ᠵᠦᠸᠧᠽᠢ ᠰᠢᠶᠠᠨ ᠤ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶᠠᠨ ᠤ  ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2020/12/17
     ᠬᠥᠲᠥᠯᠥᠭᠴᠢ᠄ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯ ᠪᠥᠬᠦ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠬᠥᠭᠵᠢᠭᠦᠯᠬᠦ ᠬᠢᠨᠠᠨ ᠬᠠᠮᠢᠶᠠᠷᠬᠤ ᠪᠠᠶᠢᠭᠤᠯᠤᠮᠵᠢ ᠪᠣᠯᠤᠨ᠎ᠠ ᠂ ᠨᠣᠭᠤᠭᠠᠷᠠᠭᠤᠯᠵᠤ ᠣᠶᠢᠵᠢᠭᠤᠯᠬᠤ᠂ ᠡᠪᠡᠰᠦ ᠲᠠᠷᠢᠬᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ  ᠬᠠᠮᠠᠭᠠᠯᠠᠨ ᠬᠠᠮᠢᠶᠠᠷᠬᠤ᠂ ᠣᠶ ᠰᠢᠭᠤᠶ ᠨᠤᠲᠤᠭ ᠪᠡᠯᠴᠢᠭᠡᠷ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠡᠷᠭᠡ ᠠᠵᠢᠯ ᠪᠠᠶᠢᠨ᠎ᠠ᠃ ᠨᠢᠳᠤᠨᠤᠨ ᠨᠢᠭᠡ ᠵᠢᠯ ᠤᠨ ᠴᠢᠷᠮᠠᠶᠢᠯᠭ᠎ᠠ ᠪᠠᠷ ᠳᠠᠮᠵᠢᠨ᠂ ᠣᠶ ᠰᠢᠭᠤᠶ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠮᠠᠨ ᠤ ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠤᠶᠢᠯᠡᠰ ᠤᠨ ᠬᠥᠭᠵᠢᠯᠲᠡ ᠶᠢ ᠵᠢᠯᠣᠭᠤᠳᠴᠤ ᠪᠠᠶᠢᠭᠠᠳ ᠪᠠᠰᠠ ᠶᠠᠮᠠᠷ ᠶᠠᠮᠠᠷ ᠭᠢᠯᠠᠰ ᠴᠡᠭ ᠪᠠ ᠳᠡᠭᠡᠭᠰᠢᠯᠡᠯᠲᠡ ᠲᠠᠢ ᠪᠣᠶ︖    ᠰᠦᠩ ᠸᠤᠨ ᠬᠤᠢ᠄ ᠵᠠ᠃ ᠲᠡᠭᠡᠪᠡᠯ ᠪᠢ ᠣᠯᠠᠨ ᠳᠤ ᠨᠢᠳᠤᠨᠤᠨ ᠤ ᠠᠵᠢᠯ ᠤᠨ ᠪᠠᠶᠢᠳᠠᠯ ᠢ ᠳᠥᠭᠦᠮᠬᠡᠨ ᠲᠠᠨᠢᠯᠴᠠᠭᠤᠯᠵᠤ ᠥᠭᠭᠦᠶ᠎ᠡ᠄ ᠨᠢᠭᠡ   ᠳᠤ᠂ ᠪᠦᠬᠦ ᠵᠢᠯ ᠤᠨ ᠨᠣᠭᠤᠭᠠᠷᠠᠭᠤᠯᠵᠤ ᠣᠶᠢᠵᠢᠭᠤᠯᠬᠤ ᠡᠭᠦᠷᠭᠡ᠂ ᠪᠥᠬᠦ ᠰᠢᠶᠠᠨ ᠢᠶᠠᠷ ᠢᠶᠠᠨ 7000 ᠮᠦ ᠬᠥᠮᠦᠨ ᠤ ᠬᠦᠴᠦ ᠪᠠᠷ ᠣᠶᠢᠵᠢᠭᠤᠯᠵᠤ᠂ 3000 ᠮᠦ ᠠᠭᠤᠯᠠ ᠶᠢ ᠪᠢᠲᠡᠭᠦᠮᠵᠢᠯᠡᠨ ᠣᠶᠢᠵᠢᠭᠤᠯᠵᠤ᠂ ᠳᠡᠭᠡᠷ᠎ᠡ ᠱᠠᠲᠤᠨ ᠠᠴᠠ ᠪᠠᠭᠤᠯᠭᠠᠭᠰᠠᠨ ᠣᠶᠢᠵᠢᠭᠤᠯᠬᠤ  ᠡᠭᠦᠷᠭᠡ ᠶᠢ ᠪᠦᠷᠢᠨ ᠪᠦᠲᠦᠨ ᠪᠡᠶᠡᠯᠡᠭᠦᠯᠪᠡ᠃ ᠬᠤᠶᠠᠷ ᠲᠤ᠂ ᠠᠮᠢ ᠠᠬᠤᠶ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠠᠵᠤ ᠠᠬᠤᠢ ᠶᠢᠨ ᠣᠶ ᠶᠢᠨ ᠪᠦᠲᠦᠭᠡᠨ ᠪᠠᠶᠢᠭᠤᠯᠤᠯᠲᠠ ᠶᠢ 6851 ᠮᠦ ᠪᠡᠶᠡᠯᠡᠭᠦᠯᠵᠦ᠂ ᠮᠣᠳᠣᠨ ᠤ ᠲᠥᠷᠥᠯ ᠢ ᠵᠠᠶᠢᠯᠠᠬᠤ ᠳᠤ ᠭᠤᠣᠯᠳᠠᠭᠤ ᠠᠯᠮᠤᠷᠠᠳ᠂ ᠲᠣᠮᠣ ᠭᠦᠢᠯᠡᠰᠦ᠂ ᠯᠢ ᠽᠢ᠂  ᠬᠠᠷᠮᠠᠭ ᠢᠶᠠᠷ ᠭᠤᠣᠯ ᠪᠣᠯᠭᠠᠨ᠎ᠠ᠃ ᠣᠳᠣ ᠨᠢᠭᠡᠨᠲᠡ ᠵᠠᠭᠤᠨ ᠮᠦ ᠠᠴᠠ ᠳᠡᠭᠡᠭᠰᠢ ᠵᠢᠮᠢᠰ ᠤᠨ ᠬᠦᠷᠢᠶᠡᠯᠡᠩ ᠢ 16 ᠪᠠᠶᠢᠭᠤᠯᠵᠤ᠂ ᠮᠢᠩᠭᠠᠨ ᠮᠦ ᠠᠴᠠ ᠳᠡᠭᠡᠭᠰᠢ ᠵᠢᠮᠢᠰ ᠤᠨ ᠬᠦᠷᠢᠶᠡᠯᠡᠩ ᠢ 2 ᠪᠠᠶᠢᠭᠤᠯᠪᠠ︔ 113.5 ᠲᠦᠮᠡᠨ ᠲᠥᠭᠦᠷᠢᠭ ᠤᠨ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠣᠯᠭᠤᠨ᠎ᠠ︔ ᠣᠶ ᠰᠢᠭᠤᠶ ᠬᠠᠮᠠᠭᠠᠯᠠᠭᠴᠢ 1178 ᠬᠥᠮᠦᠨ ᠢ ᠤᠷᠢᠨ ᠬᠡᠷᠡᠭᠯᠡᠵᠦ᠂ ᠪᠥᠬᠦᠳᠡ ᠶᠢ ᠨᠢ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠡᠷᠦᠬᠡ ᠬᠡᠷᠡᠭᠯᠡᠨ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠲᠦᠢᠯ ᠤᠨ ᠶᠡᠭᠡ ᠪᠠᠷ ᠠᠬᠢᠭᠤᠯᠪᠠ᠃ ᠭᠤᠷᠪᠠ ᠳᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ᠂ 2019 ᠣᠨ ᠳᠤ ᠣᠶ ᠰᠢᠭᠤᠶ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠰᠦᠪᠡᠭᠴᠢ ᠶᠢ ᠵᠢᠭᠰᠠᠭᠠᠬᠤ ᠠᠵᠢᠯ ᠢ ᠢᠳᠡᠪᠬᠢᠲᠡᠶ ᠥᠷᠨᠢᠭᠦᠯᠵᠦ᠂ ᠴᠣᠬᠢᠯᠲᠠ ᠥᠭᠬᠦ ᠭᠤᠤᠯᠳᠠᠯᠭ᠎ᠠ ᠶᠢ ᠲᠣᠳᠣᠷᠬᠠᠶᠢᠯᠠᠵᠤ᠂ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠶ ᠰᠢᠭᠤᠶ ᠶᠢᠨ ᠵᠠᠰᠠᠭ ᠤᠨ ᠰᠠᠯᠠᠭ᠎ᠠ ᠲᠠᠢ  ᠬᠠᠮᠲᠤᠷᠠᠨ᠂ ᠡᠯ᠎ᠡ ᠪᠠᠯᠭᠠᠰᠤᠨ ᠤ ᠣᠶ ᠰᠢᠭᠤᠶ ᠶᠢᠨ ᠥᠷᠲᠡᠭᠡ᠂ ᠣᠶ ᠰᠢᠭᠤᠶ ᠶᠢᠨ ᠲᠠᠯᠠᠪᠠᠶ ᠪᠣᠯᠤᠨ ᠦᠨᠳᠦᠰᠦᠨ ᠱᠠᠲᠤᠨ ᠤ ᠣᠯᠠᠨ ᠲᠦᠮᠡᠨ ᠳᠤ ᠲᠦᠰᠢᠭᠯᠡᠨ᠂ ᠪᠥᠬᠦ ᠰᠢᠶᠠᠨ ᠤ ᠣᠶ ᠰᠢᠭᠤᠶ ᠶᠢᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠪᠥᠬᠦ ᠰᠢᠶᠠᠨ ᠤ ᠰᠢᠭᠤᠶᠢᠲᠤ ᠣᠷᠣᠨ ᠤ ᠠᠮᠤᠷ ᠲᠦᠪᠰᠢᠨ ᠡᠶ᠎ᠡ ᠵᠣᠬᠢᠴᠠᠩᠭᠤᠶ ᠲᠣᠭᠲᠠᠭᠤᠨ ᠪᠠᠶᠢᠳᠠᠯ ᠢ ᠪᠦᠬᠦ ᠬᠦᠴᠦ ᠪᠠᠷ ᠢᠶᠠᠨ ᠰᠠᠶᠢᠲᠤᠷ  ᠬᠠᠮᠠᠭᠠᠯᠠᠨ᠎ᠠ᠃ ᠳᠥᠷᠪᠡ ᠳᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ᠂ ᠵᠦᠸᠧᠽᠢ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠵᠦᠸᠧᠽᠢ ᠰᠢᠶᠠᠨ ᠤ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠦᠨᠳᠦᠰᠦᠨ ᠳᠡᠭᠡᠨ ᠪᠡᠶᠡᠯᠡᠭᠳᠡᠵᠡᠶ᠃ ᠵᠦᠸᠧᠽᠢ ᠰᠢᠶᠠᠨ ᠤ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶᠠᠨ ᠤ ︽ᠭᠤᠷᠪᠠ ᠶᠢ ᠲᠣᠭᠲᠠᠭᠠᠬᠤ︾ ᠲᠦᠰᠦᠯ ᠢ ᠨᠢᠭᠡᠨᠲᠡ ᠴᠣᠬᠤᠯᠠᠪᠤᠷᠢᠯᠠᠭᠰᠠᠨ᠂ ᠡᠭᠦᠨ ᠳᠤ ᠣᠶᠢᠲᠤ ᠭᠠᠵᠠᠷ ᠤᠨ ᠡᠷᠬᠡ ᠶᠢ ᠨᠤᠲᠠᠯᠠᠨ ᠲᠣᠭᠲᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠶᠠᠷ  ᠵᠦᠢᠯ ᠤᠨ ᠡᠭᠦᠷᠭᠡ ᠴᠢᠳᠠᠪᠤᠷᠢ ᠶᠢ ᠬᠤᠪᠢᠶᠠᠷᠢᠯᠠᠨ ᠭᠠᠷᠭᠠᠵᠤ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠨᠢᠭᠡ ᠵᠦᠢᠯ ᠤᠨ ᠡᠭᠦᠷᠭᠡ ᠴᠢᠳᠠᠪᠤᠷᠢ ᠳᠤ ᠬᠤᠪᠢᠶᠠᠷᠢᠯᠠᠨ ᠣᠷᠣᠭᠤᠯᠤᠨ᠎ᠠ᠃ ᠬᠤᠪᠢᠶᠠᠷᠢᠯᠠᠨ ᠭᠠᠷᠭᠠᠭᠰᠠᠨ ᠣᠶᠢᠲᠤ ᠭᠠᠵᠠᠷ ᠤᠨ ᠡᠷᠬᠡ ᠶᠢ ᠨᠤᠲᠠᠯᠠᠨ ᠲᠣᠭᠲᠠᠭᠠᠵᠤ᠂ ᠣᠶ ᠰᠢᠭᠤᠶ ᠨᠤᠲᠤᠭ  ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠲᠦᠷ ᠪᠣᠳᠠᠲᠠᠶ ᠨᠠᠶᠢᠳᠠᠪᠤᠷᠢᠵᠢᠭᠤᠯᠤᠭ᠎ᠠ ᠦᠭᠡᠶ ᠪᠠᠶᠢᠨ᠎ᠠ᠃ ᠲᠠᠪᠤ ᠳᠤ ᠪᠡᠯᠴᠢᠭᠡᠷᠯᠡᠭᠦᠯᠬᠦ ᠶᠢ ᠴᠠᠭᠠᠵᠠᠯᠠᠵᠤ ᠬᠠᠰᠢᠶᠠᠯᠠᠨ ᠲᠡᠵᠢᠭᠡᠬᠦ ᠠᠵᠢᠯ᠃ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠠᠯᠪᠠᠨ ᠭᠡᠷ ᠪᠣᠯᠤᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠡᠯ᠎ᠡ ᠰᠢᠶᠠᠩ ᠪᠠᠯᠭᠠᠰᠤᠨ ᠤ ᠣᠶ ᠰᠢᠭᠤᠶ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠲᠠᠢ ᠬᠠᠷᠢᠯᠴᠠᠵᠤ᠂ ᠭᠤᠤᠯᠳᠠᠯᠭ᠎ᠠ ᠲᠠᠢ ᠠᠮᠢ ᠠᠬᠤᠶ ᠶᠢᠨ ᠣᠷᠣᠨ ᠪᠦᠰᠡ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯ ᠢ ᠪᠦᠬᠦ ᠲᠠᠯ᠎ᠠ ᠪᠠᠷ ᠬᠢᠵᠦ᠂ ᠣᠳᠣᠬᠠᠨ ᠪᠣᠯᠲᠠᠯ᠎ᠠ ᠪᠥᠬᠦ ᠰᠢᠶᠠᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠡᠷᠡᠭ ᠢ ᠨᠡᠶᠢᠲᠡ 600 ᠭᠠᠷᠤᠶ  ᠰᠢᠢᠳᠪᠦᠷᠢᠯᠡᠵᠡᠢ᠃ ᠡᠭᠦᠨ ᠳᠤ ᠨᠤᠲᠤᠭ ᠪᠡᠯᠴᠢᠭᠡᠷ ᠤᠨ ᠬᠡᠪᠴᠢᠶᠡᠨ ᠳᠠᠬᠢ ᠲᠣᠭᠲᠠᠭᠠᠯ ᠠᠴᠠ ᠵᠥᠷᠢᠴᠡᠨ ᠮᠠᠯᠵᠢᠭᠰᠠᠨ 50 ᠭᠠᠷᠤᠶ ᠬᠡᠷᠡᠭ ᠢ ᠰᠢᠢᠳᠪᠦᠷᠢᠯᠡᠪᠡ᠃    ᠬᠥᠲᠥᠯᠥᠭᠴᠢ᠄ ᠮᠠᠰᠢ ᠣᠯᠠᠨ ᠠᠷᠠᠳ ᠲᠦᠮᠡᠨ ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠲᠥᠷᠥ ᠶᠢᠨ ᠪᠣᠳᠣᠯᠭ᠎ᠠ ᠶᠢ ᠨᠠᠷᠢᠨ ᠣᠶᠢᠯᠠᠭᠠᠬᠤ ᠰᠠᠨᠠᠭ᠎ᠠ ᠲᠠᠢ ᠪᠠᠶᠢᠨ᠎ᠠ᠃     ᠰᠦᠩ ᠸᠤᠨ ᠬᠤᠢ᠄ ᠵᠠ᠃ ᠣᠳᠣ ᠶᠢᠨ ᠬᠡᠷᠡᠭᠵᠢᠭᠦᠯᠵᠦ  ᠪᠠᠶᠢᠭ᠎ᠠ ᠨᠥᠬᠦᠪᠥᠷᠢ ᠶᠢᠨ ᠲᠥᠷᠥ ᠶᠢᠨ ᠪᠣᠳᠣᠯᠭ᠎ᠠ ᠨᠢ 5 ᠵᠢᠯ ᠳᠤ 3 ᠤᠳᠠᠭ᠎ᠠ  ᠨᠦᠬᠦᠪᠦᠷᠢ ᠥᠭᠴᠦ᠂ ᠮᠦ ᠪᠦᠷᠢ ᠳᠤ ᠨᠡᠶᠢᠲᠡ 1200 ᠲᠥᠭᠦᠷᠢᠭ ᠨᠥᠬᠦᠪᠥᠷᠢᠯᠡᠨ᠎ᠡ ︵ᠮᠦ ᠪᠦᠷᠢ ᠳᠤ ᠳᠤᠮᠳᠠᠴᠢ ᠪᠠᠷ ᠵᠢᠯ ᠪᠦᠷᠢ 240 ᠲᠦᠭᠦᠷᠢᠭ ᠨᠥᠬᠦᠪᠥᠷᠢᠯᠡᠵᠦ᠂ ᠲᠠᠷᠢᠶᠠᠯᠠᠩ ᠤᠨ ᠨᠥᠬᠦᠪᠥᠷᠢ ᠲᠠᠢ ᠦᠨᠳᠦᠰᠦᠨ ᠳᠡᠭᠡᠨ ᠲᠡᠩᠴᠡᠭᠦᠤ ᠪᠠᠶᠢᠯᠭᠠᠨ᠎ᠠ︶᠃ ᠡᠭᠦᠨ ᠳᠤ ᠨᠢᠭᠡᠳᠦᠭᠡᠷ ᠵᠢᠯ ᠳᠤ 500 ᠲᠥᠭᠦᠷᠢᠭ᠂ ᠭᠤᠷᠪᠠᠳᠤᠭᠠᠷ ᠵᠢᠯ ᠳᠤ 300 ᠲᠥᠭᠦᠷᠢᠭ᠂ ᠲᠠᠪᠤᠳᠤᠭᠠᠷ ᠵᠢᠯ ᠳᠤ 400 ᠲᠥᠭᠦᠷᠢᠭ︔ ᠡᠭᠦᠨ ᠠᠴᠠ ᠭᠠᠳᠠᠨ᠎ᠠ ᠦᠷ᠎ᠡ ᠶᠢᠨ ᠴᠢᠬᠢ ᠶᠢᠨ ᠵᠠᠷᠤᠳᠠᠯ ᠮᠦ ᠪᠦᠷᠢ 400 ᠲᠥᠭᠦᠷᠢᠭ ᠪᠣᠯᠤᠨ᠎ᠠ᠃ ᠲᠠᠷᠢᠶᠠᠯᠠᠬᠤ ᠪᠠᠨ ᠵᠣᠭᠰᠣᠭᠰᠠᠨ ᠤ ᠳᠠᠷᠠᠭ᠎ᠠ ᠲᠠᠷᠢᠭᠰᠠᠨ ᠣᠶ ᠮᠣᠳᠣ᠂ ᠤᠯᠤᠰ ᠪᠠ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠣᠷᠣᠨ ᠤ ᠬᠤᠪᠢᠶᠠᠷᠢᠯᠠᠯ ᠢ ᠵᠠᠭᠠᠭᠯᠠᠨ  ᠲᠤᠭᠲᠠᠭᠠᠬᠤ ᠪᠠᠷᠢᠮᠵᠢᠶ᠎ᠠ ᠳᠤ ᠨᠡᠶᠢᠴᠡᠵᠦ ᠪᠠᠶᠢᠪᠠᠯ᠂ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠣᠶ ᠰᠢᠭᠤᠢ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠳᠤ ᠲᠤᠰ ᠲᠤᠰ ᠣᠷᠣᠭᠤᠯᠤᠨ᠎ᠠ︔ ᠨᠡᠶᠢᠲᠡ ᠶᠢᠨ ᠠᠰᠠᠷᠠᠮᠵᠢ ᠶᠢᠨ ᠣᠶ ᠳᠤ ᠬᠤᠪᠢᠶᠠᠷᠢᠯᠠᠨ ᠣᠷᠣᠭᠤᠯᠤᠭᠰᠠᠨ ᠦᠭᠡᠶ ᠪᠠᠶᠢᠪᠠᠯ᠂ ᠵᠥᠪᠰᠢᠶᠡᠷᠡᠭᠦᠯᠦᠭᠡᠳ ᠬᠠᠤᠯᠢ ᠶᠣᠰᠣᠭᠠᠷ ᠮᠣᠳᠣ ᠣᠭᠲᠣᠯᠵᠤ ᠪᠣᠯᠤᠨ᠎ᠠ︔ ᠮᠠᠯᠵᠢᠬᠤ ᠣᠷᠣᠨ ᠤ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠳᠤ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠢ ᠲᠣᠳᠣᠷᠬᠠᠶᠢᠯᠠᠭᠰᠠᠨ ᠪᠠᠶᠢᠪᠠᠯ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠲᠤᠰᠠᠯᠠᠵᠤ ᠱᠠᠩᠨᠠᠬᠤ ᠲᠣᠭᠲᠠᠴᠠ ᠳᠤ ᠣᠷᠣᠭᠤᠯᠤᠨ᠎ᠠ︔ ᠤᠷᠭᠤᠮᠠᠯ ᠬᠤᠴᠢᠯᠭ᠎ᠠ ᠶᠢ ᠡᠪᠳᠡᠬᠦ ᠦᠭᠡᠶ᠂ ᠰᠢᠨ᠎ᠡ ᠬᠥᠷᠥᠰᠥ ᠰᠢᠷᠣᠶ ᠶᠢᠨ ᠢᠳᠡᠭᠳᠡᠯ ᠢ ᠪᠤᠶ ᠪᠣᠯᠭᠠᠭᠰᠠᠨ ᠤᠷᠢᠳᠠᠯ ᠳᠣᠤᠷ᠎ᠠ᠂ ᠲᠠᠷᠢᠶᠠᠯᠠᠬᠤ ᠪᠠᠨ ᠵᠣᠭᠰᠣᠭᠠᠵᠤ ᠣᠶ ᠮᠣᠳᠣ ᠲᠠᠷᠢᠬᠤ ᠲᠠᠷᠢᠶᠠᠴᠢᠳ ᠤᠨ ᠬᠤᠭᠤᠷᠣᠨᠳᠣ ᠪᠤᠷᠴᠠᠭ ᠤᠨ ᠲᠥᠷᠥᠯ ᠵᠡᠷᠭᠡ ᠪᠣᠭᠤᠨᠢ ᠲᠠᠷᠢᠮᠠᠯ ᠲᠠᠷᠢᠬᠤ ᠶᠢ ᠵᠥᠪᠰᠢᠶᠡᠷᠡᠵᠦ᠂ ᠣᠶ ᠶᠢᠨ ᠳᠣᠤᠷᠠᠬᠢ ᠠᠵᠤ ᠠᠬᠤᠶ ᠶᠢ  ᠬᠦᠭᠵᠢᠭᠦᠯᠦᠨ᠎ᠡ᠃ ᠲᠠᠷᠢᠶᠠᠯᠠᠭ᠎ᠠ ᠪᠠᠷ ᠲᠡᠳᠬᠦᠬᠦ᠂ ᠲᠠᠷᠢᠶᠠᠯᠠᠭ᠎ᠠ ᠪᠠᠷ ᠬᠠᠮᠢᠶᠠᠷᠤᠯᠲᠠ ᠶᠢ ᠠᠬᠢᠭᠤᠯᠬᠤ ᠬᠡᠷᠡᠭᠲᠡᠶ᠃ ᠬᠤᠪᠢ ᠬᠥᠮᠦᠨ ᠤ ᠭᠡᠷ ᠪᠦᠯᠢ ᠶᠢᠨ ᠣᠶ ᠰᠢᠭᠤᠶ ᠶᠢᠨ ᠲᠠᠯᠠᠪᠠᠶ ᠡᠷᠬᠢᠯᠡᠬᠦ ᠶᠢ ᠵᠣᠷᠢᠭᠵᠢᠭᠤᠯᠵᠤ᠂ ᠣᠯᠠᠨ ᠲᠥᠷᠥᠯ ᠢ ᠡᠵᠡᠩᠨᠡᠬᠦ ᠬᠡᠷᠡᠭᠲᠡᠶ︔ ᠲᠤᠰᠬᠠᠶ ᠵᠣᠭᠤᠰ ᠢ ᠲᠤᠰᠬᠠᠶ ᠬᠡᠷᠡᠭᠯᠡᠬᠦ ᠤᠷᠢᠲᠠᠯ ᠳᠣᠣᠷ᠎ᠠ᠂ ᠲᠥᠪ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠵᠦᠢᠯ ᠤᠨ ᠪᠡᠯᠡ ᠮᠥᠩᠭᠦ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠪᠡᠯᠡ ᠣᠷᠣᠭᠤᠯᠤᠯᠲᠠ᠂ ᠣᠳᠣ ᠦᠶ᠎ᠡ ᠶᠢᠨ ᠲᠠᠷᠢᠶᠠᠯᠠᠩ ᠤᠨ ᠤᠶᠢᠯᠡᠳᠪᠦᠷᠢᠯᠡᠯ ᠢ ᠬᠥᠭᠵᠢᠭᠦᠯᠬᠦ ᠪᠡᠯᠡ ᠮᠥᠩᠭᠦ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠲᠡ ᠶᠢᠨ ᠪᠡᠯᠡ ᠮᠥᠩᠭᠦ ᠵᠡᠷᠭᠡ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠠᠷᠢᠶᠠᠯᠠᠬᠤ ᠶᠢ ᠵᠣᠭᠰᠣᠭᠠᠭᠰᠠᠨ ᠤ ᠳᠠᠷᠠᠭ᠎ᠠ ᠲᠠᠷᠢᠶᠠᠯᠠᠩ ᠤᠨ ᠠᠵᠤ ᠤᠶᠢᠯᠡᠰ ᠤᠨ ᠪᠦᠲᠦᠴᠡ ᠶᠢ ᠲᠣᠬᠢᠷᠠᠭᠤᠯᠬᠤ᠂ ᠣᠨᠴᠠᠯᠢᠭᠲᠤ ᠠᠵᠤ ᠤᠶᠢᠯᠡᠰ ᠢ ᠬᠥᠭᠵᠢᠭᠦᠯᠬᠦ᠂ ᠲᠠᠷᠢᠶᠠᠯᠠᠬᠤ ᠪᠠᠨ ᠵᠣᠭᠰᠣᠭᠠᠭᠰᠠᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠳᠤ ᠬᠡᠷᠡᠭᠯᠡᠨ᠎ᠡ᠃ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠭᠰᠡᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠶ︔ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠭᠰᠡᠨ ᠤ ᠳᠠᠷᠠᠭ᠎ᠠ ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠬᠠᠤᠯᠢ ᠶᠣᠰᠣᠭᠠᠷ ᠡᠷᠬᠡ ᠶᠢ ᠨᠢ ᠨᠤᠲᠠᠯᠠᠨ ᠬᠤᠪᠢᠷᠠᠭᠤᠯᠵᠤ ᠳᠠᠩᠰᠠᠯᠠᠭᠤᠯᠤᠨ᠎ᠠ᠃     ᠬᠥᠲᠥᠯᠥᠭᠴᠢ᠄ ᠰᠥᠩ ᠲᠣᠪᠴᠢᠶᠠᠨ ᠳᠠᠷᠤᠭ᠎ᠠ ᠶᠢᠨ ᠲᠠᠶᠢᠯᠪᠤᠷᠢᠯᠠᠯᠲᠠ ᠪᠠᠷ ᠳᠠᠮᠵᠢᠨ᠂ ᠰᠦᠯᠵᠢᠶᠡᠨ ᠤ ᠠᠨᠳᠠ ᠨᠠᠷ ᠴᠤ ᠣᠳᠣ ᠶᠢᠨ ᠬᠡᠷᠡᠭᠵᠢᠭᠦᠯᠵᠦ ᠪᠠᠶᠢᠭ᠎ᠠ ᠰᠢᠨ᠎ᠡ ᠨᠢᠭᠡ ᠡᠭᠡᠯᠵᠢ ᠶᠢᠨ ᠲᠠᠷᠢᠶᠠᠯᠠᠬᠤ ᠪᠠᠨ ᠵᠣᠭᠰᠣᠬᠤ ᠲᠥᠷᠥ ᠶᠢᠨ ᠪᠣᠳᠣᠯᠭ᠎ᠠ ᠶᠢᠨ ᠲᠤᠬᠠᠶ ᠨᠡᠩ ᠲᠣᠳᠣᠷᠬᠠᠶ ᠲᠠᠨᠢᠯᠲᠠ ᠲᠠᠢ ᠪᠣᠯᠬᠤ ᠶᠢ ᠢᠲᠡᠭᠡᠵᠦ ᠪᠠᠶᠢᠨ᠎ᠠ᠃ ᠣᠳᠣ ᠰᠦᠩ ᠲᠣᠪᠴᠢᠶᠠᠨ ᠳᠠᠷᠤᠭ᠎ᠠ ᠲᠠ ᠳᠠᠬᠢᠨ ᠣᠶ ᠬᠠᠮᠠᠭᠠᠯᠠᠭᠴᠢ ᠶᠢᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠲᠤᠬᠠᠢ ᠪᠢᠳᠡᠨ ᠳᠤ ᠲᠠᠨᠢᠯᠴᠠᠭᠤᠯᠤᠭᠠᠳ ᠥᠭᠭᠦᠨ᠎ᠡ ᠦᠤ︖     ᠰᠦᠩ ᠸᠤᠨ ᠬᠤᠢ᠄ ᠵᠠ᠃ ᠣᠶ ᠰᠢᠭᠤᠶ ᠬᠠᠮᠠᠭᠠᠯᠠᠭᠴᠢ ᠶᠢᠨ ᠤᠷᠢᠵᠤ ᠬᠡᠷᠡᠭᠯᠡᠬᠦ ᠨᠥᠬᠦᠴᠡᠯ ᠪᠣᠯ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠶᠠᠳᠠᠭᠤ ᠠᠴᠠ ᠠᠩᠭᠢᠵᠢᠷᠠᠭᠤᠯᠬᠤ ᠠᠷᠭ᠎ᠠ ᠬᠡᠮᠵᠢᠶ᠎ᠡ ᠶᠢ ᠬᠦᠷᠲᠡᠭᠰᠡᠨ ᠦᠭᠡᠶ ᠲᠠᠩᠰᠠ ᠪᠠ ᠺᠠᠷᠲ ᠲᠠᠢ ᠶᠠᠳᠠᠭᠤ  ᠬᠦᠴᠢᠷᠳᠡᠯᠲᠡᠢ ᠬᠥᠮᠦᠨ ᠠᠮᠠ ᠪᠣᠯᠤᠨ᠎ᠠ︔ ᠶᠡᠷᠦ ᠳᠡᠭᠡᠨ ᠪᠦᠬᠦᠯᠢ 18 ᠨᠠᠰᠤᠨ ᠠᠴᠠ ᠳᠡᠭᠡᠭᠰᠢ᠂ ᠪᠦᠬᠦᠯᠢ 60 ᠨᠠᠰᠤᠨ ᠠᠴᠠ ᠳᠣᠷᠣᠭᠰᠢ᠂ ᠪᠡᠶ᠎ᠡ ᠮᠠᠬᠠᠪᠣᠳ ᠨᠢ ᠡᠷᠡᠭᠦᠯ ᠴᠢᠭᠢᠷᠠᠭ ᠪᠠᠶᠢᠵᠤ ᠂ ᠬᠡᠭᠡᠷ᠎ᠡ ᠭᠠᠳᠠᠨ᠎ᠠ ᠲᠣᠭᠤᠷᠢᠨ ᠬᠠᠮᠠᠭᠠᠯᠠᠬᠤ ᠠᠵᠢᠯ ᠢ ᠡᠭᠦᠷᠭᠡᠯᠡᠵᠦ  ᠳᠡᠶᠢᠯᠦᠨ᠎ᠡ︔ ᠵᠣᠬᠢᠬᠤ ᠬᠠᠮᠢᠶᠠᠷᠤᠯᠲᠠ ᠶᠢᠨ ᠴᠢᠳᠠᠪᠤᠷᠢ ᠲᠠᠢ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠬᠡᠷᠡᠭᠲᠡᠶ︔ ᠨᠢᠭᠡ ᠭᠡᠷ ᠪᠦᠯᠢ ᠠᠬᠠᠳᠠᠬᠤ ᠳᠠᠭᠠᠨ ᠨᠢᠭᠡ ᠠᠮᠢ ᠠᠬᠤᠶ ᠶᠢᠨ ᠣᠶ ᠬᠠᠮᠠᠭᠠᠯᠠᠭᠴᠢ ᠲᠣᠬᠢᠷᠠᠭᠤᠯᠤᠨ᠎ᠠ︔ ᠰᠤᠷᠤᠯᠴᠠᠵᠤ ᠪᠠᠶᠢᠭ᠎ᠠ ᠰᠤᠷᠤᠭᠴᠢᠳ ᠪᠠ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠶᠠᠳᠠᠭᠤ ᠬᠦᠴᠢᠷᠳᠡᠯᠲᠡᠶ ᠬᠥᠮᠦᠰ ᠡᠭᠦᠨ ᠳᠤ ᠪᠠᠭᠲᠠᠬᠤ ᠦᠭᠡᠶ᠃ ᠡᠭᠦᠨ ᠳᠤ ᠨᠡᠶᠢᠲᠡ ᠶᠢᠨ ᠠᠰᠠᠷᠠᠮᠵᠢ ᠶᠢᠨ ᠣᠶ ᠰᠢᠭᠤᠶ ᠬᠠᠮᠠᠭᠠᠯᠠᠭᠴᠢ ᠶᠢᠨ ᠴᠠᠯᠢᠩ ᠨᠢ ᠵᠢᠯ ᠪᠦᠷᠢ 3000 ᠲᠦᠭᠦᠷᠢᠭ᠂ ᠠᠮᠢ ᠠᠬᠤᠶ ᠶᠢᠨ ᠣᠶ ᠰᠢᠭᠤᠶ ᠬᠠᠮᠠᠭᠠᠯᠠᠭᠴᠢ ᠶᠢᠨ ᠴᠠᠯᠢᠩ ᠨᠢ ᠵᠢᠯ ᠪᠦᠷᠢ 10000 ᠲᠥᠭᠦᠷᠢᠭ ᠪᠣᠯᠤᠨ᠎ᠠ᠃     ᠬᠥᠲᠥᠯᠥᠭᠴᠢ᠄ ᠮᠠᠨ ᠤ ᠪᠤᠯᠤᠩ ᠨᠡᠪᠲᠡᠷᠡᠭᠰᠡᠨ ᠠᠴᠠ ᠨᠠᠰᠢ᠂ ᠴᠥᠭᠡᠨ ᠪᠤᠰᠤ ᠰᠦᠯᠵᠢᠶᠡᠨ ᠤ ᠠᠨᠳᠠ ᠨᠠᠷ ᠣᠶ ᠰᠢᠭᠤᠶ ᠡᠪᠡᠰᠦ ᠪᠡᠯᠴᠢᠭᠡᠷ ᠤᠨ ᠲᠤᠬᠠᠶ ᠵᠠᠷᠢᠮ ᠠᠰᠠᠭᠤᠳᠠᠯ ᠢ  ᠠᠰᠠᠭᠤᠭᠠᠳ᠂ ᠪᠢᠳᠡ ᠬᠡᠳᠦᠨ  ᠵᠦᠢᠯ ᠢ ᠠᠪᠴᠤ ᠰᠦᠩ ᠲᠣᠪᠴᠢᠶᠠᠨ ᠳᠠᠷᠤᠭ᠎ᠠ ᠬᠠᠷᠢᠭᠤᠯᠲᠠ ᠥᠭᠭᠦᠭᠡᠷᠡᠶ᠃    ᠨᠢᠭᠡᠳᠦᠭᠡᠷ ᠠᠰᠠᠭᠤᠳᠠᠯ᠄ ᠰᠣᠨᠣᠰᠬᠤᠯᠠᠷ ᠥᠪᠡᠷ ᠤᠨ ᠲᠠᠷᠢᠭᠰᠠᠨ ᠮᠣᠳᠣ ᠪᠠᠨ ᠣᠭᠲᠣᠯᠬᠤ ᠳᠤ ᠪᠠᠰᠠ ᠣᠶ ᠰᠢᠭᠤᠶ ᠶᠢᠨ ᠰᠠᠯᠠᠭ᠎ᠠ ᠮᠥᠴᠢᠷ ᠲᠤ ᠣᠴᠢᠵᠤ ᠦᠨᠡᠮᠯᠡᠯ ᠠᠪᠬᠤ ᠬᠡᠷᠡᠭᠲᠡᠶ ᠭᠡᠨ᠎ᠡ᠃ ᠡᠶᠢᠮᠦ ᠦᠤ︖    ᠰᠦᠩ ᠸᠤᠨ ᠬᠤᠢ᠄ ᠵᠠ᠂ ᠡᠨᠡ ᠠᠰᠠᠭᠤᠳᠠᠯ ᠮᠠᠰᠢ ᠲᠦᠭᠡᠮᠡᠯ ᠴᠢᠨᠠᠷ ᠲᠠᠢ᠃ ᠣᠯᠠᠩᠬᠢ ᠬᠥᠮᠦᠰ ᠪᠦᠷ ᠥᠪᠡᠷ ᠤᠨ ᠲᠠᠷᠢᠭᠰᠠᠨ ᠮᠣᠳᠣ ᠪᠠᠨ ᠦᠨᠡᠮᠯᠡᠯ ᠦᠭᠡᠶ ᠪᠠᠷ ᠣᠭᠲᠣᠯᠵᠤ ᠪᠣᠯᠤᠨ᠎ᠠ ᠭᠡᠵᠦ ᠦᠵᠡᠵᠦ ᠪᠠᠢᠨ᠎ᠠ᠂ ᠥᠨᠥᠳᠦᠷ ᠪᠢ ᠣᠯᠠᠨ ᠳᠤ ᠵᠠᠯᠠᠷᠠᠭᠤᠯᠵᠤ ᠥᠭᠭᠦᠶ᠎ᠡ᠃ ︽ᠣᠶ ᠰᠢᠭᠤᠶ ᠶᠢᠨ ᠬᠠᠤᠯᠢ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠪᠠᠳᠠᠭ ᠲᠤ᠄ ︽ᠣᠶ ᠮᠣᠳᠣ ᠣᠭᠲᠣᠯᠬᠤ ᠳᠤ ᠡᠷᠬᠡᠪᠰᠢ ᠣᠭᠲᠣᠯᠬᠤ ᠵᠥᠪᠰᠢᠶᠡᠷᠡᠯ ᠤᠨ ᠦᠨᠡᠮᠯᠡᠯ ᠭᠤᠶᠤᠴᠢᠯᠠᠬᠤ ᠬᠡᠷᠡᠭᠲᠡᠶ᠃ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠶᠣᠰᠣᠭᠠᠷ ᠮᠣᠳᠣ ᠣᠭᠲᠣᠯᠬᠤ︔ ᠬᠥᠳᠡᠭᠡ ᠲᠣᠰᠬᠤᠨ ᠤ ᠰᠠᠭᠤᠭᠠᠯᠢ ᠠᠷᠠᠳ ᠬᠤᠪᠢᠨ ᠳᠠᠭᠠᠨ ᠦᠯᠡᠳᠡᠭᠡᠭᠰᠡᠨ ᠲᠠᠷᠢᠶ᠎ᠠ ᠪᠠ ᠭᠡᠷ ᠤᠨ ᠡᠮᠦᠨ᠎ᠡ  ᠬᠤᠶᠢᠨᠠᠬᠢ ᠬᠤᠪᠢ ᠶᠢᠨ ᠥᠮᠴᠢᠯᠡᠯ ᠤᠨ ᠬᠡᠰᠡᠭ ᠪᠤᠰᠠᠭ ᠣᠶ ᠮᠣᠳᠣ ᠶᠢ ᠣᠭᠲᠣᠯᠬᠤ ᠶᠠᠪᠤᠳᠠᠯ ᠡᠭᠦᠨ ᠳᠤ ᠪᠠᠭᠲᠠᠬᠤ ᠤᠢᠭᠡᠢ᠃ ᠡᠶᠢᠮᠦ ᠠᠴᠠ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠤᠪᠢᠨ ᠳᠠᠭᠠᠨ ᠦᠯᠡᠳᠡᠭᠡᠭᠰᠡᠨ ᠲᠠᠷᠢᠶ᠎ᠠ ᠪᠠ ᠭᠡᠷ ᠪᠠᠶᠢᠰᠢᠩ ᠤᠨ ᠡᠮᠦᠨ᠎ᠡ ᠲᠠᠯ᠎ᠠ ᠶᠢᠨ ᠬᠡᠰᠡᠭ ᠪᠤᠰᠠᠭ ᠣᠶ ᠮᠣᠳᠣ ᠶᠢ ᠣᠭᠲᠣᠯᠬᠤ ᠠᠴᠠ ᠭᠠᠳᠠᠨ᠎ᠠ᠂ ᠴᠥᠮ ᠰᠢᠶᠠᠨ ᠤ ᠱᠠᠲᠤᠨ ᠤ ᠣᠶ  ᠰᠢᠭᠤᠢ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠤ ᠣᠶ ᠮᠣᠳᠣ ᠣᠭᠲᠣᠯᠬᠤ ᠵᠥᠪᠰᠢᠶᠡᠷᠡᠯ ᠤᠨ ᠦᠨᠡᠮᠯᠡᠯ  ᠭᠤᠶᠤᠴᠢᠯᠠᠭᠰᠠᠨ ᠤ ᠳᠠᠷᠠᠭ᠎ᠠ ᠰᠠᠶ᠋ᠢ ᠣᠭᠲᠣᠯᠵᠤ ᠪᠣᠯᠤᠨ᠎ᠠ᠃     ᠬᠤᠶᠠᠳᠤᠭᠠᠷ ᠠᠰᠠᠭᠤᠯᠲᠠ᠄ ᠣᠶ ᠮᠣᠳᠣ ᠣᠭᠲᠣᠯᠬᠤ ᠵᠥᠪᠰᠢᠶᠡᠷᠡᠯ ᠤᠨ ᠦᠨᠡᠮᠯᠡᠯ ᠢ ᠬᠡᠷᠬᠢᠨ ᠭᠦᠢᠴᠡᠳᠬᠡᠬᠦ ᠪᠤᠶ︖     ᠰᠦᠩ ᠸᠤᠨ ᠬᠤᠢ ᠲᠣᠪᠴᠢᠶᠠᠨ ᠳᠠᠷᠤᠭ᠎ᠠ᠄ ᠨᠢᠭᠡ ᠳᠤ᠂ ᠣᠶ ᠮᠣᠳᠣ ᠣᠭᠲᠣᠯᠬᠤ ᠭᠤᠶᠤᠴᠢᠯᠠᠯ ᠤᠨ ᠪᠢᠴᠢᠭ  ᠳᠡᠪᠰᠢᠭᠦᠯᠦᠨ᠎ᠡ᠄ ᠬᠡᠷᠪᠡ ᠨᠢᠭᠡᠴᠢ ᠪᠣᠯ᠂ ᠣᠶ ᠮᠣᠳᠣ ᠶᠢ ᠣᠭᠲᠣᠯᠬᠤ ᠵᠣᠷᠢᠯᠭ᠎ᠠ᠂ ᠭᠠᠵᠠᠷ᠂ ᠣᠶ ᠮᠣᠳᠣᠨ ᠤ ᠲᠥᠷᠥᠯ᠂ ᠣᠶ ᠮᠣᠳᠣᠨ ᠤ ᠪᠠᠶᠢᠳᠠᠯ᠂ ᠲᠠᠯᠠᠪᠠᠶ᠂  ᠬᠠᠳᠠᠭᠠᠯᠠᠭᠳᠠᠴᠠ᠂ ᠠᠷᠭ᠎ᠠ ᠮᠠᠶ᠋ᠢᠭ ᠪᠠ ᠰᠢᠨᠡᠳᠬᠡᠬᠦ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠲᠣᠳᠣᠷᠬᠠᠶ ᠪᠢᠴᠢᠬᠦ ᠬᠡᠷᠡᠭᠲᠡᠶ︔ ᠬᠡᠷᠪᠡ ᠬᠤᠪᠢ ᠬᠥᠮᠦᠨ ᠪᠠᠶᠢᠪᠠᠯ᠂ ᠣᠶ ᠮᠣᠳᠣ ᠣᠭᠲᠣᠯᠬᠤ ᠭᠠᠵᠠᠷ᠂ ᠲᠠᠯᠠᠪᠠᠶ᠂ ᠮᠣᠳᠣᠨ ᠤ ᠲᠥᠷᠥᠯ᠂ ᠮᠣᠳᠣᠨ ᠤ ᠲᠤᠭ᠎ᠠ᠂ ᠬᠠᠳᠠᠭᠠᠯᠠᠭᠳᠠᠴᠠ᠂ ᠰᠢᠨᠡᠳᠬᠡᠭᠰᠡᠨ ᠴᠠᠭ ᠵᠡᠷᠭᠡ ᠠᠭᠤᠯᠭ᠎ᠠ ᠶᠢ ᠲᠣᠳᠣᠷᠬᠠᠶ ᠪᠢᠴᠢᠬᠦ ᠬᠡᠷᠡᠭᠲᠡᠶ᠃ ᠬᠤᠶᠠᠷ ᠲᠤ ᠣᠶ ᠮᠣᠳᠣ ᠣᠭᠲᠣᠯᠬᠤ ᠪᠠᠷ ᠭᠤᠶᠤᠴᠢᠯᠠᠭᠰᠠᠨ ᠥᠮᠴᠢᠯᠡᠯ ᠤᠨ ᠡᠷᠬᠡ ᠶᠢᠨ ᠦᠨᠡᠮᠯᠡᠯ ᠪᠤᠶᠤ ᠪᠤᠰᠤᠳ ᠮᠠᠲ᠋ᠧᠷᠢᠶᠠᠯ᠃ ᠵᠥᠪᠬᠡᠨ ᠳᠡᠭᠡᠷᠡᠬᠢ ᠮᠠᠲ᠋ᠧᠷᠢᠶᠠᠯ ᠢ ᠭᠦᠢᠴᠡᠳ ᠲᠤᠰᠢᠶᠠᠪᠠᠯ᠂ ᠪᠢᠳᠡ ᠳᠠᠷᠤᠶ ᠬᠦᠯᠢᠶᠡᠨ ᠠᠪᠴᠤ ᠰᠢᠢᠳᠪᠦᠷᠢᠯᠡᠬᠦ ᠪᠥᠭᠡᠳ ᠲᠣᠭᠲᠠᠭᠰᠠᠨ ᠬᠤᠭᠤᠴᠠᠭᠠᠨ ᠳᠣᠲᠣᠷ᠎ᠠ ᠲᠤᠬᠠᠶ ᠶᠢᠨ ᠲᠠᠯᠠᠪᠤᠷ ᠲᠤ ᠬᠦᠷᠴᠦ ᠬᠢᠨᠠᠨ ᠪᠠᠶᠢᠴᠠᠭᠠᠵᠤ᠂ ᠳᠠᠷᠠᠭ᠎ᠠ ᠨᠢ ᠣᠶ ᠮᠣᠳᠣ ᠣᠭᠲᠣᠯᠬᠤ ᠵᠥᠪᠰᠢᠶᠡᠷᠡᠯ ᠤᠨ ᠦᠨᠡᠮᠯᠡᠯ ᠢ  ᠤᠯᠭᠤᠵᠤ ᠪᠣᠯᠤᠨ᠎ᠠ᠃    ᠬᠥᠲᠥᠯᠥᠭᠴᠢ᠄ ᠰᠦᠩ ᠲᠣᠪᠴᠢᠶᠠᠨ ᠳᠠᠷᠤᠭ᠎ᠠ ᠶᠢᠨ ᠲᠠᠶᠢᠯᠪᠤᠷᠢᠯᠠᠭᠰᠠᠨ ᠳᠤ ᠪᠠᠶᠠᠷᠯᠠᠯ᠎ᠠ᠃ ᠰᠦᠩ ᠲᠣᠪᠴᠢᠶᠠᠨ ᠳᠠᠷᠤᠭ᠎ᠠ  ᠂ ᠡᠨᠡ ᠬᠠᠪᠤᠷ ᠠᠭᠤᠷ ᠠᠮᠢᠰᠬᠤᠯ ᠪᠠᠰᠠ ᠨᠡᠯᠢᠶᠡᠳ ᠬᠠᠭᠤᠷᠠᠶ᠃ ᠣᠶ ᠰᠢᠭᠤᠶ ᠶᠢᠨ ᠭᠠᠯ ᠰᠡᠷᠭᠡᠶᠢᠯᠡᠬᠦ ᠠᠵᠢᠯ ᠪᠣᠯ ᠮᠥᠨ ᠴᠦ ᠣᠯᠠᠨ ᠲᠦᠮᠡᠨ ᠤ ᠨᠡᠯᠢᠶᠡᠳ ᠠᠩᠬᠠᠷᠴᠤ ᠪᠠᠶᠢᠭ᠎ᠠ ᠠᠰᠠᠭᠤᠳᠠᠯ ᠪᠣᠯᠤᠨ᠎ᠠ᠂ ᠲᠠ ᠮᠠᠨ ᠤ ᠰᠢᠶᠠᠨ ᠤ ᠣᠶ ᠰᠢᠭᠤᠶ ᠶᠢᠨ ᠭᠠᠯ ᠰᠡᠷᠭᠡᠶᠢᠯᠡᠬᠦ ᠠᠵᠢᠯ ᠤᠨ ᠪᠠᠶᠢᠳᠠᠯ ᠢ  ᠪᠤᠲᠠᠲᠠᠢ ᠲᠠᠨᠢᠯᠴᠠᠭᠤᠯᠤᠭᠠᠳ ᠥᠭᠭᠦᠨ᠎ᠡ  ᠤᠤ︖    ᠲᠣᠪᠴᠢᠶᠠᠨ ᠳᠠᠷᠤᠭ᠎ᠠ ᠰᠦᠩ ᠸᠤᠨ ᠾᠦᠢ᠄ ᠡᠨᠡ ᠵᠢᠯ ᠬᠠᠪᠤᠷ ᠤᠷᠤᠭᠰᠠᠨ ᠠᠴᠠ ᠨᠠᠰᠢ᠂ ᠤᠳᠠᠭᠠᠨ ᠡᠳᠦᠷ ᠭᠠᠩ ᠬᠠᠭᠰᠠᠷᠠᠭᠠᠨ ᠪᠣᠷᠣᠭᠠᠨ ᠦᠭᠡᠶ᠂ ᠭᠠᠩ ᠬᠠᠭᠤᠷᠠᠶ᠂ ᠭᠠᠩ ᠬᠠᠭᠤᠷᠠᠶ᠂ ᠲᠠᠷᠢᠶᠠᠯᠠᠩ ᠤᠨ  ᠠᠵᠢᠯ ᠬᠡᠭᠡᠷ᠎ᠡ ᠭᠠᠳᠠᠨ᠎ᠠ ᠭᠠᠯ ᠬᠡᠷᠡᠭᠯᠡᠬᠦ᠂ ᠪᠤᠯᠠᠰᠢᠨ ᠳᠡᠭᠡᠷ᠎ᠡ ᠲᠦᠯᠡᠰᠢ ᠡᠷᠭᠦᠬᠦ᠂ ᠭᠠᠯ ᠠᠰᠠᠭᠠᠬᠤ ᠵᠡᠷᠭᠡ 20 ᠭᠠᠷᠤᠶ ᠬᠡᠷᠡᠭ ᠡᠭᠦᠰᠭᠡᠵᠡᠶ᠃ ᠣᠶ ᠰᠢᠭᠤᠶ ᠶᠢᠨ ᠡᠬᠢ ᠪᠠᠶᠠᠯᠢᠭ ᠤᠨ ᠬᠤᠬᠢᠷᠠᠯ ᠳᠤ ᠤᠴᠠᠷᠠᠬᠤ ᠦᠭᠡᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠮᠠᠨ ᠤ ᠲᠣᠪᠴᠢᠶ᠎ᠠ ᠵᠣᠬᠢᠴᠠᠩᠭᠤᠶ ᠨᠢᠭᠲᠠ ᠴᠢᠩᠭ᠎ᠠ ᠠᠷᠭ᠎ᠠ ᠬᠡᠮᠵᠢᠶ᠎ᠡ ᠠᠪᠴᠠᠶ᠄ ᠨᠢᠭᠡ ᠳᠤ ᠠᠭᠤᠯᠠ ᠶᠢ ᠴᠠᠭᠳᠠᠵᠤ ᠣᠶ ᠰᠢᠭᠤᠶ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠣᠶ ᠰᠢᠭᠤᠶ ᠶᠢᠨ ᠬᠠᠮᠢᠶᠠᠷᠴᠤ ᠬᠠᠮᠠᠭᠠᠯᠠᠬᠤ ᠴᠡᠭ ᠤᠨ ᠬᠥᠮᠦᠰ ᠢ ᠠᠵᠢᠯ ᠤᠨ ᠪᠠᠶᠢᠷᠢ ᠳᠤ ᠣᠴᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠬᠡᠭᠡᠷ᠎ᠡ ᠭᠠᠳᠠᠨᠠᠬᠢ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠠᠯ ᠤᠨ ᠠᠶᠤᠯ ᠡᠭᠦᠰᠬᠦ ᠪᠤᠯᠤᠯᠴᠠᠭ᠎ᠠ ᠶᠢ ᠡᠬᠢ ᠡᠭᠦᠰᠦᠯ ᠠᠴᠠ ᠨᠢ ᠪᠠᠭᠠᠰᠬᠠᠨ᠎ᠠ᠃ ᠬᠤᠶᠠᠷ ᠲᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠣᠶ ᠰᠢᠭᠤᠶ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ ᠲᠡᠷᠭᠡ ᠶᠢ ᠵᠣᠬᠢᠶᠠᠨ ᠪᠠᠶᠢᠭᠤᠯᠤᠨ ᠪᠥᠬᠦ ᠰᠢᠶᠠᠨ ᠲᠤ ᠲᠣᠭᠤᠷᠢᠨ ᠤᠬᠠᠭᠤᠯᠭ᠎ᠠ ᠬᠢᠵᠦ᠂ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠪᠠ᠃ ᠪᠦᠬᠦ ᠠᠷᠠᠳ ᠤᠨ ᠭᠠᠯ ᠰᠡᠷᠭᠡᠶᠢᠯᠡᠬᠦ ᠰᠠᠨᠠᠭᠠᠰᠢᠷᠠᠨ ᠵᠣᠪᠠᠨᠢᠬᠤ ᠤᠬᠠᠮᠰᠠᠷ ᠢ ᠳᠡᠭᠡᠭᠰᠢᠯᠡᠭᠦᠯᠪᠡ᠃ ᠭᠤᠷᠪᠠ ᠳᠤ ︽ᠬᠡᠨ ᠬᠠᠮᠢᠶᠠᠷᠪᠠᠯ ᠲᠡᠷᠡ ᠬᠠᠷᠢᠭᠤᠴᠠᠨ᠎ᠠ︔ ᠬᠡᠨ ᠬᠠᠮᠢᠶᠠᠷᠪᠠᠯ ᠲᠡᠷᠡ ᠬᠠᠷᠢᠭᠤᠴᠠᠬᠤ︾ ᠵᠠᠷᠴᠢᠮ ᠢ ᠬᠡᠷᠡᠭᠵᠢᠭᠦᠯᠵᠦ᠂ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠬᠥᠮᠦᠨ ᠤ ᠦᠵᠦᠭᠦᠷ ᠭᠠᠵᠠᠷ ᠲᠤ ᠬᠦᠷᠲᠡᠯ᠎ᠡ  ᠨᠠᠶᠢᠳᠠᠪᠦᠷᠢᠵᠢᠭᠤᠯᠵᠤ᠂ ᠭᠤᠤᠯᠳᠠᠯᠭ᠎ᠠ ᠲᠠᠢ ᠴᠠᠭ ᠦᠶ᠎ᠡ᠂ ᠵᠠᠩᠭᠢᠯᠠᠭ᠎ᠠ ᠶᠢᠨ ᠴᠠᠭ ᠦᠶ᠎ᠡ ᠶᠢᠨ ᠭᠠᠯ ᠰᠡᠷᠭᠡᠶᠢᠯᠡᠬᠦ ᠠᠵᠢᠯ  ᠢ ᠰᠠᠶᠢᠲᠤᠷ ᠬᠢᠵᠦ᠂ ᠭᠤᠣᠯᠳᠠᠯᠭ᠎ᠠ ᠲᠠᠢ ᠣᠷᠣᠨ ᠪᠦᠰᠡ ᠪᠠ ᠭᠠᠯ ᠤᠨ ᠠᠶᠤᠯ ᠣᠯᠠᠨ ᠭᠠᠷᠳᠠᠭ ᠭᠠᠵᠠᠷ ᠲᠤ ᠭᠠᠯ ᠰᠡᠷᠭᠡᠶᠢᠯᠡᠬᠦ ᠲᠦᠷ ᠴᠠᠭ ᠤᠨ ᠪᠠᠶᠢᠴᠠᠭᠠᠬᠤ ᠥᠷᠲᠡᠭᠡ ᠨᠡᠮᠡᠵᠦ ᠪᠠᠶᠢᠭᠤᠯᠵᠤ᠂ ᠲᠦᠷ ᠴᠠᠭ ᠤᠨ ᠣᠶ ᠰᠢᠭᠤᠶ ᠬᠠᠮᠠᠭᠠᠯᠠᠭᠴᠢ ᠶᠢ ᠨᠡᠮᠡᠭᠳᠡᠭᠦᠯᠵᠦ᠂ ᠲᠣᠭᠤᠷᠢᠨ ᠪᠠᠶᠢᠴᠠᠭᠠᠬᠤ ᠠᠵᠢᠯ ᠢ ᠴᠢᠩᠭᠠᠳᠬᠠᠬᠤ ᠬᠡᠷᠡᠭᠲᠡᠶ᠃ ᠳᠥᠷᠪᠡ ᠳᠤ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ ᠢᠳᠡᠪᠬᠢᠲᠡᠶ ᠵᠣᠬᠢᠶᠠᠨ ᠪᠠᠶᠢᠭᠤᠯᠤᠨ ᠭᠠᠯ  ᠤᠨᠲᠤᠷᠭᠠᠵᠤ᠂ ᠡᠷᠲᠡ᠂ ᠪᠠᠭ᠎ᠠ᠂ ᠳᠠᠭᠠᠷᠢᠭᠰᠠᠨ ᠢ ᠪᠡᠶᠡᠯᠡᠭᠦᠯᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠰᠠᠶᠢᠨ ᠪᠣᠯᠬᠤᠷ ᠮᠠᠨ ᠤ ᠰᠢᠶᠠᠨ ᠤ ᠡᠨᠡ ᠵᠢᠯ ᠭᠠᠯ ᠲᠦᠢᠮᠡᠷ ᠤᠨ ᠪᠠᠶᠢᠳᠠᠯ ᠢ ᠴᠠᠭ ᠲᠤᠬᠠᠶ ᠳᠤᠨᠢ ᠪᠦᠲᠦᠮᠵᠢᠲᠡᠶ ᠤᠨᠲᠤᠷᠭᠠᠵᠤ᠂ ᠣᠶ ᠰᠢᠭᠤᠶ ᠶᠢᠨ ᠡᠬᠢ ᠪᠠᠶᠠᠯᠢᠭ ᠤᠨ ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ  ᠪᠠᠭᠤᠷᠠᠭᠤᠯᠵᠡᠢ᠃     ᠬᠥᠲᠥᠯᠥᠭᠴᠢ᠄ ᠡᠩ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠤᠨ ᠮᠠᠨ ᠤ ᠰᠢᠶᠠᠨ ᠤ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠬᠠᠮᠠᠭᠠᠯᠠᠬᠤ ᠶᠢᠨ ᠲᠥᠯᠥᠭᠡ᠂ ︽ᠣᠶ ᠰᠢᠭᠤᠶ ᠶᠢᠨ ᠭᠠᠯ ᠢ ᠰᠡᠷᠭᠡᠶᠢᠯᠡᠬᠦ᠂ ᠬᠥᠮᠦᠨ ᠪᠦᠬᠦᠨ ᠬᠠᠷᠢᠭᠤᠴᠠᠯᠭ᠎ᠠ ᠲᠠᠢ︕ ᠵᠢᠯ ᠤᠨ ᠠᠵᠢᠯ ᠬᠠᠪᠤᠷ ᠲᠠᠭᠠᠨ ᠪᠠᠶᠢᠳᠠᠭ᠂ ᠡᠨᠡ ᠵᠢᠯ ᠮᠠᠨ ᠤ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ  ᠮᠦᠴᠢᠷ ᠤᠨ ᠠᠵᠢᠯ ᠤᠨ ᠬᠠᠷᠠᠯᠲᠠ ᠶᠠᠮᠠᠷ ᠪᠠᠶᠢᠳᠠᠭ ᠪᠤᠶ︖ ᠰᠦᠩ ᠲᠣᠪᠴᠢᠶᠠᠨ ᠳᠠᠷᠤᠭ᠎ᠠ ᠪᠢᠳᠡᠨ ᠳᠤ ᠲᠠᠨᠢᠯᠴᠠᠭᠤᠯᠤᠭᠠᠳ ᠥᠭᠭᠦᠨ᠎ᠡ ᠦᠤ︖     ᠰᠦᠩ ᠸᠤᠨ ᠬᠤᠢ᠄ ᠵᠠ᠃ ᠡᠨᠡ ᠵᠢᠯ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠳᠣᠣᠷᠠᠬᠢ ᠬᠡᠳᠦᠨ ᠲᠠᠯ᠎ᠠ ᠶᠢᠨ ᠠᠵᠢᠯ ᠢ ᠰᠠᠶᠢᠲᠤᠷ ᠠᠳᠬᠤᠬᠤ ᠪᠠᠷ ᠲᠥᠯᠥᠪᠯᠡᠵᠦ᠂ ︵ᠨᠢᠭᠡ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠬᠤᠶᠠᠷ ᠬᠠᠷᠢᠭᠤᠴᠠᠯᠭ᠎ᠠ︾ ᠶᠢ ᠬᠢᠨᠠᠮᠠᠭᠠᠶ ᠨᠠᠶᠢᠳᠠᠪᠦᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠢᠷᠢ ᠬᠡᠮᠵᠢᠶ᠎ᠡ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢ ᠦᠨᠡᠨᠬᠦ ᠴᠢᠩᠭᠠᠳᠬᠠᠵᠤ᠂  ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ ᠨᠠᠮ ᠤᠨ ᠰᠠᠬᠢᠯᠭ᠎ᠠ ᠪᠠᠲᠤ ᠶᠣᠰᠣ ᠳᠦᠷᠢᠮ  ᠢ ᠴᠢᠩᠳᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ  ᠲᠦᠷᠦᠯ ᠤᠨ ᠬᠡᠷᠡᠭᠵᠢᠭᠦᠯᠦᠯᠲᠡ ᠶᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ︽ᠥᠴᠦᠬᠡᠨ ᠴᠦ ᠠᠭᠤᠴᠢᠯᠠᠬᠤ ᠦᠭᠡᠢ︾ ᠥᠨᠳᠥᠷ ᠳᠠᠷᠤᠯᠲᠠ ᠦᠵᠡᠭᠦᠯᠬᠦ  ᠪᠠᠶᠢᠳᠠᠯ ᠲᠠᠢ ᠪᠠᠶᠢᠵᠤ᠂ ᠡᠯ᠎ᠡ ᠵᠦᠢᠯ ᠤᠨ ᠰᠠᠬᠢᠯᠭ᠎ᠠ ᠪᠠᠲᠤ ᠳᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠦᠵᠡᠯ ᠰᠠᠨᠠᠭ᠎ᠠ ᠣᠪᠣᠷ ᠰᠤᠷᠲᠠᠯ ᠢᠶᠠᠷ ᠰᠠᠶᠢᠨ᠂ ᠬᠡᠷᠡᠭᠵᠢᠭᠦᠯᠬᠦ ᠴᠢᠳᠠᠪᠤᠷᠢ ᠪᠠᠷ ᠴᠢᠩᠭ᠎ᠠ ᠰᠢᠨ᠎ᠡ ᠴᠠᠭ ᠦᠶ᠎ᠡ ᠶᠢᠨ ᠣᠶ ᠰᠢᠭᠤᠶ ᠶᠢᠨ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃ ︵ᠬᠤᠶᠠᠷ︶ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ᠂ ᠪᠣᠬᠢᠷᠲᠤᠯ ᠢ ᠰᠡᠷᠭᠡᠶᠢᠯᠡᠨ ᠵᠠᠰᠠᠬᠤ᠂  ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠠᠵᠢᠯ ᠳᠤ᠂ ᠠᠮᠢ ᠠᠬᠤᠶ ᠪᠠᠷ ᠶᠠᠳᠠᠭᠤ ᠶᠢ ᠲᠡᠳᠬᠦᠬᠦ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶ ᠶᠢᠨ ᠣᠶ ᠰᠢᠭᠤᠶ ᠶᠢᠨ ᠪᠦᠲᠦᠭᠡᠨ ᠪᠠᠶᠢᠭᠤᠯᠤᠯᠲᠠ᠂ ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠪᠠᠨ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠲᠠᠢ ᠤᠶᠠᠯᠳᠤᠭᠤᠯᠵᠤ᠂ ᠡᠩ ᠲᠡᠷᠢᠭᠦᠨ ᠳᠤ ᠠᠵᠤ  ᠤᠶᠢᠯᠡᠰ ᠤᠨ ᠰᠠᠭᠤᠷᠢ ᠪᠣᠯᠤᠨ ᠬᠥᠭᠵᠢᠯᠲᠡ ᠶᠢᠨ ᠨᠥᠬᠦᠴᠡᠯ ᠲᠠᠢ ᠶᠠᠳᠠᠭᠤ ᠬᠦᠴᠢᠷᠳᠡᠯᠲᠡᠶ ᠭᠠᠵᠠᠷ ᠣᠷᠣᠨ ᠪᠣᠯᠤᠨ ᠣᠯᠠᠨ ᠲᠦᠮᠡᠨ ᠲᠡᠰᠢ ᠬᠡᠯᠪᠠᠶᠢᠯᠭᠡᠨ᠎ᠡ᠃ ᠲᠥᠷᠥᠯ  ᠵᠦᠢᠯ ᠳᠤ ᠲᠦᠰᠢᠭᠯᠡᠨ ᠡᠵᠡᠩᠨᠡᠯᠲᠡ ᠶᠢᠨ ᠣᠷᠣᠯᠭ᠎ᠠ ᠪᠠᠨ ᠨᠡᠮᠡᠭᠳᠡᠭᠦᠯᠦᠨ᠎ᠡ︔ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠤᠤᠯᠳᠠᠯᠭ᠎ᠠ ᠲᠠᠢ ᠠᠳᠬᠤᠵᠤ᠂ ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠶᠢᠲᠤ ᠭᠠᠵᠠᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠬᠤ ᠬᠡᠷᠡᠭᠲᠡᠶ︔ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠳᠤ ᠣᠶ ᠰᠢᠭᠤᠶ ᠶᠢᠨ ᠭᠤᠤᠯᠳᠠᠯᠭ᠎ᠠ ᠲᠠᠢ  ᠤᠷᠤᠨ ᠪᠦᠰᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠥᠷᠢ ᠰᠢᠷᠢ ᠶᠢ ᠠᠷᠢᠯᠭᠠᠬᠤ ᠠᠵᠢᠯ ᠢ ᠭᠤᠤᠯᠳᠠᠯᠭ᠎ᠠ ᠲᠠᠢ ᠠᠳᠬᠤᠵᠠᠶ᠃ ᠮᠠᠨ ᠤ ᠰᠢᠶᠠᠨ ᠤ ᠡᠳ᠋ ᠤᠨ ᠬᠦᠴᠦᠨ ᠤ ᠪᠣᠳᠠᠲᠤ ᠪᠠᠶᠢᠳᠠᠯ ᠢ ᠦᠨᠳᠦᠰᠦᠯᠡᠨ᠂ ᠭᠤᠤᠯᠳᠠᠯᠭ᠎ᠠ ᠲᠠᠢ ᠣᠷᠣᠨ ᠪᠦᠰᠡ ᠶᠢᠨ ᠣᠶ ᠰᠢᠭᠤᠶ ᠶᠢᠨ  ᠤᠶᠢᠯᠡᠳᠪᠦᠷᠢᠯᠡᠯ ᠤᠨ ᠠᠵᠢᠯ ᠢ ᠯᠠᠪᠳᠠᠭᠤᠨ ᠠᠬᠢᠭᠤᠯᠵᠠᠶ᠃ ᠡᠳ᠋ ᠤᠨ ᠬᠦᠴᠦᠨ ᠤ ᠬᠡᠪᠴᠢᠶᠡᠨ ᠠᠴᠠ ᠳᠠᠪᠠᠵᠤ ᠥᠷᠢ ᠲᠠᠯᠪᠢᠵᠤ ᠣᠶ ᠰᠢᠭᠤᠶ ᠶᠢᠨ ᠦᠢᠯᠡᠳᠪᠦᠷᠢᠯᠡᠯ ᠤᠨ ᠠᠵᠢᠯ ᠢ  ᠦᠷᠨᠢᠭᠦᠯᠬᠦ ᠦᠭᠡᠶ᠂ ᠡᠭᠦᠨ ᠤ ᠬᠠᠮᠲᠤ ᠣᠯᠠᠨ ᠲᠠᠯ᠎ᠠ ᠠᠴᠠ ᠪᠡᠯᠡ ᠮᠥᠩᠭᠦ ᠴᠤᠭᠯᠠᠭᠤᠯᠵᠤ᠂ ᠣᠳᠣ ᠶᠢᠨ ᠪᠠᠶᠢᠭ᠎ᠠ ᠣᠶ ᠰᠢᠭᠤᠶ ᠳᠤ  ᠬᠤᠯᠪᠤᠭᠳᠠᠭᠰᠠᠨ ᠥᠷᠢ ᠰᠢᠷᠢ ᠶᠢ ᠠᠷᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ︵ᠭᠤᠷᠪᠠ︶ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠢᠨᠵᠧᠨᠧᠷᠢᠩ ᠢ ᠨᠠᠷᠢᠨ ᠬᠢᠨᠠᠮᠠᠭᠠᠢ ᠰᠠᠶᠢᠲᠤᠷ ᠬᠡᠷᠡᠭᠵᠢᠭᠦᠯᠦᠨ᠎ᠡ 2019 ᠣᠨ ᠤ ᠰᠢᠨ᠎ᠡ ᠨᠢᠭᠡ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠡᠭᠦᠷᠭᠡ ᠶᠢ 1.64 ᠲᠦᠮᠡᠨ ᠮᠦ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠰᠠᠶᠢᠲᠤᠷ ᠬᠡᠷᠡᠭᠵᠢᠭᠦᠯᠦᠨ᠎ᠡ᠃  2019 ᠣᠨ ᠤ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ 1 ᠲᠦᠮᠡᠨ ᠡᠪᠡᠰᠦ ᠳᠠᠷᠤᠰᠢᠭᠤᠯᠬᠤ ᠫᠧᠩ᠂ 8000 ᠮᠠᠯ ᠤᠨ ᠳᠤᠯᠠᠭᠠᠨ ᠫᠧᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠰᠠᠶᠢᠲᠤᠷ ᠪᠡᠶᠡᠯᠡᠭᠦᠯᠦᠨ᠎ᠡ᠃ ︵ᠳᠥᠷᠪᠡ︶ ᠪᠤᠰᠤᠳ ᠠᠵᠢᠯ ᠢ ᠰᠠᠶᠢᠲᠤᠷ ᠬᠢᠨ᠎ᠡ  ᠪᠠᠶᠢᠭᠤᠯᠭ᠎ᠠ ᠶᠢᠨ ᠳᠣᠲᠣᠭᠠᠳᠤ ᠶᠢᠨ ᠬᠡᠷᠡᠭ ᠶᠠᠪᠤᠳᠠᠯ ᠤᠨ  ᠬᠠᠮᠢᠶᠠᠷᠤᠯᠲᠠ ᠶᠢ ᠰᠠᠶᠢᠲᠤᠷ ᠠᠳᠬᠤᠨ᠎ᠠᠪᠠᠶᠢᠭᠤᠯᠤᠯᠭ᠎ᠠ ᠶᠢᠨ ᠰᠤᠷᠲᠠᠯ ᠤᠨ ᠰᠠᠶᠢᠵᠢᠷᠠᠭᠤᠯᠤᠯᠲᠠ ᠪᠣᠯᠤᠨ ᠤᠶᠢᠯᠡᠴᠢᠯᠡᠭᠡᠨ ᠤ ᠴᠢᠳᠠᠮᠵᠢ ᠶᠢᠨ ᠳᠡᠭᠡᠭᠰᠢᠯᠡᠯᠲᠡ ᠶᠢ ᠠᠬᠢᠭᠤᠯᠵᠤ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠵᠠᠷᠯᠢᠭ ᠴᠠᠭᠠᠵᠠ ᠶᠢ ᠳᠠᠭᠠᠬᠤ᠂ ᠵᠠᠰᠠᠭ ᠤᠨ ᠵᠠᠷᠯᠢᠭ ᠢ ᠰᠠᠭᠠᠳ ᠦᠭᠡᠶ ᠶᠠᠪᠤᠭᠳᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃  ᠵᠠᠬᠢᠳᠠᠯ ᠰᠤᠷᠪᠤᠯᠵᠢᠯᠠᠭ᠎ᠠ ᠪᠠ ᠠᠮᠤᠷ ᠲᠦᠪᠰᠢᠨ ᠲᠣᠭᠲᠠᠭᠤᠨ ᠠᠵᠢᠯ ᠢ ᠦᠨᠡᠨ ᠬᠦ ᠰᠠᠶᠢᠲᠤᠷ ᠬᠢᠵᠦ᠂ ᠠᠮᠤᠷ  ᠲᠦᠪᠰᠢᠨ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠵᠤ ᠶᠡᠷᠦᠩᠬᠡᠶᠢᠯᠡᠨ ᠬᠠᠮᠢᠶᠠᠷᠬᠤ ᠴᠢᠭᠯᠡᠯᠲᠡ ᠨᠢ ᠠᠮᠢ ᠨᠠᠰᠤ ᠶᠢ ᠶᠠᠭᠤᠨ ᠠᠴᠠ ᠴᠤ ᠳᠡᠭᠡᠭᠦᠷ ᠪᠠᠶᠢᠯᠭᠠᠬᠤ ᠣᠶᠢᠯᠠᠭᠠᠭᠳᠠᠬᠤᠨ ᠢ ᠣᠶ ᠰᠢᠭᠤᠶ ᠶᠢᠨ ᠤᠶᠢᠯᠡᠳᠪᠦᠷᠢᠯᠡᠯ ᠡᠵᠡᠩᠨᠡᠯᠲᠡ ᠪᠠ ᠬᠠᠮᠢᠶᠠᠷᠤᠯᠲᠠ ᠳᠤ ᠨᠠᠶᠢᠳᠠᠪᠤᠷᠢᠵᠢᠭᠤᠯᠬᠤ ᠬᠡᠷᠡᠭᠲᠡᠶ᠃  ᠠᠮᠢ ᠠᠬᠤᠶ ᠶᠢᠨ ᠬᠠᠮᠠᠭᠠᠯᠠᠯᠲᠠ ᠶᠢᠨ ᠬᠦᠴᠦᠯᠡᠴᠡ ᠪᠠᠨ ᠴᠢᠩᠭᠠᠳᠬᠠᠵᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠨ᠎ᠠ᠃ ᠣᠶ ᠰᠢᠭᠤᠶ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠬᠢᠯᠪᠠᠷ ᠪᠤᠰᠤ ᠢᠷᠡᠭᠰᠡᠨ ᠠᠮᠢ ᠠᠬᠤᠶ ᠶᠢᠨ ᠪᠦᠲᠦᠭᠡᠨ  ᠪᠠᠶᠢᠭᠤᠯᠤᠯᠲᠠ‌‍ᠶᠢᠨ ᠦᠷ᠎ᠡ ᠪᠦᠲᠦᠭᠡᠯ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠶ᠃  ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ  ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠯ᠎ᠡ ᠵᠦᠢᠯ ᠤᠨ ᠠᠵᠢᠯ ᠪᠠ ᠡᠭᠦᠷᠭᠡ ᠶᠢ ᠨᠠᠷᠢᠨ ᠬᠢᠨᠠᠮᠠᠭᠠᠶ  ᠨᠠᠶᠢᠳᠠᠪᠦᠷᠢᠵᠢᠭᠤᠯᠤᠨ᠎ᠠ᠃  ᠬᠥᠲᠥᠯᠥᠭᠴᠢ᠄ ᠰᠦᠩ ᠲᠣᠪᠴᠢᠶᠠᠨ ᠳᠠᠷᠤᠭ᠎ᠠ ᠶᠢᠨ ᠲᠠᠨᠢᠯᠴᠠᠭᠤᠯᠤᠭᠰᠠᠨ ᠳᠤ ᠪᠠᠶᠠᠷᠯᠠᠯ᠎ᠠ︕ ᠡᠭᠦᠨ ᠤ ᠬᠠᠮᠲᠤ ᠰᠦᠯᠵᠢᠶᠡᠨ ᠢᠷᠭᠡᠳ ᠤᠨ ᠢᠳᠡᠪᠬᠢᠲᠡᠶ ᠣᠷᠣᠯᠴᠠᠯᠭ᠎ᠠ ᠳᠤ ᠴᠤ ᠲᠠᠯᠠᠷᠬᠠᠵᠤ ᠪᠠᠶᠢᠨ᠎ᠠ᠃ ᠨᠠᠶᠢᠵᠠ ᠨᠠᠷ ᠠ᠂ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ᠂ ᠪᠢᠳᠡ ᠳᠠᠷᠠᠭ᠎ᠠ ᠬᠤᠭᠤᠴᠠᠭᠠᠨ ᠳᠤ ᠳᠠᠬᠢᠨ ᠠᠭᠤᠯᠵᠠᠶ᠎ᠠ᠃     ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2