ᠨᠢᠭᠡ᠂ ᠪᠢᠴᠢᠭ ᠮᠠᠲ᠋ᠧᠷᠢᠶᠠᠯ ᠨᠡᠶᠢᠲᠡᠯᠡᠭᠰᠡᠨ ᠠᠬᠤᠶ ᠪᠠᠶᠢᠳᠠᠯ | ᠲᠥᠪ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ | ᠲᠤᠬᠠᠶ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠤᠯᠠᠮ ᠨᠢᠭᠡ ᠠᠯᠬᠤᠮ ᠴᠢᠩᠭᠠᠳᠬᠠᠵᠤ᠂ ᠳᠡᠭᠡᠲᠦ ᠳᠣᠣᠷᠠᠳᠤ ᠱᠠᠲᠦ ᠪᠠᠷ ᠢᠶᠠᠨ ᠠᠵᠢᠯ ᠲᠥᠷᠥᠯ ᠢᠶᠠᠷ ᠢᠶᠠᠨ | ᠵᠣᠬᠢᠴᠠᠭᠤᠯᠵᠤ᠂ ᠠᠵᠢᠯ ᠢ ᠠᠬᠢᠭᠤᠯᠬᠤ ᠳᠤ ᠳᠥᠭᠦᠮ ᠦᠵᠡᠭᠦᠯᠵᠦ᠂ ᠵᠦᠸᠧᠽᠢ ᠰᠢᠶᠠᠨ ᠤ ᠵᠠᠰᠠᠭ ᠤᠨ | ᠣᠷᠳᠣᠨ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠵᠣᠬᠢᠴᠠᠭᠤᠯᠬᠤ ᠳᠤᠭᠤᠶᠢᠯᠠᠩ ᠢ ᠪᠠᠶᠢᠭᠤᠯᠵᠤ᠂ ᠰᠢᠶᠠᠨ ᠤ ᠵᠠᠰᠠᠭ ᠤᠨ ᠤᠷᠳᠤᠨ ᠤ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠤᠨ ᠬᠡᠷᠡᠭ ᠵᠥᠪᠯᠡᠵᠦ ᠵᠣᠬᠢᠴᠠᠭᠤᠯᠬᠤ | ᠪᠠᠶᠢᠭᠤᠯᠤᠮᠵᠢ ᠪᠣᠯᠭᠠᠨ᠎ᠠ᠃ | ᠬᠤᠶᠠᠷ᠂ ᠪᠢᠴᠢᠭ ᠮᠠᠲ᠋ᠧᠷᠢᠶᠠᠯ ᠨᠡᠶᠢᠲᠡᠯᠡᠬᠦ ᠶᠢᠨ ᠴᠢᠬᠤᠯᠠ ᠠᠴᠢ ᠬᠤᠯᠪᠣᠭᠳᠠᠯ | ᠶᠡᠷᠦ ᠠᠴᠠ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ | ᠤᠶᠠᠯᠳᠤᠭᠤᠯᠬᠤ᠂ ᠤᠶᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠡᠭᠦᠷᠭᠡ ᠴᠢᠳᠠᠪᠬᠢ ᠰᠢᠨᠵᠢᠯᠡᠬᠦ | ᠤᠬᠠᠭᠠᠨᠴᠢ᠂ ᠪᠦᠲᠦᠴᠡ ᠰᠢᠯᠢᠳᠡᠭᠵᠢᠭᠰᠡᠨ᠂ ᠣᠯᠠᠨ ᠲᠦᠮᠡᠨ ᠬᠠᠨᠤᠮᠵᠢᠲᠠᠶ ᠤᠶᠢᠯᠡᠴᠢᠯᠡᠭᠡᠨ ᠤ ᠬᠡᠯᠪᠡᠷᠢ ᠶᠢᠨ | ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠵᠤ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠭᠤᠤᠯᠳᠠᠯᠭ᠎ᠠ ᠲᠠᠢ ᠠᠵᠢᠯ ᠮᠥᠨ᠃ ᠤᠶᠢᠷ᠎ᠡ ᠶᠢᠨ ᠵᠢᠯ ᠳᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ | ᠵᠠᠰᠠᠭ ᠤᠨ ᠣᠷᠳᠣᠨ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠤᠷᠢᠲᠠᠯ ᠪᠣᠯᠭᠠᠨ ᠬᠦᠴᠦᠲᠡᠶ | ᠠᠬᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠢᠯᠡᠳᠲᠡ ᠪᠠᠶᠢᠵᠤ᠂ ᠭᠡᠪᠡᠴᠦ ᠠᠰᠠᠭᠤᠳᠠᠯ ᠢ ᠴᠤ | ᠣᠮᠲᠣᠭᠠᠶᠢᠯᠠᠵᠤ ᠪᠣᠯᠬᠤ ᠦᠭᠡᠶ᠃ ᠵᠣᠬᠢᠴᠠᠭᠤᠯᠬᠤ ᠳᠤᠭᠤᠶᠢᠯᠠᠩ ᠪᠠᠶᠢᠭᠤᠯᠵᠤ᠂ ᠭᠤᠤᠯ ᠨᠢ ᠵᠠᠰᠠᠭ ᠤᠨ ᠣᠷᠳᠣᠨ ᠤ | ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢᠨ | ᠴᠢᠬᠤᠯᠠ ᠬᠦᠷᠢᠶ᠎ᠡ᠂ ᠵᠠᠩᠭᠢᠯᠠᠭ᠎ᠠ ᠶᠢᠨ ᠲᠠᠯ᠎ᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠠᠷᠭ᠎ᠠ ᠪᠠᠷᠢᠯ ᠢ ᠨᠢᠭᠡᠳᠦᠯᠲᠡᠶ ᠲᠥᠯᠥᠪᠯᠡᠨ ᠰᠤᠳᠤᠯᠵᠤ᠂ ᠡᠯ᠎ᠡ ᠲᠤᠰᠬᠠᠶ ᠰᠡᠳᠦᠪᠲᠦ ᠳᠤᠭᠤᠶᠢᠯᠠᠩ ᠤᠨ ᠠᠵᠢᠯ ᠢ | ᠲᠦᠯᠬᠢᠨ ᠠᠬᠢᠭᠤᠯᠬᠤ ᠬᠤᠯᠪᠣᠭᠳᠠᠯ ᠪᠦᠬᠦᠢ ᠵᠦᠢᠯᠡᠰ ᠢ ᠰᠤᠳᠤᠯᠬᠤ ᠶᠢᠨ ᠲᠥᠯᠥᠭᠡ ᠶᠤᠮ᠃ ᠭᠤᠣᠯᠳᠠᠯᠭ᠎ᠠ ᠲᠠᠢ | ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠪᠦᠬᠦ ᠬᠦᠴᠦᠨ ᠢᠶᠠᠷ ᠢᠶᠠᠨ ᠬᠥᠭᠵᠢᠭᠡᠵᠦ᠂ ᠳᠣᠲᠣᠭᠠᠳᠤ ᠬᠥᠳᠡᠯᠭᠡᠬᠦ ᠬᠦᠴᠦᠨ ᠢ | ᠴᠢᠩᠭᠠᠷᠠᠭᠤᠯᠵᠤ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠬᠤ ᠶᠢ ᠵᠢᠭᠠᠨ ᠵᠢᠯᠣᠭᠤᠳᠤᠨ᠎ᠠ᠃ | ᠭᠤᠷᠪᠠ᠂ ᠪᠢᠴᠢᠭ ᠮᠠᠲ᠋ᠧᠷᠢᠶᠠᠯ ᠤᠨ ᠶᠡᠷᠦᠩᠬᠡᠶ ᠵᠢᠷᠤᠭ ᠲᠥᠯᠥᠪᠯᠡᠭᠡ ᠪᠠ ᠪᠣᠳᠠᠲᠠᠶ ᠠᠵᠢᠯ | ᠪᠢᠴᠢᠭ ᠮᠠᠲ᠋ᠧᠷᠢᠶᠠᠯ ᠨᠢ ᠶᠡᠷᠦᠩᠬᠡᠶ ᠳᠡᠭᠡᠨ ︽154︾ ᠶᠢᠨ ᠪᠣᠷᠣ ᠲᠥᠯᠥᠪ ᠪᠣᠯᠤᠨ᠎ᠠ᠂ ᠳᠠᠷᠤᠶ 1 | ᠵᠣᠬᠢᠴᠠᠭᠤᠯᠬᠤ ᠳᠤᠭᠤᠶᠢᠯᠠᠩ᠂ 5 ᠲᠤᠰᠬᠠᠶ ᠰᠡᠳᠦᠪᠲᠦ ᠳᠤᠭᠤᠶᠢᠯᠠᠩ᠂ 4 ᠪᠠᠲᠤᠯᠠᠭ᠎ᠠ ᠶᠢᠨ ᠳᠤᠭᠤᠶᠢᠯᠠᠩ ᠪᠣᠯᠤᠨ᠎ᠠ | ᠃ ᠡᠯ᠎ᠡ ᠲᠤᠰᠬᠠᠶ ᠰᠡᠳᠦᠪᠲᠦ ᠳᠤᠭᠤᠶᠢᠯᠠᠩ ᠤᠨ ᠭᠤᠤᠯ ᠡᠭᠦᠷᠭᠡ ᠪᠣᠯ᠄ | ︵ᠨᠢᠭᠡ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠤᠭᠤᠶᠢᠯᠠᠩ ᠢ ᠴᠣᠮᠬᠠᠳᠬᠠᠵᠤ᠂ ᠰᠢᠶᠠᠨ ᠤ ᠵᠠᠰᠠᠭ ᠤᠨ | ᠣᠷᠳᠣᠨ ᠤ ᠠᠯᠪᠠᠨ ᠭᠡᠷ ᠲᠦᠷᠦᠭᠦᠯᠡᠨ ᠬᠢᠨ᠎ᠡ᠃ ᠭᠤᠤᠯᠳᠠᠭᠤ ᠰᠢᠶᠠᠨ ᠤ ᠵᠠᠰᠠᠭ ᠤᠨ ᠣᠷᠳᠣᠨ ᠤ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ᠂ ᠪᠡᠯᠡ ᠣᠷᠣᠭᠤᠯᠤᠯᠲᠠ ᠶᠢᠨ ᠬᠢᠨᠠᠨ | ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠡᠷᠬᠡ ᠶᠢ ᠳᠣᠷᠣᠭᠰᠢ | ᠪᠠᠭᠤᠯᠭᠠᠬᠤ ᠲᠠᠯ᠎ᠠ ᠪᠠᠷ᠂ ᠡᠯ᠎ᠡ ᠲᠥᠷᠥᠯ ᠤᠨ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠬᠠᠮᠢᠶᠠᠷᠤᠯᠲᠠ ᠶᠢᠨ | ᠵᠦᠢᠯᠡᠰ ᠢ ᠢᠯᠭᠠᠷᠠᠭᠤᠯᠤᠨ ᠵᠢᠷᠤᠮᠵᠢᠭᠤᠯᠬᠤ ᠠᠵᠢᠯ ᠢ ᠵᠣᠬᠢᠴᠠᠭᠤᠯᠤᠨ ᠠᠬᠢᠭᠤᠯᠵᠤ᠂ ᠪᠡᠯᠡ ᠣᠷᠣᠭᠤᠯᠤᠯᠲᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠬᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ | ᠵᠥᠪᠰᠢᠶᠡᠷᠡᠬᠦ ᠵᠡᠷᠭᠡ ᠵᠦᠢᠯᠡᠰ ᠢ ᠦᠷᠭᠦᠯᠵᠢᠯᠡᠨ ᠢᠯᠭᠠᠷᠠᠭᠤᠯᠤᠨ ᠴᠣᠮᠬᠠᠳᠬᠠᠵᠤ᠂ ᠣᠷᠣᠨ ᠪᠦᠰᠡ ᠶᠢᠨ ᠦᠨᠡᠯᠡᠨ | ᠵᠢᠱᠢᠬᠦ᠂ ᠬᠠᠮᠲᠤᠷᠠᠨ ᠬᠢᠨᠠᠨ ᠲᠣᠭᠲᠠᠭᠠᠬᠤ᠂ ᠨᠡᠶᠢᠯᠡᠭᠦᠯᠦᠨ ᠬᠤᠯᠪᠤᠭᠠᠯᠵᠤ ᠬᠢᠨᠠᠨ ᠵᠥᠪᠰᠢᠶᠡᠷᠡᠬᠦ ᠵᠡᠷᠭᠡ ᠶᠢ | ᠬᠡᠷᠡᠭᠵᠢᠭᠦᠯᠦᠨ᠎ᠡ᠃ ᠬᠢᠨᠠᠨ ᠬᠠᠮᠢᠶᠠᠷᠬᠤ ᠲᠠᠯ᠎ᠠ ᠪᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠯᠠᠭ᠎ᠠ ᠶᠢ | ᠵᠢᠷᠤᠮᠵᠢᠭᠤᠯᠵᠤ᠂ ᠳᠣᠷᠣᠭᠰᠢ ᠪᠠᠭᠤᠯᠭᠠᠬᠤ ᠬᠢᠨᠠᠨ ᠵᠥᠪᠰᠢᠶᠡᠷᠡᠬᠦ ᠵᠦᠢᠯᠡᠰ ᠢ ᠬᠦᠴᠦᠨ ᠦᠭᠡᠶ ᠪᠣᠯᠭᠠᠬᠤ | ᠶᠠᠪᠤᠳᠠᠯ ᠤᠨ ᠳᠤᠮᠳᠠ ᠪᠠ ᠬᠡᠷᠡᠭ ᠤᠨ ᠳᠠᠷᠠᠭᠠᠬᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠬᠢᠨᠠᠨ | ᠬᠠᠷᠭᠤᠭᠤᠯᠬᠤ ᠶᠢᠨ ᠬᠠᠮᠲᠤ ᠰᠢᠮᠳᠠᠭᠤᠯᠵᠤ ᠪᠠᠶᠢᠭᠠᠳ ᠨᠠᠶᠢᠳᠠᠪᠤᠷᠢᠵᠢᠭᠤᠯᠬᠤ ᠬᠡᠷᠡᠭᠲᠡᠶ᠃ ᠦᠢᠯᠡᠴᠢᠯᠡᠭᠡᠨ ᠤ | ᠲᠠᠯ᠎ᠠ ᠪᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠪᠠᠷᠢᠮᠵᠢᠶᠠᠵᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ | ᠪᠥᠬᠦ ᠰᠢᠶᠠᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠤᠶᠢᠯᠡᠴᠢᠯᠡᠭᠡᠨ ᠤ ᠲᠠᠪᠴᠠᠩ ᠲᠠᠢ ᠵᠣᠯᠭᠠᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠳᠥᠭᠦᠮ | ᠦᠵᠡᠭᠦᠯᠬᠦ ᠶᠢ ᠠᠬᠢᠭᠤᠯᠵᠤ᠂ ᠦᠨᠡᠮᠯᠡᠯ ᠢ ᠪᠠᠭᠠᠰᠬᠠᠵᠤ ᠠᠷᠠᠳ ᠲᠤ ᠳᠥᠭᠦᠮ ᠦᠵᠡᠭᠦᠯᠬᠦ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠵᠠᠰᠠᠭ ᠤᠨ ᠣᠷᠳᠣᠨ ᠤ ᠤᠶᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ | ︵ᠬᠤᠶᠠᠷ︶ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠭᠤᠶᠢᠯᠠᠩ ᠢ ᠰᠢᠶᠠᠨ ᠤ | ᠬᠦᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠬᠢᠵᠦ᠂ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠶᠢ ᠲᠦᠷᠦᠭᠦᠯᠡᠨ ᠬᠠᠷᠢᠭᠤᠴᠠᠵᠤ᠂ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ | ᠂ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠤᠶ ᠪᠣᠯᠭᠠᠨ᠎ᠠ᠃ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ᠂ | ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠢᠭᠡᠳᠦᠯᠲᠡᠶ ᠲᠣᠳᠣᠷᠬᠠᠶ ᠬᠠᠭᠤᠳᠠᠰᠤ ᠶᠢᠨ | ᠳᠦᠷᠢᠮ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠨᠢᠭᠡᠳᠤᠯᠲᠡᠢ ᠵᠠᠬ᠎ᠠ ᠳᠡᠯᠭᠡᠭᠦᠷ ᠪᠠ ᠭᠤᠤᠯᠴᠢ ᠪᠠᠷ | ᠥᠷᠢᠰᠥᠯᠳᠦᠬᠦ ᠡᠯ᠎ᠡ ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠴᠡᠪᠡᠷᠯᠡᠨ ᠬᠦᠴᠦᠨ ᠦᠭᠡᠶ ᠪᠣᠯᠭᠠᠨ᠎ᠠ᠃ | ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠥᠷᠭᠡᠳᠬᠡᠵᠦ᠂ ᠠᠷᠠᠳ ᠤᠨ ᠪᠡᠯᠡ | ᠤᠷᠤᠭᠤᠯᠤᠯᠲᠠ ᠶᠢ ᠠᠬᠢᠭᠤᠯᠵᠤ᠂ ᠠᠷᠠᠯᠵᠢᠶ᠎ᠠ ᠶᠢ ᠳᠥᠭᠦᠮᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠨᠠᠨ | ᠬᠠᠮᠢᠶᠠᠷᠬᠤ ᠲᠠᠯ᠎ᠠ ᠪᠠᠷ᠂ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡ ᠶᠢ ᠢᠯᠭᠠᠷᠠᠭᠤᠯᠤᠨ ᠵᠢᠷᠤᠮᠵᠢᠭᠤᠯᠵᠤ᠂ | ᠨᠠᠷᠢᠨ ᠳᠠᠩᠰᠠ ᠶᠣᠰᠣᠭᠠᠷ ᠰᠦᠢᠳᠬᠡᠯ ᠬᠤᠷᠢᠶᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠤᠶᠢᠳᠬᠡᠯ | ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ | ᠬᠤᠯᠪᠣᠭᠳᠠᠭᠰᠠᠨ ᠰᠦᠢᠳᠬᠡᠯ ᠬᠤᠷᠢᠶᠠᠯᠲᠠ ᠶᠢ ᠦᠷᠭᠦᠯᠵᠢᠯᠡᠨ ᠢᠯᠭᠠᠷᠠᠭᠤᠯᠤᠨ ᠵᠢᠷᠤᠮᠵᠢᠭᠤᠯᠤᠨ᠎ᠠ᠃ | ᠤᠶᠢᠯᠡᠴᠢᠯᠡᠭᠡᠨ ᠤ ᠲᠠᠯ᠎ᠠ ᠪᠠᠷ᠂ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠬᠦ ᠶᠢ ᠠᠬᠢᠭᠤᠯᠤᠨ᠎ᠠ᠃ | ᠤᠰᠤ ᠴᠠᠬᠢᠯᠭᠠᠨ ᠰᠢᠲᠠᠮᠠᠬᠠᠶ ᠬᠡᠢ ᠳᠤᠯᠠᠭᠠᠯᠠᠭ᠎ᠠ᠂ ᠪᠠᠩᠬᠢ ᠵᠡᠷᠭᠡ ᠨᠡᠶᠢᠲᠡ ᠶᠢᠨ ᠬᠡᠷᠡᠭᠯᠡᠭᠡᠨ ᠤ ᠤᠶᠢᠯᠡᠰ ᠤᠨ | ᠬᠦᠷᠢᠶᠡᠨ ᠳᠠᠬᠢ ᠥᠭᠡᠷᠡᠴᠢᠯᠡᠯᠲᠡ ᠶᠢ ᠲᠦᠷᠭᠡᠳᠬᠡᠵᠦ᠂ ᠤᠶᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠬᠦᠷᠢᠶᠡᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠨᠡᠯᠡᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ | ︵ᠭᠤᠷᠪᠠ︶ ᠰᠢᠨ᠎ᠡ ᠶᠢ ᠡᠭᠦᠳᠦᠨ ᠠᠳᠠᠯ ᠤᠶᠢᠯᠡᠰ ᠴᠣᠭᠴᠠᠯᠠᠬᠤ ᠳᠤᠭᠤᠶᠢᠯᠠᠩ ᠢ ᠤᠷᠮᠠᠰᠢᠭᠤᠯᠤᠨ | ᠵᠣᠷᠢᠭᠵᠢᠭᠤᠯᠵᠤ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠬᠢᠵᠦ᠂ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠲᠦᠷᠦᠭᠦᠯᠡᠨ | ᠠᠬᠢᠭᠤᠯᠵᠤ᠂ ᠲᠦᠮᠡᠨ ᠣᠯᠠᠨ ᠢᠶᠠᠷ ᠢᠶᠠᠨ ᠠᠳᠠᠯ ᠤᠶᠢᠯᠡᠰ ᠴᠣᠭᠴᠠᠯᠠᠬᠤ᠂ ᠲᠦᠮᠡᠨ ᠣᠯᠠᠨ ᠢᠶᠠᠷ ᠢᠶᠠᠨ ᠰᠢᠨ᠎ᠡ ᠶᠢ | ᠡᠭᠦᠳᠬᠦ ᠳᠡᠰ ᠳᠡᠪᠰᠢᠭᠰᠡᠨ ᠬᠡᠪᠯᠡᠯ ᠢ ᠪᠣᠶ ᠪᠣᠯᠭᠠᠬᠤ ᠶᠢ ᠬᠠᠷᠢᠭᠤᠴᠠᠵᠤ᠂ ᠰᠢᠨ᠎ᠡ ᠬᠠᠭᠤᠴᠢᠨ ᠬᠥᠳᠡᠯᠭᠡᠭᠴᠢ | ᠡᠨᠧᠷᠭᠢ ᠶᠢᠨ ᠵᠠᠯᠭᠠᠯᠳᠤᠨ ᠰᠣᠯᠢᠭᠳᠠᠬᠤ ᠶᠢ ᠠᠬᠢᠭᠤᠯᠤᠨ᠎ᠠ᠃ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ᠂ | ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠬᠡᠷᠡᠭᠯᠡᠬᠦ ᠪᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠬᠢᠴᠠᠭᠤᠯᠤᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠠᠵᠢᠯᠲᠠᠳ ᠲᠤ ᠨᠡᠩ ᠶᠡᠭᠡ ᠡᠵᠡᠨ ᠮᠡᠳᠡᠬᠦ ᠡᠷᠬᠡ ᠣᠯᠭᠤᠵᠤ᠂ ᠰᠢᠨ᠎ᠡ ᠶᠢ ᠡᠭᠦᠳᠬᠦ ᠦᠷ᠎ᠡ ᠪᠦᠲᠦᠭᠡᠯ ᠢ | ᠬᠤᠪᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠳᠠᠯ ᠤᠶᠢᠯᠡᠰ ᠴᠣᠭᠴᠠᠯᠠᠵᠤ ᠰᠢᠨ᠎ᠡ ᠶᠢ ᠡᠭᠦᠳᠬᠦ ᠰᠢᠨ᠎ᠡ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠰᠢᠨ᠎ᠡ ᠪᠠᠷ ᠬᠥᠭᠵᠢᠭᠰᠡᠨ | ᠠᠵᠤ ᠤᠶᠢᠯᠡᠰ ᠤᠨ ᠪᠡᠶ᠎ᠡ ᠳᠤᠨᠢ ᠲᠣᠬᠢᠷᠠᠭᠤᠯᠤᠨ ᠲᠣᠭᠲᠠᠭᠠᠨ ᠲᠣᠭᠲᠠᠭᠠᠵᠤ ᠪᠠᠭᠳᠠᠭᠠᠮᠵᠢᠲᠠᠢ ᠪᠣᠯᠭᠤᠮᠵᠢᠲᠠᠶ ᠬᠢᠨᠠᠨ | ᠬᠠᠮᠢᠶᠠᠷᠬᠤ ᠵᠠᠭᠪᠤᠷ ᠪᠠ ᠪᠠᠷᠢᠮᠵᠢᠶ᠎ᠠ ᠵᠢᠷᠤᠮᠵᠢᠯ ᠢ ᠲᠣᠭᠲᠠᠭᠠᠨ᠂ ᠠᠮᠤᠷ ᠲᠦᠪᠰᠢᠨ ᠪᠠ ᠶᠠᠰᠤ ᠴᠢᠨᠠᠷ ᠤᠨ ᠬᠢᠵᠠᠭᠠᠷ | ᠱᠤᠭᠤᠮ ᠢ ᠪᠠᠲᠤ ᠰᠠᠬᠢᠨ᠎ᠠ᠃ ᠤᠶᠢᠯᠡᠴᠢᠯᠡᠭᠡᠨ ᠤ ᠲᠠᠯ᠎ᠠ ᠪᠠᠷ᠂ ᠡᠯ᠎ᠡ ᠲᠥᠷᠥᠯ ᠤᠨ ᠭᠤᠤᠯ ᠴᠣᠭᠴᠠ ᠶᠢᠨ | ᠭᠦᠢᠯᠭᠡᠭᠡᠨ ᠰᠢᠨ᠎ᠡ ᠶᠢ ᠡᠭᠦᠳᠬᠦ ᠶᠢ ᠵᠤᠬᠢᠴᠠᠭᠤᠯᠤᠨ ᠠᠬᠢᠭᠤᠯᠵᠤ᠂ ᠠᠳᠠᠯ ᠤᠶᠢᠯᠡᠰ ᠴᠣᠭᠴᠠᠯᠠᠵᠤ ᠰᠢᠨ᠎ᠡ ᠶᠢ | ᠡᠭᠦᠳᠬᠦ ᠪᠠᠯᠠ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠬᠤᠪᠢᠶᠠᠷᠢᠯᠠᠯᠲᠠ ᠶᠢᠨ | ᠲᠣᠭᠲᠠᠴᠠ ᠶᠢ ᠥᠭᠡᠷᠡᠴᠢᠯᠡᠵᠦ᠂ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠴᠢᠳᠠᠪᠤᠷᠢᠲᠠᠨ ᠤ ᠵᠦᠶ | ᠵᠣᠬᠢᠰᠲᠠᠶ ᠪᠠᠷ ᠰᠢᠯᠵᠢᠬᠦ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠬᠢᠷᠢ ᠭᠡᠮ ᠤᠨ ᠬᠠᠮᠢᠶᠠᠷᠤᠯᠲᠠ ᠶᠢᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠣᠯᠭᠤᠯᠲᠠ ᠪᠠ ᠤᠷ᠎ᠠ ᠴᠢᠳᠠᠪᠤᠷᠢ ᠶᠢᠨ | ᠤᠶᠢᠯᠡᠴᠢᠯᠡᠭᠡ ᠶᠢ ᠴᠢᠩᠭᠠᠳᠬᠠᠵᠤ᠂ ᠠᠵᠢᠯ ᠣᠯᠭᠤᠯᠲᠠ ᠶᠢᠨ ᠰᠢᠨ ᠡ ᠬᠡᠯᠪᠡᠷᠢ ᠪᠠᠶᠢᠳᠠᠯ ᠢ ᠳᠡᠮᠵᠢᠬᠦ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠦᠨ᠎ᠡ᠃ | ︵ᠳᠦᠷᠪᠡ︶ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠳᠤᠭᠤᠶᠢᠯᠠᠩ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ | ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠬᠠᠷᠢᠭᠤᠴᠠᠨ᠎ᠠ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠭᠤᠤᠯᠴᠢ ᠥᠷᠢᠰᠥᠯᠳᠦᠭᠡᠨ ᠤ | ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ᠎ᠠ᠃ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ᠂ ᠠᠵᠤ | ᠠᠬᠤᠶᠢᠯᠠᠯ ᠡᠷᠬᠢᠯᠡᠬᠦ ᠴᠠᠭ ᠢ ᠪᠠᠭᠠᠰᠬᠠᠵᠤ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ︽ᠣᠯᠠᠨ ᠦᠨᠡᠮᠯᠡᠯ ᠢ ᠨᠢᠭᠡᠳᠬᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ | ᠤᠶᠢᠯᠡᠳᠪᠦᠷᠢ ᠶᠢᠨ ᠤᠶᠢᠯᠡᠳᠬᠦᠨ ᠤ ᠤᠶᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠳᠦᠷᠢᠮ ᠤᠨ | ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ ᠳᠥᠭᠦᠮ ᠳᠥᠲᠡ ᠬᠦᠴᠦᠨ ᠦᠭᠡᠶ ᠪᠣᠯᠭᠠᠬᠤ ᠥᠭᠡᠷᠡᠴᠢᠯᠡᠯᠲᠡ ᠶᠢ | ᠶᠠᠪᠤᠭᠤᠯᠤᠨ᠎ᠠ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ︽ᠬᠤᠶᠠᠷ ᠢ ᠲᠠᠰᠢᠷᠠᠮ ᠳᠠᠭᠠᠤ᠂ ᠨᠢᠭᠡ ᠶᠢ ᠢᠯᠡ | ᠪᠣᠯᠭᠠᠬᠤ︾ ᠬᠢᠨᠠᠯᠲᠠ ᠬᠠᠮᠢᠶᠠᠷᠤᠯᠲᠠ ᠪᠠᠷ ᠦᠨᠳᠦᠰᠦᠨ ᠠᠷᠭ᠎ᠠ ᠪᠠᠷᠢᠯ ᠪᠣᠯᠭᠠᠭᠰᠠᠨ᠂ ᠭᠤᠤᠯᠳᠠᠯᠭ᠎ᠠ ᠲᠠᠢ ᠬᠢᠨᠠᠯᠲᠠ | ᠬᠠᠮᠢᠶᠠᠷᠤᠯᠲᠠ ᠪᠠᠷ ᠨᠥᠬᠦᠪᠥᠷᠢ ᠪᠣᠯᠭᠠᠭᠰᠠᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ | ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠰᠠᠯᠠᠭ᠎ᠠ ᠮᠥᠴᠢᠷ ᠠᠯᠤᠰᠯᠠᠨ | ᠬᠠᠮᠲᠤᠷᠠᠨ ᠬᠢᠨᠠᠨ ᠬᠠᠮᠢᠶᠠᠷᠬᠤ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠠᠬᠢᠭᠤᠯᠤᠨ᠎ᠠ᠃ | ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠪᠠ ᠴᠢᠯᠥᠭᠡᠲᠦ ᠳᠠᠭᠠᠭᠠᠴᠠ ᠶᠢᠨ ᠡᠷᠬᠡ ᠶᠢ ᠵᠢᠷᠤᠮᠵᠢᠭᠤᠯᠤᠨ᠎ᠠ᠃ | ᠤᠶᠢᠯᠡᠴᠢᠯᠡᠭᠡᠨ ᠤ ᠲᠠᠯ᠎ᠠ ᠪᠠᠷ᠂ ᠪᠠᠷᠢᠮᠵᠢᠶ᠎ᠠ ᠶᠢᠨ ᠬᠥᠲᠥᠯᠥᠨ ᠳᠠᠭᠠᠭᠤᠯᠬᠤ ᠪᠠ ᠵᠢᠷᠤᠮᠵᠢᠭᠤᠯᠬᠤ ᠤᠶᠢᠯᠡᠳᠤᠯ ᠢ | ᠪᠠᠳᠠᠷᠠᠭᠤᠯᠵᠤ᠂ ᠪᠠᠷᠢᠮᠵᠢᠶ᠎ᠠ ᠶᠢᠨ ᠰᠢᠰᠲ᠋ᠧᠮᠵᠢ ᠶᠢ ᠴᠢᠩᠭᠠᠷᠠᠭᠤᠯᠤᠨ᠂ ᠭᠡᠷᠡᠴᠢᠯᠡᠵᠦ ᠵᠥᠪᠰᠢᠶᠡᠷᠡᠬᠦ ᠪᠠᠶᠢᠴᠠᠭᠠᠨ | ᠰᠢᠯᠭᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃ | ︵ᠲᠠᠪᠤ︶ ᠨᠡᠶᠢᠭᠡᠮ ᠤᠨ ᠤᠶᠢᠯᠡᠴᠢᠯᠡᠭᠡᠨ ᠤ ᠳᠤᠭᠤᠶᠢᠯᠠᠩ ᠢ ᠰᠠᠶᠢᠵᠢᠷᠠᠭᠤᠯᠤᠨ᠎ᠠ᠃ ᠰᠢᠶᠠᠨ ᠤ ᠵᠠᠰᠠᠭ ᠤᠨ | ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠪᠠᠷ ᠲᠦᠷᠦᠭᠦᠯᠡᠭᠦᠯᠦᠨ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ | ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠨᠡᠶᠢᠭᠡᠮ ᠤᠨ ᠪᠠᠲᠤᠯᠠᠭ᠎ᠠ ᠵᠢᠴᠢ ᠨᠡᠶᠢᠭᠡᠮ ᠤᠨ ᠬᠠᠮᠢᠶᠠᠷᠤᠯᠲᠠ ᠵᠡᠷᠭᠡ | ᠬᠦᠷᠢᠶᠡᠨ ᠳᠠᠬᠢ ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ ᠦᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠬᠤ ᠶᠢ | ᠬᠠᠷᠢᠭᠤᠴᠠᠨ᠎ᠠ᠃ ᠠᠷᠠᠳ ᠣᠯᠠᠨ ᠳᠤ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ᠂ ᠲᠥᠪ ᠭᠤᠤᠯᠴᠢ | ᠪᠥᠭᠡᠳ ᠬᠦᠷᠦᠯᠴᠡᠬᠦ᠋ᠢᠴᠡ ᠣᠯᠠᠨ ᠨᠡᠶᠢᠲᠡ ᠶᠢᠨ ᠤᠶᠢᠯᠡᠴᠢᠯᠡᠭᠡ ᠬᠠᠩᠭᠠᠨ᠎ᠠ᠃ ᠡᠷᠬᠡ ᠶᠢ ᠳᠣᠷᠣᠭᠰᠢ ᠪᠠᠭᠤᠯᠭᠠᠬᠤ | ᠲᠠᠯ᠎ᠠ ᠪᠠᠷ᠂ ᠤᠶᠢᠯᠡᠴᠢᠯᠡᠭᠡᠨ ᠤ ᠤᠶᠢᠯᠡᠰ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ | ᠪᠣᠯᠭᠠᠬᠤ ᠶᠢ ᠵᠣᠬᠢᠴᠠᠭᠤᠯᠤᠨ ᠠᠬᠢᠭᠤᠯᠵᠤ᠂ ᠵᠠᠬ᠎ᠠ ᠳᠡᠯᠭᠡᠭᠦᠷ ᠤᠨ ᠬᠦᠴᠦᠨ ᠢ ᠳᠠᠶᠢᠴᠢᠯᠠᠨ ᠣᠯᠠᠨ ᠨᠡᠶᠢᠲᠡ ᠶᠢᠨ | ᠦᠨᠳᠦᠰᠦᠨ ᠪᠤᠰᠤ ᠤᠶᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ | ᠂ ᠵᠠᠰᠠᠭ ᠤᠨ ᠣᠷᠳᠣᠨ ᠤ ᠴᠣᠩᠬᠤᠪᠴᠢ ᠤᠶᠢᠯᠡᠴᠢᠯᠡᠭᠡᠨ ᠤ ᠬᠢᠨᠠᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ | ᠤᠶᠢᠯᠡᠴᠢᠯᠡᠭᠡᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠤᠶᠢᠯᠡᠴᠢᠯᠡᠭᠡᠨ ᠤ ᠲᠠᠯ᠎ᠠ ᠪᠠᠷ᠂ | ᠠᠷᠠᠳ ᠤᠨ ᠠᠮᠢᠳᠤᠷᠠᠯ ᠤᠨ ᠵᠦᠢᠯᠡᠰ ᠢ ᠭᠦᠢᠴᠡᠳᠬᠡᠬᠦ ᠴᠤᠪᠤᠷᠠᠯ ᠪᠠ ᠭᠠᠷᠳᠠᠮ ᠢ ᠳᠥᠭᠦᠮᠴᠢᠯᠡᠨ ᠰᠢᠯᠢᠳᠡᠭᠵᠢᠭᠦᠯᠵᠦ᠂ | ᠨᠠᠰᠤᠵᠢᠯ ᠤᠨ ᠳᠠᠭᠠᠳᠬᠠᠯ᠂ ᠡᠮᠴᠢᠯᠡᠭᠡᠨ ᠤ ᠳᠠᠭᠠᠳᠬᠠᠯ ᠵᠡᠷᠭᠡ ᠵᠦᠢᠯᠡᠰ ᠢ ᠣᠨᠳᠣᠤ ᠭᠠᠵᠠᠷ ᠲᠤ | ᠰᠦᠯᠵᠢᠶᠡᠵᠢᠭᠦᠯᠦᠨ ᠭᠦᠢᠴᠡᠳᠬᠡᠬᠦ ᠶᠢ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾᠂ ︽ | ᠢᠨᠲ᠋ᠧᠷ ᠰᠦᠯᠵᠢᠶ᠎ᠡ + ᠡᠮᠴᠢᠯᠡᠭᠡ︾ ᠵᠡᠷᠭᠡ ᠵᠠᠭᠪᠤᠷ ᠢ ᠭᠦᠢᠴᠡᠳ ᠬᠡᠷᠡᠭᠯᠡᠵᠦ᠂ ᠴᠢᠨᠠᠷ ᠰᠠᠶᠢᠲᠠᠶ ᠣᠯᠠᠨ | ᠨᠡᠶᠢᠲᠡ ᠶᠢᠨ ᠤᠶᠢᠯᠡᠴᠢᠯᠡᠭᠡᠨ ᠤ ᠡᠬᠢ ᠪᠠᠶᠠᠯᠢᠭ ᠤᠨ ᠰᠠᠴᠤᠷᠠᠯᠲᠠ ᠶᠢᠨ ᠤᠶᠢᠯᠡᠳᠤᠯ ᠢ ᠴᠢᠩᠭᠠᠳᠬᠠᠨ᠎ᠠ᠃ | ᠳᠥᠷᠪᠡᠨ ᠪᠠᠲᠤᠯᠠᠬᠤ ᠳᠤᠭᠤᠶᠢᠯᠠᠩ ᠨᠢ ᠲᠤᠰ ᠲᠤᠰ ᠶᠡᠷᠦᠩᠬᠡᠶᠢᠯᠡᠭᠰᠡᠨ ᠳᠤᠭᠤᠶᠢᠯᠠᠩ᠂ ᠬᠠᠤᠯᠢ ᠪᠠᠷ | ᠵᠠᠰᠠᠬᠤ ᠳᠤᠭᠤᠶᠢᠯᠠᠩ᠂ ᠰᠢᠪᠠᠳᠠᠨ ᠪᠠᠶᠢᠴᠠᠭᠠᠬᠤ ᠳᠤᠭᠤᠶᠢᠯᠠᠩ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠣᠯᠤᠨ᠎ᠠ᠂ | ᠭᠤᠤᠯᠳᠠᠭᠤ ᠬᠠᠮᠢᠶ᠎ᠠ ᠪᠦᠬᠦᠢ ᠮᠡᠳᠡᠭᠡ ᠵᠠᠩᠭᠢ ᠶᠢᠨ ᠮᠠᠲ᠋ᠧᠷᠢᠶᠠᠯ ᠢ ᠴᠤᠭᠯᠠᠭᠤᠯᠤᠨ ᠬᠤᠷᠢᠶᠠᠩᠭᠤᠶᠢᠯᠠᠵᠤ᠂ ᠠᠵᠢᠯ ᠤᠨ | ᠲᠣᠪᠴᠢ ᠮᠡᠳᠡᠭᠡ ᠨᠠᠶᠢᠷᠠᠭᠤᠯᠤᠨ ᠲᠠᠷᠬᠠᠭᠠᠵᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ | ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ︔ ᠳᠡᠭᠡᠳᠦ | ᠱᠠᠲᠤᠨ ᠤ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ | ᠤᠶᠢᠯᠡᠴᠢᠯᠡᠬᠦ︾ ᠥᠭᠡᠷᠡᠴᠢᠯᠡᠯᠲᠡ ᠶᠢᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠠᠰᠠᠭᠤᠳᠠᠯ ᠢ ᠴᠠᠭ ᠲᠤᠬᠠᠶ ᠳᠤᠨᠢ | ᠲᠠᠶᠢᠯᠤᠮᠵᠢ ᠬᠢᠨ᠎ᠠ︔ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠵᠤ᠂ ᠡᠯ᠎ᠡ ᠲᠤᠰᠬᠠᠶ ᠰᠡᠳᠦᠪᠲᠦ ᠳᠤᠭᠤᠶᠢᠯᠠᠩ ᠤᠨ | ᠥᠭᠡᠷᠡᠴᠢᠯᠡᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠬᠤᠯᠪᠣᠭᠳᠠᠯ ᠪᠦᠬᠦᠢ ᠥᠭᠡᠷᠡᠴᠢᠯᠡᠯᠲᠡ ᠳᠤ | ᠨᠡᠶᠢᠭᠡᠮ ᠤᠨ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠬᠢᠨᠠᠨ ᠪᠠᠶᠢᠴᠠᠭᠠᠵᠤ ᠰᠢᠪᠠᠳᠠᠨ ᠰᠢᠢᠳᠪᠦᠷᠢᠯᠡᠬᠦ ᠬᠡᠷᠡᠭᠲᠡᠶ︔ | ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠭᠠ ᠬᠠᠩᠭᠠᠵᠤ᠂ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠵᠦᠢᠯᠡᠰ ᠲᠤ | ᠭᠤᠷᠪᠠᠳᠠᠬᠢ ᠡᠲᠡᠭᠡᠳ ᠠᠴᠠ ᠦᠨᠡᠯᠡᠨ ᠵᠢᠱᠢᠵᠦ᠂ ᠪᠤᠰᠤᠳᠴᠢ ᠲᠥᠪ ᠭᠤᠤᠯᠴᠢ ᠪᠠᠷ ᠰᠠᠨᠠᠯ ᠰᠠᠨᠠᠭᠤᠯᠭ᠎ᠠ | ᠳᠤᠷᠠᠳᠤᠨ᠎ᠠ᠃ |