ᠵᠦᠸᠧᠽᠢ ᠰᠢᠶᠠᠨ ᠤ ᠬᠥᠳᠡᠭᠡ ᠲᠣᠰᠬᠤᠨ ᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2020/12/7
   ᠠᠷᠪᠠᠨ ᠭᠤᠷᠪᠠᠳᠤᠭᠠᠷ ᠲᠠᠪᠤᠨ ᠵᠢᠯ ᠤᠨ ᠲᠤᠷᠰᠢ᠂ ᠵᠦᠸᠧᠽᠢ ᠰᠢᠶᠠᠨ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠣᠯᠬᠤ ᠲᠤᠬᠠᠶ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠢᠳᠠᠪᠤᠷᠢᠵᠢᠭᠤᠯᠬᠤ᠂ ︽ᠬᠤᠶᠠᠷ ᠲᠤ ᠵᠣᠪᠠᠭ᠋ᠤ ᠦᠭᠡᠶ᠂ ᠭᠤᠷᠪᠠ ᠶᠢ ᠪᠠᠲᠤᠯᠠᠬᠤ︾ ᠬᠠᠷᠠᠯᠲᠠ ᠡᠭᠦᠷᠭᠡ ᠶᠢᠨ ᠳᠤᠮᠳᠠᠬᠢ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠲᠣᠭᠤᠷᠢᠨ ᠳᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ  ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠣᠯᠬᠤ ᠳᠤ ᠴᠢᠩᠭ᠎ᠠ ᠬᠦᠴᠦᠲᠡᠶ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠬᠠᠩᠭᠠᠪᠠ᠃    2020 ᠣᠨ ᠤ 11 ᠰᠠᠷ᠎ᠠ ᠶᠢᠨ ᠳᠤᠮᠳᠠᠴᠢ ᠪᠣᠯᠲᠠᠯ᠎ᠠ᠂ ᠪᠥᠬᠦ ᠰᠢᠶᠠᠨ ᠳᠤ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ 16602 ᠡᠷᠦᠬᠡ ᠥᠭᠡᠷᠡᠴᠢᠯᠡᠨ ᠵᠠᠰᠠᠵᠤ᠂ 2.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠡᠭᠦᠨ ᠳᠤ᠂ ᠲᠠᠩᠰᠠ ᠪᠠ  ᠺᠠᠷᠲᠠᠯᠠᠭᠰᠠᠨ ᠶᠠᠳᠠᠭᠤ ᠬᠦᠴᠢᠷᠳᠡᠯᠲᠡᠶ ᠡᠷᠦᠬᠡ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠬᠦᠳᠡᠭᠡ ᠲᠣᠰᠬᠤᠨ ᠤ ᠲᠠᠷᠠᠬᠠᠶ ᠪᠤᠲᠠᠷᠬᠠᠶ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ ᠬᠥᠮᠦᠰ ᠪᠠ ᠶᠠᠳᠠᠭᠤ ᠬᠦᠴᠢᠷᠳᠡᠯᠲᠡᠶ ᠵᠡᠮᠳᠡᠭᠴᠦᠳ ᠤᠨ ᠭᠡᠷ ᠪᠦᠯᠢ ᠶᠢᠨ 4 ᠲᠥᠷᠥᠯ ᠤᠨ ᠭᠤᠤᠯᠳᠠᠯᠭ᠎ᠠ ᠲᠠᠢ ᠡᠲᠡᠭᠡᠳ ᠲᠤ 14326 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 4 ᠲᠥᠷᠥᠯ ᠤᠨ ᠪᠤᠰᠤ ᠭᠤᠤᠯᠳᠠᠯᠭ᠎ᠠ ᠲᠠᠢ 2276 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠬᠡᠷᠡᠭᠵᠢᠭᠦᠯᠦᠨ᠎ᠡ᠃            ᠨᠠᠶᠢᠷᠠᠭᠤᠯᠤᠭᠴᠢ ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2