ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠵᠥᠪᠯᠡᠯ | ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠤᠶᠢᠯᠡᠰ ᠤᠨ ᠨᠢᠭᠡᠴᠢ ᠳᠤ᠄ | ᠮᠠᠨ ᠤ ᠰᠢᠶᠠᠨ ᠤ ᠳᠣᠯᠣᠳᠤᠭᠠᠷ ᠤᠳᠠᠭᠠᠨ ᠤ ᠪᠦᠬᠦ ᠤᠯᠤᠰ ᠠᠴᠠ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ︽ᠳᠣᠯᠣᠳᠤᠭᠠᠷ ᠤᠳᠠᠭᠠᠨ ᠤ ᠪᠦᠬᠦ ᠤᠯᠤᠰ ᠤᠨ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠤᠯᠠᠭᠠᠨᠴᠠᠪ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠤᠯᠠᠭᠠᠨᠴᠠᠪ ᠵᠠᠰᠠᠭ ᠲᠠᠷᠬᠠᠭᠰᠠᠨ︹2020 ︺ 7 ᠳ᠋ᠤᠭᠠᠷ | ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ | ᠤᠴᠢᠷ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠬᠤ | ᠬᠡᠷᠡᠭᠲᠡᠶ | ᠳᠣᠯᠣᠳᠤᠭᠠᠷ ᠤᠳᠠᠭᠠᠨ ᠤ ᠪᠦᠬᠦ ᠤᠯᠤᠰ ᠶᠢᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠳᠤᠮᠳᠠᠳᠤ | ᠤᠯᠤᠰ ᠶᠢᠨ ᠣᠨᠴᠠᠯᠢᠭ ᠪᠦᠬᠦᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠤᠷᠤᠭᠰᠠᠨ ᠨᠢᠭᠡᠨ ᠴᠢᠬᠤᠯᠠ ᠶᠡᠭᠡ | ᠤᠯᠤᠰ ᠶᠢᠨ ᠪᠠᠶᠢᠳᠠᠯ ᠤᠯᠤᠰ ᠶᠢᠨ ᠬᠦᠴᠦᠨ ᠤ ᠪᠠᠶᠢᠴᠠᠭᠠᠯᠲᠠ ᠪᠣᠯᠤᠨ᠎ᠠ᠃ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠪᠠᠷ ᠳᠠᠮᠵᠢᠨ᠂ ᠮᠠᠨ ᠤ ᠰᠢᠶᠠᠨ ᠤ ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠰᠢ ᠶᠢᠨ ᠣᠨᠴᠠᠯᠢᠭ | ᠰᠢᠨᠵᠢ ᠶᠢ ᠲᠣᠳᠣᠷᠬᠠᠶ ᠤᠶᠢᠯᠭᠠᠵᠤ᠂ ᠪᠥᠬᠦ ᠰᠢᠶᠠᠨ ᠤ ᠬᠥᠮᠦᠨ ᠠᠮᠠ ᠶᠢᠨ ᠲᠤᠭ᠎ᠠ ᠬᠡᠮᠵᠢᠶ᠎ᠡ᠂ ᠪᠦᠲᠦᠴᠡ᠂ | ᠲᠠᠷᠬᠠᠯᠲᠠ᠂ ᠬᠤᠲᠠ ᠬᠥᠳᠡᠭᠡ ᠶᠢᠨ ᠣᠷᠣᠨ ᠰᠠᠭᠤᠴᠠ ᠵᠡᠷᠭᠡ ᠲᠠᠯ᠎ᠠ ᠶᠢᠨ ᠪᠠᠶᠢᠳᠠᠯ ᠢ ᠪᠠᠶᠢᠴᠠᠭᠠᠨ ᠲᠣᠳᠣᠯᠠᠵᠤ | ᠴᠢᠳᠠᠨ᠎ᠠ᠃ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠤᠨ ᠲᠥᠷᠥ ᠶᠢᠨ ᠪᠣᠳᠣᠯᠭ᠎ᠠ ᠶᠢᠨ | ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠂ ᠬᠥᠮᠦᠨ ᠠᠮᠠ ᠶᠢᠨ ᠤᠷᠲᠤ ᠬᠤᠭᠤᠴᠠᠭᠠᠨ ᠤ | ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ᠂ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ | ᠬᠥᠭᠵᠢᠯᠲᠡ ᠶᠢᠨ ᠲᠦᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠣᠨᠣᠪᠴᠢᠲᠠᠶ ᠪᠥᠭᠡᠳ ᠬᠦᠴᠦᠲᠡᠶ ᠲᠤᠭ᠎ᠠ | ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ | ᠮᠥᠴᠢᠷ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ | ᠳᠡᠭᠡᠲᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠮᠠᠨ ᠤ ᠰᠢᠶᠠᠨ ᠤ ᠳᠣᠯᠣᠳᠤᠭᠠᠷ ᠤᠳᠠᠭᠠᠨ ᠤ ᠪᠦᠬᠦ ᠤᠯᠤᠰ ᠶᠢᠨ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ | ᠬᠤᠶᠠᠷ᠂ ᠨᠡᠶᠢᠳᠡᠮ ᠪᠠᠶᠢᠴᠠᠭᠠᠯᠲᠠ ᠬᠢᠬᠦ ᠡᠲᠡᠭᠡᠳ᠂ ᠠᠭᠤᠯᠠᠨ᠎ᠠ ᠪᠣᠯᠤᠨ ᠴᠠᠭ ᠬᠤᠭᠤᠴᠠᠭ᠎ᠠ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠣᠯ | ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠴᠠᠭ ᠲᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠢᠯᠢ ᠶᠢᠨ ᠳᠣᠲᠣᠷ᠎ᠠ ᠪᠠᠶᠢᠭ᠎ᠠ ᠪᠠᠶᠢᠭᠠᠯᠢ ᠬᠥᠮᠦᠨ ᠵᠢᠴᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠢᠯᠢ ᠶᠢᠨ ᠭᠠᠳᠠᠨ᠎ᠠ ᠪᠠᠶᠢᠪᠠᠴᠤ ᠰᠠᠭᠤᠷᠢᠰᠢᠭ᠎ᠠ ᠦᠭᠡᠶ ᠳᠤᠮᠳᠠᠳᠤ ᠤᠯᠤᠰ ᠤᠨ ᠠᠷᠠᠳ ᠢᠷᠭᠡᠨ ᠪᠣᠯᠤᠨ᠎ᠠ᠃ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠣᠬᠤᠷ ᠬᠤᠭᠤᠴᠠᠭ᠎ᠠ ᠪᠠᠷ ᠰᠠᠭᠠᠲᠠᠬᠤ | ᠬᠢᠯᠢ ᠶᠢᠨ ᠭᠠᠳᠠᠨᠠᠬᠢ ᠬᠥᠮᠦᠰ ᠢ ᠪᠠᠭᠲᠠᠭᠠᠬᠤ ᠦᠭᠡᠶ᠃ | ᠨᠡᠶᠢᠳᠡᠮ ᠪᠠᠶᠢᠴᠠᠭᠠᠯᠲᠠ ᠳᠤ ᠭᠤᠤᠯᠳᠠᠭᠤ ᠬᠥᠮᠦᠨ ᠠᠮᠠ ᠪᠣᠯᠤᠨ ᠰᠠᠭᠤᠭᠠᠯᠢ ᠡᠷᠦᠬᠡ ᠶᠢᠨ ᠦᠨᠳᠦᠰᠦᠨ | ᠪᠠᠶᠢᠳᠠᠯ ᠢ ᠪᠠᠶᠢᠴᠠᠭᠠᠬᠤ ᠬᠡᠷᠡᠭᠲᠡᠶ᠃ ᠠᠭᠤᠯᠭ᠎ᠠ ᠳᠤ᠄ ᠣᠪᠣᠭ ᠨᠡᠷ᠎ᠡ᠂ ᠠᠷᠠᠳ ᠢᠷᠭᠡᠨ ᠤ ᠪᠡᠶ᠎ᠡ ᠶᠢᠨ ᠦᠨᠡᠮᠯᠡᠯ ᠤᠨ | ᠨᠣᠮᠧᠷ᠂ ᠬᠦᠢᠰᠦ ᠶᠢᠨ ᠢᠯᠭᠠᠯ᠂ ᠨᠠᠰᠤ ᠵᠢᠯ᠂ ᠦᠨᠳᠦᠰᠦᠲᠡᠨ᠂ ᠰᠤᠷᠭᠠᠨ ᠬᠥᠮᠦᠵᠢᠯ ᠬᠦᠷᠲᠡᠭᠰᠡᠨ ᠬᠡᠮᠵᠢᠶ᠎ᠡ᠂ | ᠠᠵᠢᠯ ᠲᠥᠷᠥᠯ᠂ ᠡᠷᠬᠢᠯᠡᠭᠰᠡᠨ ᠠᠵᠢᠯ᠂ ᠨᠡᠭᠦᠳᠡᠯ ᠰᠢᠯᠵᠢᠯᠲᠡ᠂ ᠤᠷᠤᠭ ᠬᠤᠷᠢᠮ᠂ ᠦᠬᠦᠯ᠂ ᠣᠷᠣᠨ | ᠰᠠᠭᠤᠴᠠ ᠶᠢᠨ ᠪᠠᠶᠢᠳᠠᠯ ᠵᠡᠷᠭᠡ ᠪᠠᠭᠲᠠᠨ᠎ᠠ᠃ | ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠴᠠᠭ ᠨᠢ 2020 ᠤᠨ 11 ᠳ᠋ᠦᠭᠡᠷ ᠰᠠᠷ᠎ᠠ ᠶᠢᠨ 1 ᠤ ᠡᠳᠦᠷ ᠤᠨ | ᠲᠡᠭ ᠴᠠᠭ ᠪᠣᠯᠤᠨ᠎ᠠ᠃ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠳᠣᠯᠣᠳᠤᠭᠠᠷ | ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠬᠤᠯᠪᠣᠭᠳᠠᠬᠤ ᠬᠡᠪᠴᠢᠶ᠎ᠡ ᠨᠢ | ᠥᠷᠭᠡᠨ᠂ ᠣᠷᠣᠯᠴᠠᠬᠤ ᠰᠠᠯᠠᠭ᠎ᠠ ᠮᠥᠴᠢᠷ ᠠᠷᠪᠢᠨ᠂ ᠮᠡᠷᠭᠡᠵᠢᠯ ᠤᠨ ᠱᠠᠭᠠᠷᠳᠠᠯᠭ᠎ᠠ ᠥᠨᠳᠥᠷ᠂ ᠠᠵᠢᠯ ᠤᠨ | ᠬᠦᠴᠢᠷᠳᠡᠯ ᠶᠡᠭᠡ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠪᠠ ᠵᠣᠬᠢᠶᠠᠨ | ᠪᠠᠶᠢᠭᠤᠯᠤᠨ ᠬᠡᠷᠡᠭᠵᠢᠭᠦᠯᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ | ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠳᠣᠯᠣᠳᠤᠭᠠᠷ ᠤᠳᠠᠭᠠᠨ ᠤ ᠪᠦᠬᠦ ᠤᠯᠤᠰ ᠶᠢᠨ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ︵ᠳᠠᠭᠠᠯᠳᠤᠭᠤᠯᠤᠯ ᠳᠤ ᠦᠵᠡ︶ ᠢ | ᠪᠠᠶᠢᠭᠤᠯᠵᠤ᠂ ᠪᠦᠬᠦ ᠰᠢᠶᠡᠨ ᠤ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ | ᠳᠤᠮᠳᠠᠬᠢ ᠴᠢᠬᠤᠯᠠ ᠶᠡᠭᠡ ᠠᠰᠠᠭᠤᠳᠠᠯ ᠤᠨ ᠰᠤᠳᠤᠯᠤᠯ ᠪᠠ ᠰᠢᠢᠳᠪᠦᠷᠢᠲᠦ ᠪᠣᠳᠣᠯᠭ᠎ᠠ ᠶᠢ ᠬᠠᠷᠢᠭᠤᠴᠠᠨ᠎ᠠ᠃ | ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠰᠢᠶᠠᠨ ᠤ ᠲᠤᠭ᠎ᠠ ᠪᠦᠷᠢᠳᠬᠡᠯ ᠤᠨ | ᠲᠣᠪᠴᠢᠶ᠎ᠠ ᠳᠤ ᠭᠠᠷᠭᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠪᠣᠳᠠᠲᠠᠶ ᠬᠠᠷᠢᠭᠤᠴᠠᠨ᠎ᠠ᠃ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ 2020 ᠤᠨ 4 | ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ | ᠠᠯᠪᠠᠨ ᠭᠡᠷ ᠢ ᠪᠠᠶᠢᠭᠤᠯᠤᠨ᠎ᠠ᠃ ᠲᠣᠰᠬᠤᠨ ᠤ ᠰᠠᠭᠤᠭᠠᠯᠢ ᠠᠷᠠᠳ ᠤᠨ ᠵᠥᠪᠯᠡᠯ 2020 ᠣᠨ ᠤ 5 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠤᠨ᠎ᠠ᠃ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠲᠣᠰᠬᠤᠨ ᠰᠠᠭᠤᠭᠠᠯᠢ ᠠᠷᠠᠳ ᠤᠨ ᠵᠥᠪᠯᠡᠯ ᠤᠨ | ᠤᠶᠢᠯᠡᠳᠤᠯ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠬᠦᠴᠦᠨ ᠢ ᠥᠷᠭᠡᠨ ᠢᠶᠠᠷ ᠬᠥᠲᠥᠯᠥᠨ ᠵᠢᠯᠣᠭᠤᠳᠴᠤ᠂ | ᠳᠠᠶᠢᠴᠢᠯᠠᠬᠤ ᠪᠠ ᠵᠣᠬᠢᠶᠠᠨ ᠪᠠᠶᠢᠭᠤᠯᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠢᠳᠡᠪᠬᠢᠲᠡᠶ | ᠤᠷᠤᠯᠴᠠᠭᠤᠯᠬᠤ ᠶᠢᠨ ᠬᠠᠮᠲᠤ ᠬᠢᠨᠠᠮᠠᠭᠠᠶ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | ︵ᠬᠤᠶᠠᠷ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠶ᠃ | ᠵᠦᠸᠧᠽᠢ ᠰᠢᠶᠠᠨ ᠤ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ | ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠤᠰ | ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠨᠢᠭᠲᠠ | ᠬᠠᠮᠵᠢᠯᠴᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠬᠡᠷᠡᠭᠲᠡᠶ᠃ | ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠨᠡᠶᠢᠳᠡᠮ ᠪᠠᠶᠢᠴᠠᠭᠠᠯᠲᠠ ᠶᠢ ᠪᠣᠳᠠᠲᠠᠶ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠨ᠎ᠠ︔ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠢ ᠨᠡᠶᠢᠳᠡᠮ | ᠪᠠᠶᠢᠴᠠᠭᠠᠯᠲᠠ ᠶᠢᠨ ᠤᠬᠠᠭᠤᠯᠭ᠎ᠠ ᠶᠢ ᠬᠠᠷᠢᠭᠤᠴᠠᠵᠤ᠂ ᠰᠣᠨᠢᠨ ᠮᠡᠳᠡᠭᠡᠨ ᠤ ᠵᠠᠭᠤᠴᠢᠯᠠᠭᠤᠷ ᠲᠠᠢ ᠵᠣᠬᠢᠶᠠᠨ | ᠪᠠᠶᠢᠭᠤᠯᠤᠨ ᠵᠣᠬᠢᠴᠠᠭᠤᠯᠬᠤ ᠪᠠ ᠨᠡᠶᠢᠳᠡᠮ ᠪᠠᠶᠢᠴᠠᠭᠠᠬᠤ ᠲᠣᠮᠣ ᠳ᠋ᠠᠶᠢᠲ᠋ᠠ ᠶᠢᠨ ᠬᠡᠷᠡᠭᠯᠡᠯᠲᠡ ᠵᠢᠴᠢ ᠢᠨᠲ᠋ᠧᠷ | ᠰᠦᠯᠵᠢᠶᠡᠨ ᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ︔ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠨᠡᠶᠢᠳᠡᠮ ᠪᠠᠶᠢᠴᠠᠭᠠᠯᠲᠠ ᠶᠢᠨ ᠲᠥᠰᠦᠯ ᠪᠣᠯᠤᠨ ᠤᠯᠤᠰ ᠠᠷᠠᠳ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠵᠢᠴᠢ ᠬᠠᠮᠢᠶ᠎ᠠ ᠪᠦᠬᠦᠢ ᠲᠤᠰᠬᠠᠶ ᠲᠥᠯᠥᠪᠵᠢᠭᠦᠯᠭᠡ ᠶᠢᠨ ᠠᠵᠢᠯ ᠢ | ᠵᠣᠬᠢᠴᠠᠭᠤᠯᠵᠠᠶ᠃ ᠨᠡᠶᠢᠳᠡᠮ ᠪᠠᠶᠢᠴᠠᠭᠠᠯᠲᠠ ᠶᠢᠨ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠪᠠᠲᠤᠯᠠᠭ᠎ᠠ ᠶᠢᠨ | ᠲᠠᠯ᠎ᠠ ᠳᠤ ᠬᠤᠯᠪᠤᠭᠳᠠᠬᠤ ᠵᠤᠶᠢᠯᠡᠰ ᠢ ᠬᠠᠷᠢᠭᠤᠴᠠᠨ᠎ᠠ᠃ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ ᠠᠴᠠ ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠨᠡᠶᠢᠳᠡᠮ ᠪᠠᠶᠢᠴᠠᠭᠠᠵᠤ ᠤᠬᠠᠭᠤᠯᠬᠤ ᠠᠵᠢᠯ ᠢ | ᠬᠠᠷᠢᠭᠤᠴᠠᠨ ᠵᠣᠬᠢᠴᠠᠭᠤᠯᠤᠨ᠎ᠠ︔ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠷᠦᠬᠡ ᠠᠮᠠ ᠶᠢ ᠴᠡᠭᠴᠡᠯᠡᠬᠦ | ᠠᠵᠢᠯ ᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ ᠬᠢᠭᠡᠳ ᠡᠷᠦᠬᠡ | ᠠᠮᠠ ᠶᠢᠨ ᠵᠠᠰᠠᠭ ᠵᠠᠬᠢᠷᠭᠠᠨ ᠤ ᠲᠡᠮᠳᠡᠭᠯᠡᠯ ᠢ ᠬᠠᠷᠢᠴᠠᠭᠤᠯᠤᠨ ᠬᠠᠷᠭᠤᠭᠤᠯᠬᠤ ᠠᠵᠢᠯ ᠢ ᠬᠠᠪᠰᠤᠷᠤᠨ ᠥᠷᠨᠢᠭᠦᠯᠵᠦ᠂ | ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠱᠠᠲᠤ ᠦᠶ᠎ᠡ ᠶᠢᠨ ᠬᠠᠮᠢᠶ᠎ᠠ ᠪᠦᠬᠦᠢ ᠠᠵᠢᠯ ᠢ ᠬᠠᠮᠵᠢᠯᠴᠠᠬᠤ | ᠬᠡᠷᠡᠭᠲᠡᠶ᠃ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ | ᠲᠠᠯ᠎ᠠ ᠪᠠᠷ ᠬᠢ ᠵᠣᠬᠢᠴᠠᠭᠤᠯᠤᠨ ᠬᠠᠮᠵᠢᠯᠴᠠᠬᠤ ᠠᠵᠢᠯ ᠢ ᠬᠠᠷᠢᠭᠤᠴᠠᠵᠤ᠂ ᠦᠬᠦᠭᠰᠡᠨ ᠬᠥᠮᠦᠨ ᠠᠮᠠ ᠶᠢᠨ | ᠣᠷᠣᠰᠢᠭᠤᠯᠭ᠎ᠠ ᠶᠢᠨ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠲᠡᠮᠳᠡᠭᠯᠡᠯ ᠢ ᠬᠠᠪᠰᠤᠷᠤᠨ ᠬᠠᠩᠭᠠᠨ᠎ᠠ︔ ᠰᠢᠶᠠᠨ ᠤ | ᠡᠳ᠋ ᠤᠨ ᠵᠠᠰᠠᠭ ᠤᠨ ᠲᠣᠪᠴᠢᠶ᠎ᠠ ᠨᠢ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠵᠣᠬᠢᠴᠠᠭᠤᠯᠤᠨ ᠪᠠᠲᠤᠯᠠᠬᠤ ᠠᠵᠢᠯ ᠢ | ᠬᠠᠷᠢᠭᠤᠴᠠᠨ᠎ᠠ︔ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠨᠡᠶᠢᠳᠡᠮ ᠪᠠᠶᠢᠴᠠᠭᠠᠯᠲᠠ ᠶᠢᠨ | ᠵᠢᠷᠤᠭ ᠵᠢᠷᠤᠬᠤ ᠳᠤ ᠬᠡᠷᠡᠭᠰᠡᠬᠦ ᠭᠠᠵᠠᠷ ᠵᠦᠶ ᠶᠢᠨ ᠮᠡᠳᠡᠭᠡ ᠵᠠᠩᠭᠢ ᠶᠢᠨ ᠮᠠᠲ᠋ᠧᠷᠢᠶᠠᠯ ᠢ ᠵᠣᠬᠢᠴᠠᠭᠤᠯᠤᠨ ᠪᠠᠲᠤᠯᠠᠬᠤ | ᠠᠵᠢᠯ ᠢ ᠬᠠᠷᠢᠭᠤᠴᠠᠨ᠎ᠠ︔ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠬᠤᠲᠠ ᠶᠢᠨ ᠬᠠᠮᠢᠶᠠᠷᠤᠯᠲᠠ᠂ ᠠᠳᠠᠯ ᠠᠬᠤᠶ ᠵᠡᠷᠭᠡ ᠰᠠᠯᠠᠭ᠎ᠠ ᠮᠥᠴᠢᠷ ᠢ | ᠵᠣᠬᠢᠴᠠᠭᠤᠯᠵᠤ ᠨᠡᠶᠢᠳᠡᠮ ᠪᠠᠶᠢᠴᠠᠭᠠᠯᠲᠠ ᠳᠠᠩᠰᠠᠯᠠᠯᠲᠠ ᠶᠢᠨ ᠱᠠᠲᠤ ᠦᠶ᠎ᠡ ᠶᠢᠨ ᠬᠠᠮᠢᠶ᠎ᠠ ᠪᠦᠬᠦᠢ ᠠᠵᠢᠯ ᠳᠤ | ᠬᠠᠮᠵᠢᠯᠴᠠᠭᠤᠯᠬᠤ ᠶᠢ ᠬᠠᠷᠢᠭᠤᠴᠠᠨ᠎ᠠ︔ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠨᠡᠶᠢᠳᠡᠮ | ᠪᠠᠶᠢᠴᠠᠭᠠᠯᠲᠠ ᠥᠷᠨᠢᠭᠦᠯᠬᠦ ᠳᠤ ᠠᠰᠢᠭᠲᠠᠶ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠠᠷᠢᠭᠤᠴᠠᠨ ᠲᠣᠭᠲᠠᠭᠠᠵᠤ᠂ | ᠵᠢᠴᠢ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ ᠬᠢᠭᠡᠳ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠲᠡᠮᠳᠡᠭᠯᠡᠯ ᠤᠨ ᠬᠠᠷᠢᠴᠠᠭᠤᠯᠤᠨ ᠬᠠᠷᠭᠤᠭᠤᠯᠬᠤ ᠠᠵᠢᠯ ᠨᠢ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠱᠠᠲᠤ ᠦᠶ᠎ᠡ ᠶᠢᠨ ᠬᠠᠮᠢᠶ᠎ᠠ ᠪᠦᠬᠦᠢ ᠠᠵᠢᠯ ᠳᠤ | ᠬᠠᠮᠵᠢᠯᠴᠠᠬᠤ ᠬᠡᠷᠡᠭᠲᠡᠶ᠃ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠨᠢᠭᠡᠴᠡ ᠲᠤᠰ ᠲᠤᠰ ᠤᠨ | ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ᠂ | ᠨᠡᠶᠢᠳᠡᠮ ᠪᠠᠶᠢᠴᠠᠭᠠᠯᠲᠠ ᠲᠡᠮᠳᠡᠭᠯᠡᠯ ᠪᠠ ᠤᠬᠠᠭᠤᠯᠤᠨ ᠳᠠᠶᠢᠴᠢᠯᠠᠬᠤ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ | ᠬᠡᠷᠡᠭᠲᠡᠶ᠃ | ︵ᠭᠤᠷᠪᠠ︶ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠵᠣᠬᠢᠶᠠᠨ ᠪᠠᠶᠢᠭᠤᠯᠤᠨ᠎ᠠ᠃ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠯᠪᠣᠭᠳᠠᠯ ᠪᠦᠬᠦᠢ ᠨᠢᠭᠡᠴᠡ ᠠᠴᠠ ᠨᠡᠶᠢᠴᠡᠬᠦ | ᠨᠥᠬᠦᠴᠡᠯ ᠳᠤ ᠨᠡᠶᠢᠴᠡᠬᠦ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠶᠢ | ᠤᠷᠢᠬᠤ ᠪᠤᠶᠤ ᠵᠢᠭᠡᠯᠡᠨ ᠰᠢᠯᠵᠢᠭᠦᠯᠬᠦ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠣᠷᠣᠨ ᠨᠢᠭᠡᠪᠦᠷᠢ ᠳᠤ ᠨᠡᠶᠢᠳᠡᠮ | ᠪᠠᠶᠢᠴᠠᠭᠠᠯᠲᠠ ᠶᠢᠨ ᠵᠢᠯᠣᠭᠤᠳᠣᠭᠴᠢ ᠶᠢ ᠠᠳᠠᠭ ᠲᠠᠭᠠᠨ 1 ᠬᠥᠮᠦᠨ ᠲᠣᠬᠢᠷᠠᠭᠤᠯᠵᠤ᠂ ᠨᠡᠶᠢᠳᠡᠮ ᠪᠠᠶᠢᠴᠠᠭᠠᠭᠴᠢ ᠶᠢᠨ | ᠠᠵᠢᠯ ᠢ ᠲᠣᠬᠢᠷᠠᠭᠤᠯᠬᠤ᠂ ᠵᠢᠯᠣᠭᠤᠳᠬᠤ᠂ ᠰᠢᠮᠳᠠᠭᠤᠯᠬᠤ ᠪᠠ ᠪᠠᠶᠢᠴᠠᠭᠠᠬᠤ ᠶᠢ ᠬᠠᠷᠢᠭᠤᠴᠠᠭᠤᠯᠬᠤ ᠬᠡᠷᠡᠭᠲᠡᠶ᠃ | ᠨᠡᠶᠢᠳᠡᠮ ᠪᠠᠶᠢᠴᠠᠭᠠᠯᠲᠠ ᠶᠢᠨ ᠵᠢᠵᠢᠭ ᠲᠣᠭᠤᠷᠢᠭ ᠨᠢᠭᠡᠪᠦᠷᠢ ᠨᠢ ᠠᠳᠠᠭ ᠲᠠᠭᠠᠨ 1 ᠨᠡᠷᠡᠰ ᠨᠡᠶᠢᠳᠡᠮ ᠪᠠᠶᠢᠴᠠᠭᠠᠭᠴᠢ | ᠲᠣᠬᠢᠷᠠᠭᠤᠯᠵᠤ᠂ ᠡᠷᠦᠬᠡ ᠳᠤ ᠬᠦᠷᠴᠦ ᠳᠠᠩᠰᠠᠯᠠᠭᠤᠯᠬᠤ ᠵᠡᠷᠭᠡ ᠨᠡᠶᠢᠳᠡᠮ ᠪᠠᠶᠢᠴᠠᠭᠠᠯᠲᠠ ᠶᠢᠨ ᠠᠵᠢᠯ ᠢ | ᠬᠠᠷᠢᠭᠤᠴᠠᠨ᠎ᠠ᠃ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠶᠢ ᠲᠥᠷᠥ ᠶᠢᠨ | ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠤᠶᠢᠯᠡᠰ ᠤᠨ ᠨᠢᠭᠡᠴᠡ ᠠᠴᠠ ᠵᠢᠭᠡᠯᠡᠵᠦ᠂ | ᠭᠠᠴᠠᠭᠠᠨ ᠤ ᠰᠠᠭᠤᠭᠠᠯᠢ ᠠᠷᠠᠳ ᠤᠨ ᠵᠥᠪᠯᠡᠯ ᠪᠤᠶᠤ ᠨᠡᠶᠢᠭᠡᠮ ᠠᠴᠠ ᠤᠷᠢᠨ ᠬᠡᠷᠡᠭᠯᠡᠭᠰᠡᠨ ᠴᠦ ᠪᠣᠯᠤᠨ᠎ᠠ᠃ ᠨᠡᠶᠢᠳᠡᠮ | ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠶᠢ ᠵᠢᠭᠡᠯᠡᠨ ᠰᠢᠯᠵᠢᠭᠦᠯᠬᠦ ᠪᠠ | ᠤᠷᠢᠬᠤ ᠠᠵᠢᠯ ᠢ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ᠃ | ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠩᠨᠡᠭᠡ ᠶᠢ ᠲᠣᠭᠲᠠᠪᠤᠷᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠥᠯᠥᠭᠡ᠂ ᠠᠵᠢᠯᠲᠠᠨ ᠡᠯᠰᠡᠬᠦ ᠠᠵᠢᠯ ᠤᠨ | ᠬᠥᠯᠥᠰᠥ ᠣᠯᠭᠤᠮᠵᠢ ᠶᠢ ᠴᠠᠭ ᠲᠤᠬᠠᠶ ᠳᠤᠨᠢ ᠥᠭᠴᠦ᠂ ᠵᠢᠭᠡᠯᠡᠨ ᠰᠢᠯᠵᠢᠭᠦᠯᠦᠭᠰᠡᠨ ᠬᠥᠮᠦᠰ ᠤᠨ ᠤᠤᠯ ᠤᠨ | ᠨᠢᠭᠡᠴᠢ ᠳᠠᠬᠢ ᠴᠠᠯᠢᠩ᠂ ᠠᠰᠠᠷᠠᠮᠵᠢ ᠵᠢᠴᠢ ᠪᠤᠰᠤᠳ ᠬᠠᠷᠠᠭᠠᠯᠵᠠᠯ ᠨᠢ ᠬᠤᠪᠢᠷᠠᠬᠤ ᠦᠭᠡᠶ ᠪᠠᠶᠢᠬᠤ ᠶᠢ ᠪᠠᠲᠤᠯᠠᠵᠤ᠂ | ᠪᠠᠰᠠ ᠤᠤᠯ ᠤᠨ ᠠᠵᠢᠯ ᠤᠨ ᠪᠠᠶᠢᠷᠢ ᠶᠢ ᠨᠢ ᠦᠯᠡᠳᠡᠭᠡᠨ᠎ᠡ᠃ ᠤᠷᠢᠵᠤ ᠬᠡᠷᠡᠭᠯᠡᠭᠰᠡᠨ ᠨᠡᠶᠢᠳᠡᠮ ᠪᠠᠶᠢᠴᠠᠭᠠᠯᠲᠠ ᠶᠢᠨ | ᠵᠢᠭᠠᠨ ᠵᠢᠯᠣᠭᠤᠳᠣᠭᠴᠢ ᠪᠠ ᠨᠡᠶᠢᠳᠡᠮ ᠪᠠᠶᠢᠴᠠᠭᠠᠭᠴᠢ ᠶᠢᠨ ᠬᠥᠳᠡᠯᠮᠦᠷᠢ ᠶᠢᠨ ᠬᠥᠯᠥᠰᠥ ᠣᠯᠭᠤᠮᠵᠢ᠂ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠳᠤ ᠲᠣᠬᠢᠷᠠᠭᠤᠯᠵᠤ᠂ ᠤᠷᠢᠨ ᠬᠡᠷᠡᠭᠯᠡᠬᠦ ᠨᠢᠭᠡᠴᠡ ᠠᠴᠠ ᠥᠭᠬᠦ | ᠬᠡᠷᠡᠭᠲᠡᠶ᠃ | ᠳᠦᠷᠪᠡ᠂ ᠵᠠᠷᠤᠳᠠᠯ ᠤᠨ ᠪᠠᠲᠤᠯᠠᠭ᠎ᠠ | ᠲᠥᠷᠥ ᠲᠠᠷᠬᠠᠭᠠᠭᠰᠠᠨ <2019> 24 ᠳ᠋ᠦᠭᠡᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2019> | <2019>ᠳᠣᠯᠣᠳᠤᠭᠠᠷ ᠤᠳᠠᠭᠠᠨ ᠤ ᠪᠦᠬᠦ ᠤᠯᠤᠰ ᠶᠢᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ 2019> | <2019>ᠵᠠᠷᠤᠳᠠᠯ ᠢ ᠲᠥᠪ ᠤᠨ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠲᠤᠪᠠᠷ 2019> | <2019>ᠡᠭᠦᠷᠭᠡᠯᠡᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠥᠮᠦᠨ ᠠᠮᠠ ᠶᠢᠨ ᠨᠡᠶᠢᠳᠡᠮ 2019> | <2019>ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠨᠢᠭᠡᠨᠲᠡ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ᠂ 2019> | <2019>ᠭᠦᠢᠴᠡᠳ ᠲᠤᠭ᠎ᠠ ᠪᠠᠷ ᠰᠠᠯᠭᠠᠨ ᠥᠭᠴᠦ᠂ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠢᠶᠠᠨ ᠤ 2019> | <2019>ᠡᠳ᠋ ᠤᠨ ᠵᠠᠰᠠᠭ ᠨᠢ ᠨᠡᠶᠢᠳᠡᠮ ᠪᠠᠶᠢᠴᠠᠭᠠᠯᠲᠠ ᠶᠢᠨ ᠵᠢᠯᠣᠭᠤᠳᠤᠭᠴᠢ᠂ ᠨᠡᠶᠢᠳᠡᠮ ᠪᠠᠶᠢᠴᠠᠭᠠᠭᠴᠢ ᠶᠢᠨ ᠬᠥᠳᠡᠯᠮᠦᠷᠢ ᠶᠢᠨ 2019> | <2019>ᠬᠥᠯᠥᠰᠥ ᠣᠯᠭᠤᠮᠵᠢ ᠵᠢᠴᠢ ᠨᠡᠶᠢᠳᠡᠮ ᠪᠠᠶᠢᠴᠠᠭᠠᠯᠲᠠ ᠶᠢᠨ ᠵᠢᠯᠣᠭᠤᠳᠤᠭᠴᠢ᠂ ᠨᠡᠶᠢᠳᠡᠮ ᠪᠠᠶᠢᠴᠠᠭᠠᠭᠴᠢ ᠶᠢᠨ ᠬᠤᠪᠢ 2019> | <2019>ᠬᠥᠮᠦᠨ ᠤ ᠣᠶᠤᠨᠯᠢᠭ ᠭᠠᠷ ᠤᠲᠠᠰᠤ ᠪᠠᠷ ᠲᠤᠭ᠎ᠠ ᠪᠠᠷᠢᠮᠲᠠ ᠴᠤᠭᠯᠠᠭᠤᠯᠤᠭᠰᠠᠨ ᠭᠠᠷ ᠤᠲᠠᠰᠤᠨ ᠤ ᠬᠡᠷᠡᠭᠯᠡᠯᠲᠡ ᠶᠢᠨ 2019> | <2019>ᠨᠥᠬᠦᠪᠥᠷᠢ ᠶᠢ ᠭᠤᠤᠯᠳᠠᠯᠭ᠎ᠠ ᠲᠠᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠭᠠᠵᠠᠷ ᠣᠷᠣᠨ ᠨᠡᠶᠢᠳᠡᠮ 2019> | <2019>ᠪᠠᠶᠢᠴᠠᠭᠠᠯᠲᠠ ᠶᠢᠨ ᠵᠠᠷᠤᠳᠠᠯ ᠤᠨ ᠠᠰᠠᠭᠤᠳᠠᠯ ᠠᠴᠠ ᠪᠣᠯᠵᠤ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ 2019> | <2019>ᠪᠠ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠨᠦᠯᠦᠭᠡᠯᠡᠵᠦ ᠪᠣᠯᠬᠤ ᠦᠭᠡᠶ᠃2019> | <2019> ᠲᠠᠪᠤ᠂ ᠠᠵᠢᠯ ᠤᠨ ᠱᠠᠭᠠᠷᠳᠠᠯᠭ᠎ᠠ2019> | <2019> ︵ᠨᠢᠭᠡ︶ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ 2019> | <2019>ᠡᠯ᠎ᠡ ᠰᠠᠯᠠᠭ᠎ᠠ ᠮᠥᠴᠢᠷ ᠤᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠠᠴᠠ ᠲᠤᠭ᠎ᠠ ᠪᠦᠷᠢᠳᠬᠡᠯ ᠤᠨ 2019> | <2019>ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠶᠢᠨ ᠲᠤᠭ᠎ᠠ ᠪᠦᠷᠢᠳᠬᠡᠯ ᠤᠨ ᠬᠠᠤᠯᠢ ᠶᠢ 2019> | <2019>ᠬᠡᠷᠡᠭᠵᠢᠭᠦᠯᠬᠦ ᠳᠦᠷᠢᠮ︾᠂ ︽ᠪᠦᠬᠦ ᠤᠯᠤᠰ ᠶᠢᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ 2019> | <2019>ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠡᠯ᠎ᠡ 2019> | <2019>ᠵᠦᠢᠯ ᠤᠨ ᠠᠵᠢᠯ ᠢ ᠬᠢᠨᠠᠮᠠᠭᠠᠶ ᠰᠠᠶᠢᠲᠤᠷ ᠬᠢᠨ᠎ᠡ᠃ ᠨᠡᠶᠢᠳᠡᠮ ᠪᠠᠶᠢᠴᠠᠭᠠᠯᠲᠠ ᠳᠤ ᠣᠯᠤᠭᠰᠠᠨ ᠲᠤᠭ᠎ᠠ ᠪᠠᠷᠢᠮᠲᠠ ᠶᠢ 2019> | <2019>ᠨᠡᠶᠢᠳᠡᠮ ᠪᠠᠶᠢᠴᠠᠭᠠᠯᠲᠠ ᠶᠢᠨ ᠵᠣᠷᠢᠯᠭ᠎ᠠ ᠳᠤ ᠬᠡᠷᠡᠭᠯᠡᠬᠦ ᠶᠢ ᠴᠢᠩᠭ᠎ᠠ ᠬᠢᠵᠠᠭᠠᠷᠯᠠᠨ ᠲᠣᠭᠲᠠᠭᠠᠵᠤ᠂ ᠶᠠᠮᠠᠷᠪᠠ ᠰᠠᠯᠠᠭ᠎ᠠ 2019> | <2019>ᠮᠥᠴᠢᠷ ᠪᠣᠯᠤᠨ ᠨᠢᠭᠡᠴᠡ ᠠᠴᠠ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠢᠨᠠᠨ 2019> | <2019>ᠰᠢᠯᠭᠠᠬᠤ᠂ ᠱᠠᠩᠨᠠᠵᠤ ᠲᠣᠷᠭᠠᠬᠤ ᠶᠢᠨ ᠦᠨᠳᠦᠰᠦᠯᠡᠯ ᠪᠣᠯᠭᠠᠵᠤ ᠪᠣᠯᠬᠤ ᠦᠭᠡᠶ᠃ ᠨᠡᠶᠢᠳᠡᠮ ᠪᠠᠶᠢᠴᠠᠭᠠᠯᠲᠠ ᠶᠢᠨ 2019> | <2019>ᠳᠤᠮᠳᠠ ᠣᠯᠤᠭᠰᠠᠨ ᠳᠠᠩ ᠭᠠᠭᠴᠠ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠪᠠᠶ᠎ᠡ ᠭᠡᠮ ᠢ ᠢᠯᠭᠠᠨ ᠲᠠᠨᠢᠬᠤ 2019> | <2019>ᠪᠤᠶᠤ ᠮᠠᠭᠠᠳᠯᠠᠵᠤ ᠴᠢᠳᠠᠬᠤ ᠮᠠᠲ᠋ᠧᠷᠢᠶᠠᠯ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠰᠢᠳᠬᠡᠨ ᠲᠣᠷᠭᠠᠬᠤ ᠵᠡᠷᠭᠡ 2019> | <2019>ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠶ᠃2019> | <2019> ︵ᠬᠤᠶᠠᠷ︶ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠨ᠎ᠠ᠃ ᠨᠡᠶᠢᠳᠡᠮ ᠪᠠᠶᠢᠴᠠᠭᠠᠯᠲᠠ ᠶᠢᠨ 2019> | <2019>ᠲᠤᠭ᠎ᠠ ᠪᠠᠷᠢᠮᠲᠠ ᠶᠢᠨ ᠶᠠᠰᠤ ᠴᠢᠨᠠᠷ ᠢ ᠮᠥᠷᠳᠡᠨ ᠤᠬᠤᠴᠢᠯᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ 2019> | <2019>ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠤᠭᠤᠳ ᠨᠡᠶᠢᠳᠡᠮ 2019> | <2019>ᠪᠠᠶᠢᠴᠠᠭᠠᠯᠲᠠ ᠶᠢᠨ ᠠᠵᠢᠯ ᠤᠨ ᠳᠤᠮᠳᠠᠬᠢ ᠰᠠᠬᠢᠯᠭ᠎ᠠ ᠪᠠᠲᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ 2019> | <2019>ᠪᠠᠶᠢᠴᠠᠭᠠᠨ ᠰᠢᠢᠳᠪᠦᠷᠢᠯᠡᠬᠦ ᠪᠠ ᠨᠡᠪᠲᠡᠷᠡᠭᠦᠯᠦᠨ ᠢᠯᠡᠴᠢᠯᠡᠬᠦ ᠡᠷᠴᠢᠮ ᠢᠶᠠᠨ ᠨᠡᠮᠡᠭᠳᠡᠭᠦᠯᠵᠦ᠂ ᠨᠡᠶᠢᠳᠡᠮ 2019> | <2019>ᠪᠠᠶᠢᠴᠠᠭᠠᠯᠲᠠ ᠶᠢᠨ ᠠᠵᠢᠯ ᠢ ᠵᠣᠷᠢᠭᠤᠳᠠ ᠬᠠᠷᠰᠢᠯᠠᠬᠤ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ 2019> | <2019>ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠪᠠ ᠨᠡᠶᠢᠳᠡᠮ ᠪᠠᠶᠢᠴᠠᠭᠠᠯᠲᠠ ᠶᠢᠨ 2019> | <2019>ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠡᠶᠢᠳᠡᠮ 2019> | <2019>ᠪᠠᠶᠢᠴᠠᠭᠠᠯᠲᠠ ᠶᠢᠨ ᠳᠤᠮᠳᠠ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠳᠬᠡᠯ ᠪᠤᠶᠤ ᠵᠤᠬᠢᠶᠠᠨ 2019> | <2019>ᠪᠠᠶᠢᠭᠤᠯᠤᠯᠲᠠ ᠶᠢᠨ ᠰᠢᠢᠳᠪᠦᠷᠢᠯᠡᠯᠲᠡ ᠥᠭᠬᠦ ᠶᠣᠰᠣᠲᠠᠶ ᠲᠤᠭ᠎ᠠ ᠪᠦᠷᠢᠳᠬᠡᠯ ᠤᠨ ᠬᠠᠤᠯᠢ ᠰᠠᠬᠢᠯᠭ᠎ᠠ ᠠᠴᠠ 2019> | <2019>ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠭᠴᠢ ᠶᠢ ᠣᠯᠵᠤ ᠮᠡᠳᠡᠪᠡᠯ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ 2019> | <2019>ᠲᠣᠭᠲᠠᠭᠠᠯ ᠶᠣᠰᠣᠭᠠᠷ ᠰᠢᠳᠬᠡᠯ ᠥᠭᠴᠦ ᠰᠢᠢᠳᠪᠦᠷᠢᠯᠡᠬᠦ ᠰᠠᠨᠠᠭᠤᠯᠭ᠎ᠠ ᠳᠤᠷᠠᠳᠬᠤ ᠶᠢᠨ ᠬᠠᠮᠲᠤ ᠲᠣᠮᠢᠯᠠᠵᠤ 2019> | <2019>ᠪᠠᠭᠤᠯᠭᠠᠬᠤ ᠪᠠᠶᠢᠭᠤᠯᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠪᠤᠶᠤ ᠵᠣᠬᠢᠶᠠᠨ 2019> | <2019>ᠪᠠᠶᠢᠭᠤᠯᠤᠯᠲᠠ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠰᠢᠯᠵᠢᠭᠦᠯᠦᠨ ᠬᠦᠷᠭᠡᠬᠦ 2019> | <2019>ᠬᠡᠷᠡᠭᠲᠡᠶ᠃2019> | <2019> ︵ᠭᠤᠷᠪᠠ︶ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠳᠣᠯᠣᠳᠤᠭᠠᠷ ᠤᠳᠠᠭᠠᠨ ᠤ 2019> | <2019>ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠡᠯᠤᠺᠲᠷᠤᠨᠴᠢᠭᠰᠠᠨ ᠠᠷᠭ᠎ᠠ ᠮᠠᠶ᠋ᠢᠭ ᠢ ᠠᠪᠴᠤ 2019> | <2019>ᠨᠡᠶᠢᠳᠡᠮ ᠪᠠᠶᠢᠴᠠᠭᠠᠯᠲᠠ ᠶᠢᠨ ᠪᠦᠷᠢᠳᠬᠡᠯ ᠢ ᠥᠷᠨᠢᠭᠦᠯᠵᠡᠶ᠃ ᠡᠯᠧᠺᠲᠷᠣᠨ ᠴᠤᠭᠯᠠᠭᠤᠯᠬᠤ ᠲᠥᠬᠦᠭᠡᠷᠦᠮᠵᠢ ︵2019> | <2019>PAD︶ ᠪᠤᠶᠤ ᠨᠡᠶᠢᠳᠡᠮ ᠪᠠᠶᠢᠴᠠᠭᠠᠭᠴᠢ ᠬᠤᠪᠢ ᠬᠥᠮᠦᠨ ᠤ ᠦᠨᠡᠨ ᠨᠡᠷ᠎ᠡ ᠪᠠᠷ ᠭᠡᠷᠡᠴᠢᠯᠡᠭᠰᠡᠨ ᠤᠶᠤᠨᠲᠤ ᠭᠠᠷ 2019> | <2019>ᠤᠲᠠᠰᠤᠨ ᠤ ᠳᠠᠩᠰᠠᠯᠠᠯᠲᠠ ᠶᠢᠨ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠮᠡᠳᠡᠭᠡ ᠵᠠᠩᠭᠢ ᠶᠢ ᠬᠡᠷᠡᠭᠯᠡᠬᠦ ᠶᠢᠨ ᠬᠠᠮᠲᠤ 2019> | <2019>ᠴᠠᠭ ᠲᠤᠬᠠᠶ ᠳᠤᠨᠢ ᠳᠡᠭᠡᠭᠰᠢ ᠮᠡᠳᠡᠭᠦᠯᠬᠦ᠂ ᠡᠰᠡᠬᠦᠯ᠎ᠡ ᠨᠡᠶᠢᠳᠡᠮ ᠪᠠᠶᠢᠴᠠᠭᠠᠭᠳᠠᠬᠤ ᠡᠲᠡᠭᠡᠳ ᠨᠢ ᠢᠨᠲ᠋ᠧᠷ 2019> | <2019>ᠰᠦᠯᠵᠢᠶ᠎ᠡ ᠪᠠᠷ ᠳᠠᠮᠵᠢᠭᠤᠯᠤᠨ ᠡᠵᠡᠨ ᠮᠡᠳᠡᠵᠦ ᠲᠠᠭᠯᠠᠨ ᠮᠡᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ 2019> | <2019>ᠨᠡᠶᠢᠳᠡᠮ ᠪᠠᠶᠢᠴᠠᠭᠠᠯᠲᠠ ᠶᠢᠨ ᠣᠷᠣᠨ ᠨᠢᠭᠡᠪᠦᠷᠢ ᠳᠤ ᠠᠳᠠᠭ ᠲᠠᠭᠠᠨ 1-2 ᠰᠠᠭᠤᠷᠢ PAD ᠪᠠᠶᠢᠬᠤ ᠶᠢ ᠪᠠᠲᠤᠯᠠᠵᠤ 2019> | <2019>᠂ ᠨᠡᠶᠢᠳᠡᠮ ᠪᠠᠶᠢᠴᠠᠭᠠᠯᠲᠠ ᠶᠢᠨ ᠣᠷᠣᠨ ᠪᠦᠰᠡ ᠶᠢᠨ ᠵᠢᠷᠤᠭ ᠵᠡᠷᠭᠡ ᠠᠵᠢᠯ ᠢ ᠬᠢᠬᠦ ᠳᠤ ᠬᠡᠷᠡᠭᠯᠡᠬᠦ ᠬᠡᠷᠡᠭᠲᠡᠶ᠃ 2019> | <2019>ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠲᠡᠮᠳᠡᠭᠯᠡᠯ ᠢ ᠥᠷᠭᠡᠨ ᠢᠶᠠᠷ ᠬᠡᠷᠡᠭᠯᠡᠵᠦ᠂ ᠨᠡᠶᠢᠳᠡᠮ ᠪᠠᠶᠢᠴᠠᠭᠠᠯᠲᠠ ᠳᠠᠬᠢ 2019> | <2019>ᠲᠣᠮᠣ ᠲᠤᠭ᠎ᠠ ᠪᠠᠷᠢᠮᠲᠠ ᠶᠢ ᠣᠷᠣᠭᠤᠯᠤᠨ ᠬᠡᠷᠡᠭᠯᠡᠬᠦ ᠬᠡᠷᠡᠭᠲᠡᠶ᠃ ᠲᠤᠭ᠎ᠠ ᠪᠠᠷᠢᠮᠲᠠ ᠶᠢ ᠰᠢᠢᠳᠪᠦᠷᠢᠯᠡᠬᠦ ᠦᠷ᠎ᠡ 2019> | <2019>ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠢᠷᠭᠡᠨ ᠤ ᠬᠤᠪᠢ ᠬᠥᠮᠦᠨ ᠤ ᠮᠡᠳᠡᠭᠡ ᠵᠠᠩᠭᠢ ᠶᠢᠨ ᠪᠦᠬᠦ ᠶᠠᠪᠤᠴᠠ ᠶᠢᠨ 2019> | <2019>ᠬᠠᠮᠠᠭᠠᠯᠠᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ 2019> | <2019>ᠠᠵᠢᠯᠲᠠᠳ ᠡᠷᠬᠡᠪᠰᠢ ᠨᠢᠭᠤᠴᠠ ᠶᠢ ᠬᠠᠮᠠᠭᠠᠯᠠᠬᠤ ᠡᠭᠦᠷᠭᠡ ᠪᠠᠨ ᠴᠢᠩᠭ᠎ᠠ ᠭᠦᠢᠴᠡᠳᠬᠡᠵᠦ᠂ ᠶᠠᠮᠠᠷᠪᠠ ᠪᠠᠶᠢᠭᠤᠯᠤᠮᠵᠢ᠂2019> | <2019> ᠨᠢᠭᠡᠴᠡ᠂ ᠬᠤᠪᠢ ᠬᠥᠮᠦᠨ ᠳᠤ ᠠᠷᠠᠳ ᠢᠷᠭᠡᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠬᠤ ᠪᠤᠶᠤ 2019> | <2019>ᠬᠤᠳᠠᠯᠳᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃2019> | <2019> ︵ᠳᠥᠷᠪᠡᠨ︶ ᠤᠬᠠᠭᠤᠯᠭ᠎ᠠ ᠶᠢᠨ ᠠᠵᠢᠯ ᠢ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠨᠡᠶᠢᠳᠡᠮ 2019> | <2019>ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠤᠬᠠᠭᠤᠯᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠨᠡᠶᠢᠳᠡᠮ 2019> | <2019>ᠪᠠᠶᠢᠴᠠᠭᠠᠯᠲᠠ ᠶᠢᠨ ᠤᠬᠠᠭᠤᠯᠭ᠎ᠠ ᠶᠢᠨ ᠲᠥᠰᠦᠪᠯᠡᠬᠦ ᠪᠠ ᠵᠣᠬᠢᠶᠠᠨ ᠪᠠᠶᠢᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠵᠦ 2019> | <2019>᠂ ᠣᠯᠠᠨ ᠵᠦᠢᠯ ᠤᠨ ᠠᠷᠭ᠎ᠠ ᠪᠠᠷᠢᠯ ᠠᠪᠴᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ 2019> | <2019>ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠥᠷᠭᠡᠨ ᠭᠦᠨᠵᠡᠭᠡᠶ ᠤᠬᠠᠭᠤᠯᠵᠤ᠂ ᠥᠷᠭᠡᠨ ᠣᠯᠠᠨ 2019> | <2019>ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠬᠦᠲᠦᠯᠦᠨ ᠵᠢᠯᠣᠭᠤᠳᠴᠤ ᠪᠠᠶᠢᠭᠠᠳ ᠨᠡᠶᠢᠳᠡᠮ ᠪᠠᠶᠢᠴᠠᠭᠠᠯᠲᠠ ᠳᠤ ᠬᠠᠤᠯᠢ 2019> | <2019>ᠶᠣᠰᠣᠭᠠᠷ ᠬᠠᠮᠵᠢᠯᠴᠠᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠲᠥᠷᠥᠯ ᠵᠦᠢᠯ ᠢ ᠦᠨᠡᠨ ᠢᠶᠠᠷ ᠨᠢ ᠮᠡᠳᠡᠭᠦᠯᠵᠦ᠂ 2019> | <2019>ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠳᠤ ᠰᠠᠶᠢᠨ ᠰᠠᠶᠢᠬᠠᠨ ᠶᠠᠷᠢᠶ᠎ᠠ 2019> | <2019>ᠬᠡᠯᠡᠯᠴᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃2019> | <2019> 2019> | <2019> 2020 ᠣᠨ ᠤ 3 ᠰᠠᠷ᠎ᠠ ᠶᠢᠨ 12 ᠤᠨ ᠡᠳᠦᠷ2019> |