᠠᠶᠢᠭᠤᠯᠤᠮᠵᠢ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠬᠢᠯᠡᠵᠦ ᠥᠭᠬᠦ ᠪᠠᠷᠢᠮᠵᠢᠶ᠎ᠠ ᠶᠢ | ᠪᠠᠭᠤᠷᠠᠭᠤᠯᠬᠤ᠂ ᠲᠠᠩᠰᠠ ᠲᠠᠶᠢᠯᠬᠤ ᠬᠠᠷᠢᠴᠠᠯ ᠢ ᠳᠡᠭᠡᠭᠰᠢᠯᠡᠭᠦᠯᠬᠦ ᠬᠡᠯᠪᠡᠶᠢᠯᠭᠡᠬᠦ ᠲᠥᠷᠥ ᠶᠢᠨ ᠪᠣᠳᠣᠯᠭ᠎ᠠ ᠶᠢ | ᠭᠥᠷᠳᠡᠵᠦ᠂ ᠬᠤᠪᠢ ᠬᠥᠮᠦᠨ ᠤ ᠤᠳᠠᠭ᠎ᠠ ᠪᠦᠷᠢ ᠶᠢᠨ ᠥᠪᠡᠰᠦᠪᠡᠨ ᠳᠥᠯᠥᠬᠦ ᠲᠣᠭᠲᠠᠭᠠᠯ ᠳᠤ ᠨᠡᠶᠢᠴᠡᠭᠰᠡᠨ | ᠡᠮᠨᠡᠯᠭᠡ ᠳᠤ ᠰᠠᠭᠤᠬᠤ ᠵᠠᠷᠤᠳᠠᠯ ᠢ ᠵᠣᠬᠢᠬᠤ ᠬᠡᠪᠴᠢᠶᠡᠨ ᠳᠤ ᠬᠢᠵᠠᠭᠠᠷᠯᠠᠨ᠎ᠠ᠃ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ᠂ ᠬᠤᠲᠠ ᠶᠢᠨ ᠱᠠᠲᠤᠨ ᠤ ᠡᠮᠨᠡᠯᠭᠡ ᠶᠢᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠳᠡᠰ ᠵᠢᠴᠢ ᠣᠷᠣᠨ ᠤ ᠭᠠᠳᠠᠨᠠᠬᠢ ᠡᠮᠨᠡᠯᠭᠡ ᠶᠢᠨ ᠬᠤᠷᠢᠶ᠎ᠠ ᠳᠤ | ᠡᠮᠨᠡᠯᠭᠡ ᠳᠤ ᠰᠠᠭᠤᠵᠤ ᠡᠮᠨᠡᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠤᠭᠰᠠᠨ ᠤ | ᠳᠠᠷᠠᠭ᠎ᠠ᠂ ᠶᠠᠳᠠᠭᠤ ᠬᠦᠴᠢᠷᠳᠡᠯᠲᠡᠶ ᠬᠦᠮᠦᠰ ᠤᠨ ᠥᠪᠡᠷ ᠢᠶᠠᠷ ᠲᠥᠯᠥᠬᠦ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠡᠬᠢᠯᠡᠵᠦ ᠥᠭᠬᠦ ᠱᠤᠭᠤᠮ ᠤᠨ ᠰᠠᠭᠤᠷᠢᠨ ᠳᠡᠭᠡᠷ᠎ᠡ᠂ ᠬᠤᠪᠢ ᠬᠥᠮᠦᠨ ᠤ ᠵᠢᠯ ᠤᠨ ᠲᠣᠭᠲᠠᠭᠠᠯ ᠳᠤ | ᠨᠡᠶᠢᠴᠡᠭᠦᠯᠦᠨ ᠡᠮᠨᠡᠯᠭᠡ ᠳᠤ ᠰᠠᠭᠤᠭᠰᠠᠨ ᠵᠠᠷᠤᠳᠠᠯ ᠢ ᠥᠪᠡᠷᠲᠡᠭᠡᠨ ᠦᠭᠭᠦᠭᠰᠡᠨ ᠨᠢ 1000 ᠲᠥᠭᠦᠷᠢᠭ᠂ | 2000 ᠲᠥᠭᠦᠷᠢᠭ᠂ 3000 ᠲᠥᠭᠦᠷᠢᠭ᠂ 4000 ᠲᠥᠭᠦᠷᠢᠭ᠂ 5000 ᠲᠥᠭᠦᠷᠢᠭ᠂ ᠬᠡᠲᠦᠷᠡᠭᠰᠡᠨ | ᠬᠡᠰᠡᠭ ᠤᠨ ᠡᠮᠴᠢᠯᠡᠭᠡᠨ ᠤ ᠵᠠᠷᠤᠳᠠᠯ ᠤᠨ ᠦᠨᠳᠦᠰᠦᠨ ᠵᠦᠢᠯ ᠢ 90% ᠪᠠᠷ ᠪᠠᠲᠤᠯᠠᠨ᠎ᠠ᠃ ᠡᠭᠦᠨ ᠳᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠣᠯᠤᠨ ᠬᠦᠨᠳᠦ | ᠡᠪᠡᠳᠴᠢᠲᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠳᠠᠩᠰᠠ ᠲᠠᠶᠢᠯᠬᠤ | ᠬᠠᠷᠢᠴᠠᠯ ᠢ 75% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠬᠤᠪᠢ ᠬᠥᠮᠦᠨ ᠤ ᠥᠪᠡᠰᠦᠪᠡᠨ ᠥᠭᠬᠦ ᠵᠠᠷᠤᠳᠠᠯ ᠢ ᠳᠠᠭᠠᠭᠠᠵᠤ ᠳᠠᠢᠯᠠᠬᠤ ᠬᠡᠪᠴᠢᠶᠡᠨ ᠳᠤ ᠬᠢᠵᠠᠭᠠᠷᠯᠠᠬᠤ ᠶᠢ | ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠳᠣᠲᠣᠷ᠎ᠠ ᠠᠳᠠᠯᠢ ᠪᠤᠰᠤ ᠲᠠᠰ ᠤᠨ ᠡᠮᠴᠢᠯᠡᠭᠡᠨ ᠤ ᠪᠠᠶᠢᠭᠤᠯᠤᠮᠵᠢ ᠶᠢᠨ | ᠡᠮᠨᠡᠨ ᠵᠠᠰᠠᠬᠤ ᠳᠤ᠂ ᠬᠤᠪᠢ ᠬᠥᠮᠦᠨ ᠤ ᠥᠪᠡᠷ ᠢᠶᠠᠨ ᠥᠭᠬᠦ ᠶᠢᠨ ᠬᠠᠮᠤᠭ ᠤᠨ ᠳᠡᠭᠡᠳᠦ ᠲᠠᠰ ᠤᠨ ᠡᠮᠴᠢᠯᠡᠭᠡᠨ ᠤ | ᠪᠠᠶᠢᠭᠤᠯᠤᠮᠵᠢ ᠶᠢᠨ ᠶᠣᠰᠣᠭᠠᠷ ᠲᠣᠭᠲᠠᠭᠠᠨ᠎ᠠ᠃ ᠡᠪᠡᠳᠴᠢᠲᠡᠨ ᠵᠢᠴᠢ ᠲᠡᠭᠦᠨ ᠤ ᠭᠡᠷ ᠪᠦᠯᠢ ᠶᠢᠨ ᠬᠢᠨ ᠤ ᠬᠤᠪᠢ | ᠬᠥᠮᠦᠨ ᠤ ᠦᠢᠯᠡ ᠠᠵᠢᠯᠯᠠᠭ᠎ᠠ ᠠᠴᠠ ᠪᠣᠯᠵᠤ ᠬᠡᠳᠦ ᠡᠮᠨᠡᠯᠭᠡ ᠬᠢᠭᠰᠡᠨ ᠠᠴᠠ ᠪᠣᠯᠤᠭᠰᠠᠨ ᠡᠮ ᠡᠮᠨᠡᠯᠭᠡ ᠶᠢᠨ | ᠵᠠᠷᠤᠳᠠᠯ ᠢ ᠡᠪᠡᠳᠴᠢᠲᠡᠨ ᠥᠪᠡᠷᠲᠡᠭᠡᠨ ᠲᠤᠰᠢᠶᠠᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠵᠦᠶ ᠵᠣᠬᠢᠰ ᠦᠭᠡᠶ | ᠪᠠᠶᠢᠴᠠᠭᠠᠯᠲᠠ᠂ ᠵᠠᠰᠠᠯᠲᠠ᠂ ᠡᠮ ᠬᠡᠷᠡᠭᠯᠡᠬᠦ ᠵᠡᠷᠭᠡ ᠠᠴᠠ ᠪᠣᠯᠵᠤ ᠬᠡᠲᠦ ᠡᠮᠴᠢᠯᠡᠭᠡ ᠬᠢᠭᠰᠡᠨ ᠠᠴᠠ ᠪᠣᠯᠵᠤ | ᠡᠭᠦᠰᠦᠭᠰᠡᠨ ᠡᠮ ᠡᠮᠨᠡᠯᠭᠡ ᠶᠢᠨ ᠵᠠᠷᠤᠳᠠᠯ ᠡᠮᠴᠢᠯᠡᠭᠡᠨ ᠤ ᠪᠠᠶᠢᠭᠤᠯᠤᠮᠵᠢ ᠠᠴᠠ ᠡᠭᠦᠷᠭᠡᠯᠡᠬᠦ᠂ ᠪᠠᠲᠤᠯᠠᠭ᠎ᠠ ᠶᠢᠨ | ᠬᠡᠪᠴᠢᠶᠡᠨ ᠳᠤ ᠣᠷᠣᠭᠤᠯᠬᠤ ᠦᠭᠡᠶ᠃ | ᠠᠰᠠᠭᠤᠯᠲᠠ᠄ ᠮᠠᠨ ᠤ ᠰᠢᠶᠠᠨ ᠤ ᠬᠡᠰᠡᠭ ᠰᠠᠭᠤᠭᠠᠯᠢ ᠠᠷᠠᠳ ᠤᠨ ᠭᠠᠳᠠᠷ ᠣᠷᠣᠨ ᠳᠤ ᠣᠴᠢᠵᠤ ᠡᠮᠨᠡᠭᠦᠯᠦᠭᠡᠳ | ᠱᠠᠲᠤ ᠬᠤᠪᠢᠶᠠᠨ ᠣᠨᠣᠰᠢᠯᠠᠨ ᠡᠮᠨᠡᠬᠦ ᠪᠠ ᠰᠢᠯᠵᠢᠭᠦᠯᠦᠨ ᠡᠮᠨᠡᠭᠦᠯᠬᠦ ᠳᠠᠩᠰᠠᠯᠠᠯ ᠤᠨ ᠳᠦᠷᠢᠮ ᠢ ᠭᠦᠢᠴᠡᠳᠬᠡᠭᠰᠡᠨ | ᠦᠭᠡᠶ ᠪᠠᠶᠢᠳᠠᠯ ᠳᠤ ᠴᠢᠭᠯᠡᠭᠦᠯᠦᠨ᠂ ᠪᠣᠳᠠᠲᠠᠶ ᠲᠥᠷᠥ ᠶᠢᠨ ᠪᠣᠳᠣᠯᠭ᠎ᠠ ᠶᠢ ᠣᠯᠠᠨ ᠳᠤ ᠳᠠᠬᠢᠨ ᠨᠠᠷᠢᠨ ᠲᠠᠶᠢᠯᠪᠤᠷᠢᠯᠠᠵᠤ | ᠥᠭᠭᠦᠭᠡᠷᠡᠶ᠃ | ᠬᠠᠷᠢᠭᠤᠯᠲᠠ᠄ ᠶᠠᠳᠠᠭᠤ ᠬᠦᠴᠢᠷᠳᠡᠯᠲᠡᠶ ᠡᠪᠡᠳᠴᠢᠲᠡᠨ ᠢ ᠠᠪᠤᠷᠠᠨ ᠵᠠᠰᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢᠨ ᠲᠥᠯᠥᠭᠡ᠂ ᠶᠠᠳᠠᠭᠤ ᠬᠦᠴᠢᠷᠳᠡᠯᠲᠡᠶ ᠡᠪᠡᠳᠴᠢᠲᠡᠨ ᠢ ᠡᠮᠨᠡᠭᠦᠯᠵᠦ ᠣᠨᠣᠰᠢᠯᠠᠨ ᠡᠮᠨᠡᠬᠦ | ᠠᠵᠢᠯᠯᠠᠭ᠎ᠠ ᠶᠢ ᠵᠢᠷᠤᠮᠵᠢᠭᠤᠯᠵᠤ᠂ ᠡᠮᠴᠢᠯᠡᠭᠡᠨ ᠤ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠵᠤ᠂ ᠰᠢᠶᠠᠨ ᠤ | ᠬᠡᠪᠴᠢᠶᠡᠨ ᠳᠠᠬᠢ ᠡᠪᠡᠳᠴᠢᠨ ᠦᠵᠡᠭᠦᠯᠬᠦ ᠨᠣᠷᠮ᠎ᠠ ᠶᠢᠨ ᠳᠡᠭᠡᠭᠰᠢᠯᠡᠭᠦᠯᠵᠦ᠂ ᠡᠷᠡᠭᠦᠯ ᠮᠡᠨᠳᠦ ᠪᠠᠷ ᠶᠠᠳᠠᠭᠤ ᠶᠢ | ᠲᠡᠳᠬᠦᠬᠦ ᠪᠠᠲᠤᠯᠠᠭ᠎ᠠ ᠶᠢᠨ ᠪᠡᠯᠡ ᠮᠥᠩᠭᠦ ᠶᠢ ᠵᠦᠶ ᠵᠣᠬᠢᠰᠲᠠᠶ ᠠᠰᠢᠭᠯᠠᠬᠤ ᠶᠢ ᠦᠨᠡᠨᠬᠦ ᠪᠠᠲᠤᠯᠠᠵᠤ᠂ 2019 ᠤᠨ᠂ | ᠮᠠᠨ ᠤ ᠰᠢᠶᠠᠨ ︽ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠤᠯᠠᠮ ᠨᠢᠭᠡ | ᠠᠯᠬᠤᠮ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ ᠪᠢᠴᠢᠭ ᠮᠠᠲ᠋ᠧᠷᠢᠶᠠᠯ ᠳᠤ ᠱᠠᠲᠤ | ᠬᠤᠪᠢᠶᠠᠨ ᠣᠨᠣᠰᠢᠯᠠᠨ ᠡᠮᠨᠡᠬᠦ ᠳᠦᠷᠢᠮ ᠪᠠ ᠡᠮᠨᠡᠯᠭᠡ ᠰᠢᠯᠵᠢᠭᠦᠯᠦᠨ ᠡᠮᠨᠡᠭᠦᠯᠬᠦ ᠶᠢ ᠳᠠᠩᠰᠠᠯᠠᠭᠤᠯᠬᠤ ᠳᠦᠷᠢᠮ ᠢ | ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠄ ᠰᠢᠶᠠᠨ ᠤ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠳᠤ ᠰᠢᠯᠵᠢᠭᠦᠯᠦᠨ ᠡᠮᠨᠡᠭᠦᠯᠬᠦ ᠴᠢᠬᠤᠯᠠᠲᠠᠶ ᠪᠠᠶᠢᠪᠠᠯ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ | ᠬᠤᠷᠢᠶ᠎ᠠ ︵ᠭᠡᠷ ᠪᠦᠯᠢ ᠶᠢᠨ ᠭᠡᠷᠡᠲᠦ ᠤᠶᠢᠯᠡᠴᠢᠯᠡᠭᠡᠨ ᠤ ᠡᠮᠴᠢ︶ ᠠᠴᠠ ᠰᠢᠯᠵᠢᠭᠦᠯᠦᠨ ᠡᠮᠨᠡᠭᠦᠯᠬᠦ ᠬᠠᠭᠤᠳᠠᠰᠤ | ᠬᠢᠵᠦ ᠥᠭᠬᠦ ᠬᠡᠷᠡᠭᠲᠡᠶ᠃ ᠠᠶᠢᠮᠠᠭ ᠬᠤᠲᠠ ᠵᠢᠴᠢ ᠲᠡᠭᠦᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠳᠤ | ᠰᠢᠯᠵᠢᠭᠦᠯᠦᠨ ᠡᠮᠨᠡᠭᠦᠯᠬᠦ ᠴᠢᠬᠤᠯᠠᠲᠠᠶ ᠪᠠᠶᠢᠪᠠᠯ᠂ ᠰᠢᠶᠠᠨ ᠤ ᠡᠮᠨᠡᠯᠭᠡ ᠶᠢᠨ ᠬᠤᠷᠢᠶ᠎ᠠ ︵ᠭᠡᠷ ᠪᠦᠯᠢ ᠶᠢᠨ ᠭᠡᠷ᠎ᠡ | ᠲᠣᠭᠲᠠᠭᠰᠠᠨ ᠦᠢᠯᠡᠴᠢᠯᠡᠭᠡᠨ ᠤ ᠡᠮᠴᠢ︶ ᠪᠠᠷ ᠡᠮᠨᠡᠯᠭᠡ ᠰᠢᠯᠵᠢᠬᠦ ᠰᠠᠨᠠᠯ ᠭᠠᠷᠭᠠᠭᠤᠯᠬᠤ ᠶᠢᠨ ᠬᠠᠮᠲᠤ ᠠᠳᠠᠯᠢ | ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠲᠤ ᠳᠠᠩᠰᠠᠯᠠᠭᠤᠯᠵᠤ᠂ ᠰᠢᠯᠵᠢᠭᠦᠯᠦᠨ ᠡᠮᠨᠡᠭᠦᠯᠬᠦ | ᠭᠠᠷ ᠭᠦᠢᠴᠡᠳᠬᠡᠯ ᠢ ᠭᠦᠢᠴᠡᠳᠬᠡᠭᠰᠡᠨ ᠦᠭᠡᠶ ᠪᠠᠷ ᠥᠪᠡᠷᠲᠡᠭᠡᠨ ᠠᠶᠢᠮᠠᠭ ᠬᠤᠲᠠ ᠶᠢᠨ ᠱᠠᠲᠤᠨ ᠠᠴᠠ ᠳᠡᠭᠡᠭᠰᠢᠬᠢ | ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠦᠭᠰᠡᠨ ᠪᠠᠶᠢᠪᠠᠯ᠂ ᠲᠠᠩᠰᠠ ᠲᠠᠶᠢᠯᠬᠤ ᠬᠠᠷᠢᠴᠠᠯ ᠢ 5% ᠪᠠᠷ | ᠪᠠᠭᠤᠷᠠᠭᠤᠯᠵᠤ᠂ ᠵᠠᠰᠠᠭ ᠤᠨ ᠣᠷᠳᠣᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠡᠮᠴᠢᠯᠡᠭᠡᠨ ᠤ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢ ᠳᠠᠭᠢᠵᠤ ᠬᠦᠷᠲᠡᠭᠡᠬᠦ ᠦᠭᠡᠶ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |