ᠪᠢᠯᠢᠭ ᠤᠨ ᠤᠯᠠᠷᠢᠯ ᠤᠨ ︽ᠠᠷᠪᠠᠨ ᠰᠠᠷ᠎ᠠ ᠶᠢᠨ ᠨᠢᠭᠡᠨ︾ ᠤ ᠲᠠᠬᠢᠯᠭ᠎ᠠ ᠶᠢᠨ ᠬᠤᠭᠤᠴᠠᠭᠠᠨ ᠳᠤ᠂ ᠬᠥᠮᠦᠨ | ᠣᠯᠠᠨ᠂ ᠰᠢᠯᠵᠢᠯᠲᠡ ᠶᠢᠨ ᠴᠢᠨᠠᠷᠲᠠᠶ ᠣᠨᠴᠠᠯᠢᠭ ᠲᠤ ᠴᠢᠭᠯᠡᠭᠦᠯᠦᠨ ᠵᠦᠸᠧᠽᠢ ᠰᠢᠶᠠᠨ ᠤ ᠣᠷᠣᠰᠢᠭᠤᠯᠭ᠎ᠠ ᠶᠢᠨ | ᠣᠷᠳᠣᠨ ᠪᠣᠯᠤᠨ ᠠᠮᠢ ᠠᠬᠤᠶ ᠶᠢᠨ ᠣᠩᠭᠤᠨ ᠤ ᠬᠦᠷᠢᠶᠡᠯᠡᠩ ᠤᠯᠤᠰ ᠲᠥᠷᠥ ᠶᠢᠨ ᠵᠣᠭᠰᠣᠴᠠ ᠪᠠᠨ ᠦᠨᠡᠨᠬᠦ | ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠪᠠ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ | ᠪᠠᠲᠤ ᠪᠠᠬᠢ ᠪᠣᠶ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠷᠣᠰᠢᠭᠤᠯᠭ᠎ᠠ ᠶᠢᠨ | ᠤᠶᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠣᠯᠠᠨ ᠠᠷᠭ᠎ᠠ ᠬᠡᠮᠵᠢᠶ᠎ᠡ | ᠠᠪᠴᠤ ᠪᠠᠶᠢᠭᠠᠳ ᠲᠠᠬᠢᠯᠭ᠎ᠠ ᠶᠢᠨ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ | ᠪᠠᠲᠤᠯᠠᠨ᠎ᠠ᠃ | ᠲᠠᠬᠢᠯᠭ᠎ᠠ ᠶᠢᠨ ᠬᠤᠭᠤᠴᠠᠭᠠᠨ ᠳᠤ᠂ ᠣᠷᠣᠰᠢᠭᠤᠯᠭ᠎ᠠ ᠶᠢᠨ ᠭᠠᠵᠠᠷ ᠤᠨ ᠡᠭᠦᠳᠡᠨ ᠳᠤ ︽ᠲᠠᠬᠢᠯᠭ᠎ᠠ ᠳᠤ ᠮᠡᠳᠡᠬᠦ | ᠬᠡᠷᠡᠭᠲᠡᠶ ᠵᠦᠢᠯ︾ ᠢ ᠨᠠᠭᠠᠭᠰᠠᠨ ᠪᠦᠭᠡᠳ ᠠᠵᠢᠯᠲᠠᠨ ᠲᠣᠮᠢᠯᠠᠨ᠂ ᠪᠦᠬᠦ ᠶᠠᠪᠤᠴᠠ ᠳᠤ ᠠᠮᠠᠪᠴᠢ ᠵᠡᠭᠦᠯᠭᠡᠨ | ᠪᠡᠶ᠎ᠡ ᠶᠢᠨ ᠳᠤᠯᠠᠭᠠᠨ ᠤ ᠬᠡᠮᠵᠢᠯᠲᠡ ᠲᠠᠢ ᠬᠠᠮᠵᠢᠯᠴᠠᠨ᠎ᠠ᠃ ᠡᠷᠦᠬᠡ ᠪᠦᠷᠢ ᠶᠢᠨ ᠭᠡᠷ ᠲᠤ ᠣᠷᠣᠵᠤ ᠱᠦᠭᠦᠷᠳᠡᠬᠦ ᠴᠠᠭ | ᠢ 20 ᠮᠢᠨᠦ᠋ᠲ ᠤᠨ ᠳᠣᠲᠣᠷ᠎ᠠ ᠬᠢᠵᠠᠭᠠᠷᠯᠠᠵᠤ᠂ ᠬᠠᠨᠢᠶᠠᠬᠤ᠂ ᠬᠠᠯᠠᠭᠤᠷᠠᠬᠤ ᠵᠡᠷᠭᠡ ᠡᠪᠡᠳᠴᠢᠨ ᠤ ᠪᠠᠢᠳᠠᠯ ᠲᠠᠢ | ᠬᠢᠵᠢᠭ ᠤᠨ ᠭᠤᠤᠯᠳᠠᠯᠭ᠎ᠠ ᠲᠠᠢ ᠭᠠᠵᠠᠷ ᠣᠷᠣᠨ ᠳᠤ ᠨᠤᠲᠤᠭᠰᠢᠨ ᠰᠠᠭᠤᠭᠰᠠᠨ ᠲᠡᠤᠬᠡ᠂ ᠣᠶᠢᠷᠠᠲᠤᠭᠰᠠᠨ ᠲᠡᠤᠬᠡ᠂ | ᠲᠥᠪᠯᠡᠷᠡᠩᠭᠦᠶ ᠪᠤᠶᠤ ᠭᠡᠷ ᠲᠡᠭᠡᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠭᠡᠳ ᠪᠦᠬᠦᠯᠢ 14 ᠡᠳᠦᠷ | ᠪᠣᠯᠤᠭᠠᠳᠤᠶ ᠪᠠᠶᠢᠪᠠᠯ᠂ ᠣᠷᠳᠣᠨ ᠳᠤ ᠣᠷᠣᠵᠤ ᠪᠣᠯᠬᠤ ᠦᠭᠡᠶ᠃ ᠴᠢᠨᠳᠠᠷ ᠤᠨ ᠣᠷᠣᠨ ᠳᠤ ᠭᠡᠷ ᠳᠣᠲᠣᠷᠠᠬᠢ | ᠬᠥᠮᠦᠰ ᠤᠨ ᠲᠤᠭ᠎ᠠ ᠪᠠ ᠲᠠᠬᠢᠯᠭ᠎ᠠ ᠶᠢᠨ ᠴᠠᠭ ᠢ ᠴᠢᠩᠭ᠎ᠠ ᠬᠢᠵᠠᠭᠠᠷᠯᠠᠵᠤ᠂ ᠤᠬᠠᠮᠰᠠᠷ ᠠᠴᠠ ᠪᠠᠨ ᠮᠥᠷᠯᠡᠨ ᠵᠠᠶ | ᠭᠠᠷᠭᠠᠵᠤ᠂ ᠰᠣᠯᠪᠢᠴᠠᠨ ᠬᠠᠯᠳᠠᠪᠤᠷᠢᠯᠠᠬᠤ ᠠᠴᠠ ᠵᠠᠶᠢᠯᠠᠰᠬᠢᠨ᠎ᠡ᠃ | ᠡᠭᠦᠨ ᠤ ᠳᠤ ᠬᠠᠮᠲᠤ᠂ ᠲᠠᠬᠢᠯᠭ᠎ᠠ ᠶᠢᠨ ᠲᠠᠯᠠᠪᠤᠷ ᠤᠨ ᠠᠮᠤᠷ ᠲᠦᠪᠰᠢᠨ ᠢ ᠪᠠᠲᠤᠯᠠᠬᠤ ᠲᠥᠬᠦᠭᠡᠷᠦᠮᠵᠢ ᠶᠢ | ᠲᠡᠭᠦᠯᠳᠡᠷᠵᠢᠭᠦᠯᠵᠦ᠂ ᠡᠷᠭᠢᠨ ᠲᠣᠭᠤᠷᠢᠨ ᠤ ᠭᠠᠯ ᠰᠡᠷᠭᠡᠶᠢᠯᠡᠬᠦ ᠪᠠ ᠵᠠᠮ ᠬᠠᠷᠢᠯᠴᠠᠭᠠᠨ ᠤ ᠡᠮᠬᠢ ᠳᠢᠭᠯᠢᠮ ᠢ ᠬᠢᠨᠠᠨ | ᠪᠠᠶᠢᠴᠠᠭᠠᠬᠤ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠠᠵᠢᠯ ᠤᠨ ᠲᠠᠯᠠᠪᠤᠷ ᠲᠤ ᠪᠦᠬᠦ ᠲᠠᠯ᠎ᠠ ᠪᠠᠷ ᠠᠷᠢᠭᠤᠳᠬᠠᠨ᠂ | ᠭᠡᠷ ᠳᠣᠲᠣᠷᠠᠬᠢ ᠲᠥᠪᠯᠡᠷᠡᠭᠰᠡᠨ ᠲᠠᠯᠠᠪᠤᠷ ᠤᠨ ᠠᠭᠠᠷ ᠤᠨ ᠨᠡᠪᠲᠡᠷᠡᠬᠦ ᠶᠢ ᠪᠠᠲᠤᠯᠠᠨ᠎ᠠ᠃ ᠪᠣᠯᠪᠠᠰᠤᠨ ᠢᠶᠠᠷ ᠲᠠᠬᠢᠯᠭ᠎ᠠ | ᠬᠢᠬᠦ ᠪᠠ ᠨᠣᠶᠠᠨ ᠣᠷᠭᠢᠯ ᠢᠶᠠᠷ ᠲᠠᠬᠢᠯᠭ᠎ᠠ ᠬᠢᠬᠦ ᠶᠢ ᠶᠡᠭᠡ ᠪᠠᠷ ᠰᠠᠨᠠᠭᠠᠴᠢᠯᠠᠵᠤ᠂ ᠪᠣᠯᠪᠠᠰᠤᠨ ᠢᠶᠠᠷ ᠠᠮᠤᠷ | ᠲᠦᠪᠰᠢᠨ ᠢᠶᠠᠷ ᠲᠠᠬᠢᠯᠭ᠎ᠠ ᠬᠢᠬᠦ ᠰᠢᠨ᠎ᠡ ᠬᠡᠪ ᠰᠤᠷᠲᠠᠯ ᠢ ᠰᠠᠨᠠᠭᠠᠴᠢᠯᠠᠨ᠎ᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |