ᠵᠦᠸᠧᠽᠢ ᠰᠢᠶᠠᠨ ᠳᠤ ᠰᠤᠶᠢᠳᠬᠡᠯ ᠬᠤᠷᠢᠶᠠᠬᠤ ᠦᠭᠡᠶ ᠪᠠᠷ ᠪᠥᠬᠦ ᠰᠢᠶᠠᠨ ᠤ ᠨᠠᠰᠤᠲᠠᠨ ᠢ ᠠᠰᠠᠷᠠᠬᠤ ᠬᠦᠷᠢᠶᠡᠯᠡᠩ ᠤᠨ ᠠᠷᠠᠳ ᠪᠠ ᠠᠵᠢᠯᠲᠠᠨ ᠳᠤ ᠴᠥᠮ᠎ᠡ ᠶᠢᠨ ᠬᠦᠴᠢᠯ ᠤᠨ ᠪᠠᠶᠢᠴᠠᠭᠠᠯᠲᠠ ᠬᠢᠵᠦ ᠥᠭᠭᠦᠨ᠎ᠡ
ᠨᠡᠶᠢᠲᠡᠯᠡᠭᠰᠡᠨ ᠴᠠᠭ᠄
2020/12/7
    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠵᠦ᠂ ᠪᠠᠶᠢᠴᠠᠭᠠᠨ ᠰᠢᠯᠭᠠᠬᠤ ᠪᠠ ᠵᠢᠭᠰᠠᠭᠠᠨ ᠪᠠᠶᠢᠴᠠᠭᠠᠬᠤ ᠡᠷᠴᠢᠮ ᠢ ᠴᠢᠩᠭᠠᠷᠠᠭᠤᠯᠬᠤ ᠶᠢᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠦᠲᠦᠮᠵᠢᠲᠡᠶ ᠴᠢᠨᠠᠷ ᠪᠣᠯᠤᠨ ᠴᠠᠭ ᠲᠤᠬᠠᠶ ᠶᠢᠨ  ᠴᠢᠨᠠᠷ ᠢ ᠪᠠᠲᠤᠯᠠᠵᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠪᠤᠶ ᠪᠦᠬᠦᠢ ᠬᠥᠮᠦᠰ ᠤᠨ ᠪᠡᠶ᠎ᠡ ᠶᠢᠨ ᠡᠷᠡᠭᠦᠯ ᠮᠡᠨᠳᠦ ᠪᠣᠯᠤᠨ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠵᠠᠶ᠃ 11 ᠰᠠᠷ᠎ᠠ ᠶᠢᠨ 26 ᠤ ᠡᠳᠦᠷ᠂ ᠵᠦᠸᠧᠽᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠲᠤᠷᠠᠭᠰᠠᠨ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠨᠢ ᠪᠥᠬᠦ ᠰᠢᠶᠠᠨ ᠤ 3 ᠨᠠᠰᠤᠲᠠᠨ ᠢ ᠠᠰᠠᠷᠠᠬᠤ ᠬᠦᠷᠢᠶᠡᠯᠡᠩ ᠤᠨ 179 ᠨᠡᠷᠡᠰ ᠠᠷᠠᠳ ᠪᠣᠯᠤᠨ 39 ᠨᠡᠷᠡᠰ ᠠᠵᠢᠯᠲᠠᠨ ᠳᠤ ᠴᠥᠮ᠎ᠡ ᠶᠢᠨ ᠬᠦᠴᠢᠯ ᠤᠨ ᠪᠠᠶᠢᠴᠠᠭᠠᠯᠲᠠ ᠬᠢᠵᠡᠶ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠢᠴᠢ ᠬᠦᠨᠳᠦ ᠡᠪᠡᠳᠴᠢᠯᠡᠭᠡᠳ ᠳᠡᠶᠢᠯᠬᠦ ᠦᠭᠡᠶ ᠨᠠᠰᠤᠲᠠᠨ᠂  ᠠᠵᠢᠯᠯᠠᠭ᠎ᠠ ᠳᠥᠭᠦᠮ ᠦᠭᠡᠢ ᠨᠠᠰᠤᠲᠠᠨ ᠳᠤ ᠮᠠᠰᠢ ᠶᠡᠭᠡ ᠳᠥᠭᠦᠮ ᠦᠵᠡᠭᠦᠯᠵᠦ᠂ ᠮᠠᠨ ᠤ ᠰᠢᠶᠠᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠪᠠ᠃            ᠨᠠᠶᠢᠷᠠᠭᠤᠯᠤᠭᠴᠢ ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2