ᠮᠠᠨ ᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ 2020 ᠣᠨ ᠤ ᠰᠠᠬᠢᠯᠭ᠎ᠠ ᠪᠠᠲᠦ ᠬᠡᠷᠡᠭᠵᠢᠭᠦᠯᠬᠦ ᠬᠢᠨᠠᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠤᠷᠤᠯᠳᠤᠭᠠᠨ ᠥᠷᠨᠢᠭᠦᠯᠪᠡ
ᠨᠡᠶᠢᠲᠡᠯᠡᠭᠰᠡᠨ ᠴᠠᠭ᠄
2020/12/9
   12 ᠰᠠᠷ᠎ᠠ ᠶᠢᠨ 4 ᠤ ᠡᠳᠦᠷ᠂ ᠮᠠᠨ ᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ︽ᠤᠭ ᠰᠠᠨᠠᠭ᠎ᠠ ᠪᠠᠨ ᠰᠠᠬᠢᠵᠤ ᠦᠨᠡᠨᠴᠢ ᠰᠢᠳᠤᠷᠭᠤ ᠪᠠᠷ ᠵᠢᠳᠬᠦᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠬᠠᠮᠲᠤ ᠪᠠᠷ ᠤᠷᠤᠭᠰᠢᠯᠠᠬᠤ︾ ᠪᠠᠷ ᠭᠤᠤᠯ ᠰᠡᠳᠦᠪ ᠪᠣᠯᠭᠠᠭᠰᠠᠨ ᠪᠥᠬᠦ ᠰᠢᠶᠠᠨ ᠤ ᠰᠠᠬᠢᠯᠭ᠎ᠠ ᠪᠠᠲᠤ  ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠤᠷᠤᠯᠳᠤᠭᠠᠨ ᠥᠷᠨᠢᠭᠦᠯᠪᠡ᠃ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠠᠴᠠ ᠢᠷᠡᠭᠰᠡᠨ ᠨᠠᠮ ᠤᠨ ᠭᠡᠰᠢᠭᠦᠨ ᠺᠠᠳ᠋ᠷ ᠪᠣᠯᠤᠨ ᠰᠢᠶᠠᠩ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠲᠦᠯᠦᠭᠡᠯᠡᠭᠴᠢ ᠲᠤᠰ ᠤᠳᠠᠭᠠᠨ ᠤ ᠤᠷᠤᠯᠳᠤᠭᠠᠨ ᠤ ᠠᠵᠢᠯᠯᠠᠭ᠎ᠠ ᠳᠤ ᠣᠷᠣᠯᠴᠠᠪᠠ᠃
   ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠶ ᡁᠢ ᠵᠢᠶᠦ᠋ᠨ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃ ᠪᠠᠶ ᡁᠢ ᠵᠢᠶᠦ᠋ᠨ ᠵᠢᠭᠠᠵᠤ ᠭᠠᠷᠭᠠᠭᠰᠠᠨ ᠨᠢ᠂ ᠮᠡᠳᠡᠯᠭᠡ ᠶᠢᠨ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠬᠦ ᠪᠣᠯ ᠪᠥᠬᠦ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ︽ᠺᠠᠳ᠋ᠷ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ︾ ᠠᠵᠢᠯᠯᠠᠭ᠎ᠠ ᠶᠢᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠪᠠ ᠳᠡᠯᠭᠡᠨ ᠦᠵᠡᠭᠦᠯᠬᠦ ᠶᠠᠪᠤᠳᠠᠯ ᠪᠣᠯᠤᠨ᠎ᠠ᠂ ᠡᠨᠡ ᠤᠳᠠᠭᠠᠨ ᠤ ᠤᠷᠤᠯᠳᠤᠭᠠᠨ ᠤ ᠠᠵᠢᠯᠯᠠᠭ᠎ᠠ ᠪᠠᠷ ᠲᠣᠬᠢᠶᠠᠯ  ᠪᠤᠯᠭᠠᠨ᠂ ᠰᠤᠷᠤᠯᠴᠠᠬᠤ ᠳᠤᠷᠠᠲᠠᠶ ᠬᠠᠯᠠᠭᠤᠨ ᠥᠷᠨᠢᠯᠲᠡ ᠭᠠᠷᠭᠠᠵᠤ᠂ ᠨᠠᠰᠤᠨ ᠲᠤᠷᠰᠢᠳᠠ ᠰᠤᠷᠤᠯᠴᠠᠬᠤ ᠣᠶᠢᠯᠠᠭᠠᠭᠳᠠᠬᠤᠨ ᠢ ᠪᠣᠶ ᠪᠣᠯᠭᠠᠵᠤ᠂ ᠰᠤᠷᠴᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠵᠤ᠂ ᠰᠤᠷᠤᠯᠴᠠᠬᠤ ᠶᠢᠨ ᠳᠠᠭᠠᠤ ᠠᠵᠢᠯᠯᠠᠨ᠎ᠠ᠃ ᠨᠠᠮ ᠤᠨ ᠰᠠᠬᠢᠯᠭ᠎ᠠ ᠪᠠᠲᠤ ᠪᠠ ᠤᠯᠤᠰ ᠤᠨ ᠬᠠᠤᠯᠢ ᠴᠠᠭᠠᠵᠠ ᠶᠢᠨ ︽ᠬᠤᠶᠠᠷ ᠬᠡᠮᠵᠢᠭᠦᠷ︾ ᠢ ᠨᠢᠭᠡᠳᠦᠯᠲᠡᠶ ᠲᠦᠯᠦᠪᠯᠡᠨ ᠰᠠᠶᠢᠲᠤᠷ ᠬᠡᠷᠡᠭᠯᠡᠵᠦ᠂ ᠪᠥᠬᠦ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠨᠡᠩ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠤᠨ᠎ᠠ᠃
   ᠤᠷᠤᠯᠳᠤᠭᠠᠨ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ︽ᠬᠢᠨᠠᠨ ᠪᠠᠶᠢᠴᠠᠭᠠᠬᠤ ᠬᠠᠤᠯᠢ︾᠂ ︽ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠭᠠᠯ︾᠂ ︽ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠠᠵᠢᠯ ᠤᠨ ᠳᠦᠷᠢᠮ︾ ᠵᠡᠷᠭᠡ ᠠᠭᠤᠯᠭ᠎ᠠ ᠶᠢᠨ ᠲᠣᠭᠤᠷᠢᠨ ᠳᠤ᠂ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠠᠶᠤᠯ ᠲᠦᠭᠰᠢᠭᠦᠷᠢ ᠶᠢᠨ ᠰᠡᠳᠦᠪ ᠵᠡᠷᠭᠡ ᠠᠭᠤᠯᠭ᠎ᠠ ᠶᠢ ᠲᠣᠬᠢᠷᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠶᠡᠷᠦᠩᠬᠡᠶᠢᠯᠡᠭᠰᠡᠨ ᠬᠡᠪ ᠴᠢᠨᠠᠷ ᠪᠠ ᠡᠭᠦᠷᠭᠡ ᠲᠤᠰᠢᠶᠠᠯ ᠢᠶᠠᠨ  ᠭᠦᠢᠴᠡᠳᠬᠡᠬᠦ ᠴᠢᠳᠠᠪᠤᠷᠢ ᠶᠢ ᠪᠦᠬᠦ ᠲᠠᠯ᠎ᠠ ᠪᠠᠷ ᠰᠢᠨᠵᠢᠯᠡᠨ ᠪᠠᠶᠢᠴᠠᠭᠠᠵᠤ᠂ ᠤᠷᠤᠯᠳᠤᠭᠠᠨ ᠤ ᠳᠤᠮᠳᠠ᠂  ᠯᠠᠪᠳᠠᠭᠤᠨ ᠲᠣᠭᠲᠠᠭᠤᠨ ᠢᠶᠠᠷ ᠤᠷᠤᠯᠳᠤᠭᠠᠨ ᠢ ᠬᠦᠯᠢᠶᠡᠵᠦ᠂ ᠨᠢᠭᠲᠠ ᠬᠠᠮᠵᠢᠯᠴᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠤᠨ ᠤᠯᠤᠰ ᠲᠥᠷᠥ ᠶᠢ ᠡᠷᠬᠢᠮᠯᠡᠬᠦ᠂ ᠬᠡᠪ ᠴᠢᠨᠠᠷ ᠢ ᠳᠡᠭᠡᠭᠰᠢᠯᠡᠭᠦᠯᠬᠦ᠂ ᠡᠷᠳᠡᠮ ᠴᠢᠳᠠᠪᠤᠷᠢ ᠶᠢ ᠴᠢᠩᠭᠠᠳᠬᠠᠬᠤ ᠰᠤᠷᠲᠠᠯ ᠢ  ᠭᠦᠢᠴᠡᠳ ᠢᠯᠡᠷᠡᠭᠦᠯᠪᠡ᠃ ᠬᠤᠷᠴᠠ ᠰᠢᠷᠦᠭᠦᠨ ᠴᠠᠭ ᠨᠡᠮᠡᠬᠦ ᠤᠷᠤᠯᠳᠤᠭᠠᠨ ᠢᠶᠠᠷ ᠳᠠᠮᠵᠢᠨ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠲᠦᠯᠦᠭᠡᠯᠡᠭᠴᠢ ᠬᠤᠶᠠᠳᠤᠭᠠᠷ ᠠᠩᠭᠢ ᠨᠢᠭᠡᠳᠦᠭᠡᠷ ᠲᠠᠰ ᠤᠨ ᠱᠠᠩᠨᠠᠯ ᠣᠯᠵᠤ᠂ ᠰᠢᠶᠠᠨ ᠤ ᠰᠠᠬᠢᠯᠭ᠎ᠠ ᠪᠠᠲᠤ  ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠲᠥᠯᠥᠭᠡᠯᠡᠭᠴᠢ ᠶᠢᠨ ᠨᠢᠭᠡᠳᠦᠭᠡᠷ ᠠᠩᠭᠢ᠂ ᠴᠠᠭᠳᠠᠨ ᠪᠠᠶᠢᠴᠠᠭᠠᠬᠤ ᠠᠯᠪᠠᠨ ᠭᠡᠷ ᠤᠨ ᠲᠥᠯᠥᠭᠡᠯᠡᠭᠴᠢᠳ ᠤᠨ ᠠᠩᠭᠢ ᠬᠤᠶᠠᠳᠤᠭᠠᠷ ᠲᠠᠰ ᠤᠨ ᠱᠠᠩᠨᠠᠯ ᠬᠦᠷᠲᠡᠪᠡ᠃ ᠰᠢᠶᠠᠩ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠠᠯᠪᠠᠨ ᠭᠡᠷ ᠤᠨ ᠲᠦᠯᠦᠭᠡᠯᠡᠭᠴᠢ ᠨᠢᠭᠡᠳᠦᠭᠡᠷ ᠠᠩᠭᠢ᠂ ᠬᠤᠶᠠᠳᠤᠭᠠᠷ ᠠᠩᠭᠢ᠂ ᠭᠤᠷᠪᠠᠳᠤᠭᠠᠷ ᠠᠩᠭᠢ ᠭᠤᠷᠪᠠᠳᠤᠭᠠᠷ ᠲᠠᠰ ᠤᠨ ᠱᠠᠩᠨᠠᠯ  ᠬᠦᠷᠳᠡᠪᠡ᠃
   ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠤᠯᠭ᠎ᠠ ᠶᠢᠨ ᠺᠠᠳ᠋ᠷ ᠯᠢᠦ ᠯᠢ ᠶᠢᠩ ᠬᠡᠯᠡᠬᠦ ᠳᠡᠭᠡᠨ᠄ ᠡᠨᠡ ᠤᠳᠠᠭᠠᠨ ᠤ ᠠᠵᠢᠯᠯᠠᠭ᠎ᠠ ᠨᠢ ᠮᠠᠨ ᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠰᠠᠶᠢᠨ ᠰᠠᠶᠢᠬᠠᠨ ᠰᠤᠷᠤᠯᠴᠠᠬᠤ ᠳᠦᠷᠢ ᠲᠥᠷᠬᠦ  ᠶᠢ ᠭᠦᠢᠴᠡᠳ ᠢᠯᠡᠷᠡᠭᠦᠯᠵᠡᠶ᠃ ᠰᠤᠷᠤᠯᠴᠠᠬᠤ ᠶᠢᠨ ᠳᠠᠭᠠᠤ ᠠᠵᠢᠯᠯᠠᠵᠤ᠂ ᠰᠤᠷᠴᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠣᠶᠢᠯᠠᠭᠠᠭᠳᠠᠬᠤᠨ ᠰᠤᠷᠤᠯᠴᠠᠯᠭ᠎ᠠ ᠶᠢ ᠰᠣᠨᠢᠷᠬᠠᠯᠲᠠᠶ ᠪᠣᠯᠭᠠᠵᠤ᠂ ᠣᠯᠠᠨ ᠤ ᠰᠤᠷᠤᠯᠴᠠᠬᠤ ᠤᠷᠮ᠎ᠠ ᠵᠣᠷᠢᠭ ᠢ ᠬᠥᠭᠵᠢᠭᠡᠵᠡᠶ᠃  ᠳᠠᠷᠠᠭᠠᠴᠢ ᠠᠯᠬᠤᠮ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠨᠡᠩ ᠰᠠᠶᠢᠲᠤᠷ  ᠦᠷᠨᠢᠭᠦᠯᠵᠦ᠂ ᠨᠠᠮ ᠪᠣᠯᠤᠨ ᠠᠷᠠᠳ ᠲᠦᠮᠡᠨ ᠤ ᠦᠨᠡᠨᠴᠢ ᠰᠢᠳᠤᠷᠭᠤ ᠬᠠᠮᠠᠭᠠᠯᠠᠭᠴᠢ ᠶᠢᠨ ᠰᠠᠭᠤᠷᠢ ᠶᠢ  ᠪᠠᠬᠢᠵᠢᠭᠦᠯᠦᠨ᠎ᠡ᠃               ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2