ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠵᠤ ᠵᠠᠰᠠᠭ ᠵᠠᠬᠢᠷᠭᠠᠨ ᠤ ᠡᠷᠬᠡ ᠶᠢᠨ ᠬᠠᠤᠯᠢ ᠪᠠᠷᠢᠬᠤ ᠬᠢᠵᠠᠭᠠᠷᠯᠠᠯ ᠬᠢᠨᠠᠯᠲᠠ ᠶᠢ ᠢᠳᠡᠪᠬᠢᠲᠡᠶ ᠬᠦᠯᠢᠶᠡᠯᠭᠡᠬᠦ ᠬᠡᠷᠡᠭᠲᠡᠶ
ᠨᠡᠶᠢᠲᠡᠯᠡᠭᠰᠡᠨ ᠴᠠᠭ᠄
2020/12/7
    2020 ᠣᠨ ᠤ 11 ᠳ᠋ᠦᠭᠡᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ  ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠪᠤᠭᠤᠲᠤ ᠬᠤᠲᠠ ᠶᠢᠨ ᠵᠢᠦᠶᠤᠸᠠᠨ ᠲᠣᠭᠤᠷᠢᠭ ᠤᠨ ᠰᠠᠭᠤᠭᠠᠯᠢ ᠠᠷᠠᠳ ᠭᠤᠤ ᠤᠤᠢ ᠶᠢᠨ ᠳᠤᠷᠠᠳᠤᠭᠰᠠᠨ ᠳᠡᠭᠡᠭᠰᠢ ᠵᠠᠭᠠᠯᠳᠤᠬᠤ ᠭᠤᠶᠤᠴᠢᠯᠠᠯ ᠢ ᠢᠯᠡ ᠪᠠᠷ ᠰᠢᠭᠦᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠠᠷᠭᠤ ᠬᠦᠯᠢᠶᠡᠬᠦ ᠲᠣᠭᠲᠠᠭᠠᠯ︾᠂ ︽ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠲᠤᠬᠠᠶ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ᠵᠢᠴᠢ ᠠᠷᠠᠳ ᠤᠨ ᠰᠢᠭᠦᠬᠦ ᠬᠤᠷᠢᠶ᠎ᠠ ᠶᠢᠨ ᠵᠠᠰᠠᠭ ᠵᠠᠬᠢᠷᠭᠠᠨ ᠤ ᠬᠡᠷᠡᠭ ᠢ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ ᠶᠢ ᠳᠡᠮᠵᠢᠬᠦ ᠲᠤᠬᠠᠶ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠭᠤᠳᠠᠬᠤ ᠪᠢᠴᠢᠭ ᠢ  ᠤᠯᠤᠭᠰᠠᠨ ᠤ ᠳᠠᠷᠠᠭ᠎ᠠ ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ  ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠶᠢᠩ ᠴᠠᠭ ᠲᠤᠬᠠᠶ ᠳᠤᠨᠢ ᠵᠠᠰᠠᠭ ᠤᠨ ᠣᠷᠳᠣᠨ ᠤ ᠨᠠᠮ ᠤᠨ  ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠵᠦ᠂ ᠬᠡᠷᠡᠭ ᠤᠨ ᠮᠡᠳᠡᠭᠦᠯᠦᠯᠲᠡ ᠶᠢ ᠰᠣᠨᠣᠰᠴᠠᠶ᠃ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠠᠩ  ᠸᠠᠨ ᠺᠦᠶ ᠰᠢᠶᠠᠨ ᠤ ᠳᠡᠳ᠋ ᠳᠠᠷᠤᠭ᠎ᠠ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠪᠠᠷ ᠲᠣᠭᠲᠠᠪᠠ᠃    11 ᠰᠠᠷ᠎ᠠ ᠶᠢᠨ 20 ᠤ ᠦᠳᠡ ᠬᠤᠶᠢᠨ᠎ᠠ᠂ ᠵᠠᠩ ᠸᠠᠨ ᠺᠦᠶ ᠰᠢᠶᠠᠨ ᠤ ᠳᠡᠳ᠋ ᠳᠠᠷᠤᠭ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠴᠤᠭᠯᠠᠭᠤᠯᠵᠤ᠂ ᠬᠡᠷᠡᠭ ᠤᠨ ᠪᠠᠶᠢᠳᠠᠯ ᠢ ᠨᠠᠷᠢᠨ ᠣᠶᠢᠯᠠᠭᠠᠵᠤ᠂ 23 ᠤ ᠡᠳᠦᠷ ᠤᠨ ᠦᠳᠡ ᠶᠢᠨ ᠬᠤᠶᠢᠨ᠎ᠠ ᠥᠪᠡᠷᠲᠡᠭᠡᠨ ᠵᠠᠰᠠᠬᠤ ᠤᠷᠤᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠳᠤ ᠴᠠᠭ ᠲᠠᠭᠠᠨ ᠲᠢᠩᠬᠢᠮ ᠤᠨ ᠰᠢᠭᠦᠯᠲᠡ ᠳᠤ ᠣᠷᠣᠯᠴᠠᠪᠠ᠃ ᠲᠢᠩᠬᠢᠮ ᠤᠨ ᠰᠢᠭᠦᠯᠲᠡ ᠶᠢᠨ ᠠᠬᠤᠶ ᠲᠠᠯᠠᠪᠠᠶ ᠳᠤ ᠵᠠᠩ ᠸᠧᠨ ᠺᠦᠶ ᠳᠡᠳ᠋ ᠰᠢᠶᠠᠨ ᠤ ᠳᠠᠷᠤᠭ᠎ᠠ ᠲᠢᠩᠬᠢᠮ ᠤᠨ ᠰᠢᠭᠦᠯᠲᠡ ᠶᠢᠨ ᠪᠦᠬᠦ ᠶᠠᠪᠤᠴᠠ ᠶᠢ ᠨᠠᠷᠢᠨ ᠬᠢᠨᠠᠮᠠᠭᠠᠶ ᠰᠣᠨᠣᠰᠴᠠᠶ᠃ ᠪᠠᠰᠠ ᠰᠢᠭᠦᠨ ᠲᠠᠰᠤᠯᠬᠤ ᠳᠠᠷᠤᠭ᠎ᠠ ᠶᠢᠨ ᠠᠰᠠᠭᠤᠯᠲᠠ ᠶᠢ ᠬᠠᠷᠢᠭᠤᠯᠵᠤ᠂ ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠰᠢᠭᠦᠨ ᠲᠠᠰᠤᠯᠬᠤ ᠳᠠᠷᠤᠭ᠎ᠠ ᠶᠢᠨ ᠰᠢᠭᠦᠨ ᠲᠠᠰᠤᠯᠤᠯᠲᠠ ᠶᠢ  ᠬᠦᠨᠳᠦᠳᠬᠡᠵᠦ᠂ ᠠᠷᠠᠳ ᠤᠨ ᠰᠢᠭᠦᠬᠦ ᠬᠤᠷᠢᠶᠠᠨ ᠤ ᠬᠦᠴᠦᠨ ᠲᠠᠢ ᠪᠣᠯᠤᠭᠰᠠᠨ ᠰᠢᠭᠦᠨ ᠲᠠᠰᠤᠯᠤᠯᠲᠠ ᠶᠢ ᠴᠢᠩᠭ᠎ᠠ ᠣᠪᠣᠷ ᠢ ᠬᠠᠷᠠᠭᠤᠯᠵᠤ  ᠂ ᠲᠢᠩᠬᠢᠮ ᠤᠨ ᠰᠢᠭᠦᠯᠲᠡ ᠳᠠᠭᠤᠰᠤᠭᠰᠠᠨ ᠤ ᠳᠠᠷᠠᠭ᠎ᠠ᠂ ᠰᠢᠭᠦᠨ ᠲᠠᠰᠤᠯᠬᠤ ᠳᠠᠷᠤᠭ᠎ᠠ ᠶᠢᠨ ᠳᠤᠷᠠᠳᠤᠭᠰᠠᠨ  ᠡᠶᠡᠳᠡᠭᠦᠯᠭᠡ ᠶᠢᠨ ᠰᠠᠨᠠᠭᠤᠯᠭ᠎ᠠ ᠳᠤ ᠴᠢᠭᠯᠡᠭᠦᠯᠦᠨ᠂ ᠵᠠᠩ ᠸᠠᠨ ᠺᠦᠶ ᠰᠢᠶᠠᠨ ᠤ ᠳᠡᠳ᠋ ᠳᠠᠷᠤᠭ᠎ᠠ ᠮᠠᠨ ᠤ ᠰᠢᠶᠠᠨ ᠤ ᠡᠶᠢᠮᠦᠷᠬᠦ ᠠᠰᠠᠭᠤᠳᠠᠯ ᠢ  ᠰᠢᠢᠳᠪᠦᠷᠢᠯᠡᠬᠦ ᠲᠠᠯ᠎ᠠ ᠪᠠᠷ ᠨᠡᠯᠢᠶᠡᠳ ᠠᠮᠵᠢᠯᠲᠠ ᠲᠠᠢ  ᠰᠢᠢᠳᠪᠦᠷᠢᠯᠡᠬᠦ ᠠᠷᠭ᠎ᠠ ᠵᠢᠴᠢ ᠨᠡᠶᠢᠭᠡᠮ ᠤᠨ ᠵᠥᠷᠢᠴᠡᠯ ᠢ ᠠᠷᠢᠯᠭᠠᠬᠤ ᠲᠤᠬᠠᠶ ᠮᠠᠨ ᠤ ᠰᠢᠶᠠᠨ ᠤ ᠢᠳᠡᠪᠬᠢᠲᠡᠶ ᠣᠪᠣᠷ ᠢ ᠨᠠᠷᠢᠨ ᠲᠠᠨᠢᠯᠴᠠᠭᠤᠯᠪᠠ᠃            ᠨᠠᠶᠢᠷᠠᠭᠤᠯᠤᠭᠴᠢ ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2