ᠵᠦᠸᠧ ᠶᠤᠸᠠᠨ ᠶᠠᠳᠠᠭᠤ ᠶᠢ ᠲᠡᠳᠬᠦᠬᠦ ᠭᠡᠷᠡᠯ ᠸᠣᠯᠲ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠤᠶᠠᠳᠤᠭᠠᠷ ᠬᠤᠭᠤᠴᠠᠭᠠᠨ ᠤ ᠬᠡᠷᠡᠭ ᠮᠡᠳᠡᠭᠴᠢ ᠶᠢᠨ ᠬᠤᠷᠠᠯ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2020/12/7
    11 ᠰᠠᠷ᠎ᠠ ᠶᠢᠨ 24 ᠤ ᠡᠳᠦᠷ ᠤᠨ ᠦᠳᠡ ᠬᠤᠶᠢᠨ᠎ᠠ᠂ ᠥᠪᠥᠷ ᠮᠣᠩᠭᠤᠯ ᠤᠨ ᠵᠦᠸᠧᠽᠢ ᠰᠢᠶᠠᠨ ᠤ ᠵᠦᠸᠧ ᠶᠤᠸᠠᠨ ᠶᠠᠳᠠᠭᠤ ᠶᠢ ᠲᠡᠳᠬᠦᠬᠦ ᠬᠡᠷᠡᠯ ᠸᠣᠯᠲ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠬᠤᠶᠠᠳᠤᠭᠠᠷ ᠬᠤᠭᠤᠴᠠᠭᠠᠨ ᠤ ᠬᠡᠷᠡᠭ ᠮᠡᠳᠡᠭᠴᠢ ᠶᠢᠨ ᠬᠤᠷᠠᠯ ᠬᠤᠷᠠᠯᠳᠤᠭᠤᠯᠵᠤ᠂ ᠰᠢᠶᠡᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠸᠧᠨ ᠺᠦᠶ ᠤᠷᠢᠯᠭ᠎ᠠ ᠪᠠᠷ ᠬᠤᠷᠠᠯ ᠳᠤ ᠣᠷᠣᠯᠴᠠᠭᠰᠠᠨ ᠪᠥᠭᠡᠳ ᠬᠤᠷᠠᠯ ᠡᠷᠬᠢᠯᠡᠪᠡ᠃ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ ᠤᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠺᠣᠮᠫᠠᠨᠢ ᠶᠢᠨ ᠠᠩᠬᠠᠳᠤᠭᠠᠷ ᠬᠤᠭᠤᠴᠠᠭᠠᠨ ᠤ ᠪᠠ ᠬᠤᠶᠠᠳᠤᠭᠠᠷ ᠬᠤᠭᠤᠴᠠᠭᠠᠨ ᠤ ᠬᠡᠷᠡᠭ ᠮᠡᠳᠡᠭᠴᠢᠳ  ᠤᠨ ᠵᠥᠪᠯᠡᠯ᠂ ᠬᠢᠨᠠᠭᠴᠢᠳ ᠤᠨ ᠵᠥᠪᠯᠡᠯ ᠤᠨ ᠪᠦᠬᠦ ᠪᠦᠷᠢᠯᠳᠦᠬᠦᠨ ᠬᠤᠷᠠᠯ ᠳᠤ ᠣᠷᠣᠯᠴᠠᠪᠠ᠃
   ᠬᠤᠷᠠᠯ ᠠᠴᠠ ᠵᠦᠸᠧ ᠶᠤᠸᠠᠨ ᠤ ᠶᠠᠳᠠᠭᠤ ᠶᠢ ᠲᠡᠳᠬᠦᠬᠦ ᠭᠡᠷᠡᠯ ᠡᠨᠧᠷᠭᠢ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠦ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠪᠥᠭᠡᠳ ᠶᠡᠷᠦᠩᠬᠡᠶ ᠳᠠᠭᠠᠭᠠᠮᠠᠯ ᠵᠠᠩ ᠴᠢᠤᠸᠠᠨ ᠱᠧᠩ ᠤ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠴᠠᠶ᠃ ᠺᠣᠮᠫᠠᠨᠢ ᠶᠢᠨ ᠡᠵᠡᠩᠨᠡᠯᠲᠡ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂  ᠬᠤᠶᠠᠳᠤᠭᠠᠷ ᠬᠤᠭᠤᠴᠠᠭᠠᠨ ᠤ ᠬᠡᠷᠡᠭ ᠮᠡᠳᠡᠭᠴᠢᠳ ᠤᠨ ᠵᠥᠪᠯᠡᠯ᠂ ᠬᠢᠨᠠᠭᠴᠢᠳ ᠤᠨ ᠵᠥᠪᠯᠡᠯ ᠤᠨ ᠪᠦᠷᠢᠯᠳᠦᠬᠦᠨ ᠤ ᠨᠡᠷᠡᠰ ᠢ  ᠤᠩᠰᠢᠨ ᠮᠡᠳᠡᠭᠦᠯᠪᠡ᠃    ᠵᠠᠩ ᠸᠧᠨ ᠺᠦᠶ ᠳᠡᠳ᠋ ᠰᠢᠶᠠᠨ ᠤ ᠳᠠᠷᠤᠭ᠎ᠠ ᠶᠠᠷᠢᠶ᠎ᠠ ᠲᠠᠯᠪᠢᠬᠤ ᠲᠠᠭᠠᠨ ᠵᠢᠭᠠᠵᠤ ᠭᠠᠷᠭᠠᠭᠰᠠᠨ ᠨᠢ᠂ ᠵᠦᠸᠧ ᠶᠤᠸᠠᠨ ᠤ ᠶᠠᠳᠠᠭᠤ ᠶᠢ ᠲᠡᠳᠬᠦᠬᠦ ᠭᠡᠷᠡᠯ ᠸᠣᠯᠲ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠤᠮᠫᠠᠨᠢ ᠪᠠᠶᠢᠭᠤᠯᠤᠭᠳᠠᠭᠰᠠᠨ ᠠᠴᠠ ᠨᠠᠰᠢ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠭᠡᠷᠡᠯ ᠸᠣᠯᠲ ᠢᠶᠠᠷ ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠡᠷᠡᠯ ᠸᠣᠯᠲ ᠤᠨ ᠴᠠᠬᠢᠯᠭᠠᠨ ᠥᠷᠲᠡᠭᠡ ᠶᠢ ᠮᠡᠳᠡᠭᠦᠯᠬᠦ᠂ ᠪᠦᠲᠦᠭᠡᠨ ᠪᠠᠶᠢᠭᠤᠯᠬᠤ᠂ ᠡᠵᠡᠩᠨᠡᠬᠦ᠂ ᠬᠠᠮᠢᠶᠠᠷᠬᠤ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠺᠣᠮᠫᠠᠨᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠠᠯᠬᠤᠮ ᠠᠯᠬᠤᠮ ᠢᠶᠠᠷ ᠳᠡᠭᠡᠭᠰᠢᠯᠡᠵᠦ᠂ ᠴᠠᠬᠢᠯᠭᠠᠨ ᠥᠷᠲᠡᠭᠡ ᠶᠢᠨ ᠡᠵᠡᠩᠨᠡᠯᠲᠡ ᠶᠢᠨ ᠠᠰᠢᠭ ᠣᠷᠣᠯᠭ᠎ᠠ ᠲᠣᠭᠲᠠᠭᠤᠨ ᠢᠶᠠᠷ ᠳᠡᠭᠡᠭᠰᠢᠯᠡᠵᠡᠶ᠃ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ᠂ ᠪᠥᠬᠦ ᠰᠢᠶᠠᠨ ᠤ ᠶᠠᠳᠠᠭᠤ ᠠᠴᠠ  ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠬᠦ ᠳᠤ ᠴᠢᠬᠤᠯᠠ ᠦᠢᠯᠡᠳᠦᠯ ᠦᠵᠡᠭᠦᠯᠪᠡ᠃ ᠲᠡᠷᠡ ᠵᠦᠸᠧ ᠶᠤᠸᠠᠨ ᠤ ᠶᠠᠳᠠᠭᠤ ᠶᠢ ᠲᠡᠳᠬᠦᠬᠦ ᠭᠡᠷᠡᠯ ᠸᠣᠯᠲ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠤᠮᠫᠠᠨᠢ ᠶᠢᠨ ᠰᠢᠨ᠎ᠡ ᠰᠡᠳᠬᠢᠮᠵᠢ ᠶᠢ ᠡᠭᠦᠳᠴᠦ ᠦᠨᠡᠨ ᠪᠣᠳᠠᠲᠠᠶ ᠠᠵᠢᠯᠯᠠᠵᠠᠶ᠃ ᠠᠵᠤ ᠠᠬᠤᠶᠢᠯᠠᠯ ᠤᠨ ᠬᠠᠮᠢᠶᠠᠷᠤᠯᠲᠠ ᠶᠢ ᠲᠠᠰᠤᠷᠠᠯᠲᠠ ᠤᠢᠭᠡᠢ ᠴᠢᠩᠭᠠᠳᠬᠠᠵᠤ᠂ ᠠᠵᠢᠯ ᠤᠨ ᠲᠣᠭᠲᠠᠴᠠ ᠶᠢ  ᠲᠡᠭᠦᠯᠳᠡᠷᠵᠢᠭᠦᠯᠵᠦ᠂ ᠥᠮᠴᠢᠯᠡᠬᠦ ᠡᠷᠬᠡ ᠨᠢ ᠲᠣᠳᠣᠷᠬᠠᠶ᠂ ᠠᠵᠢᠯᠯᠠᠭᠤᠯᠵᠤ ᠬᠠᠮᠠᠭᠠᠯᠠᠬᠤ ᠨᠢ ᠥᠨᠳᠥᠷ ᠪᠦᠲᠦᠮᠵᠢᠲᠡᠶ᠂ ᠬᠢᠨᠠᠨ ᠬᠠᠮᠢᠶᠠᠷᠤᠯᠲᠠ ᠨᠢ ᠪᠣᠳᠠᠲᠠᠶᠢᠵᠢᠭᠰᠠᠨ ᠬᠠᠮᠢᠶᠠᠷᠤᠯᠲᠠ ᠶᠢᠨ ᠲᠣᠭᠲᠠᠯᠴᠠᠭ᠎ᠠ ᠪᠠ ᠠᠵᠢᠯᠯᠠᠭᠠᠨ ᠤ ᠲᠣᠭᠲᠠᠯᠴᠠᠭ᠎ᠠ ᠶᠢ ᠬᠦᠴᠦᠯᠡᠨ ᠪᠠᠶᠢᠭᠤᠯᠵᠤ᠂ ᠭᠡᠷᠡᠯ ᠢᠶᠠᠷ ᠶᠠᠳᠠᠭᠤ ᠶᠢ ᠲᠡᠳᠬᠦᠬᠦ ᠴᠠᠬᠢᠯᠭᠠᠨ ᠰᠲ᠋ᠠᠨᠼᠢ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠬᠤ ᠶᠢ ᠪᠠᠲᠤᠯᠠᠨ᠎ᠠ᠃ ᠪᠥᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠢᠯᠡᠰ ᠪᠣᠯᠤᠨ ᠬᠥᠳᠡᠭᠡ ᠲᠣᠰᠬᠤᠨ ᠢ  ᠬᠦᠭᠵᠢᠭᠦᠯᠦᠨ ᠮᠠᠨᠳᠤᠭᠤᠯᠬᠤ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠶ᠃            ᠨᠠᠶᠢᠷᠠᠭᠤᠯᠤᠭᠴᠢ ᠤᠷᠴᠢᠭᠤᠯᠤᠭᠴᠢ  ᠪᠠᠶᠠᠨᠪᠠᠲᠦ    
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2