ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠮᠠᠨ ᠤ ᠰᠢᠶᠠᠨ ᠤ ᠠᠷᠠᠳ ᠣᠯᠠᠨ ᠤ | ᠤᠶᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠶᠢᠨ ᠲᠥᠯᠥᠭᠡ᠂ | ᠳᠡᠭᠡᠳᠦ ᠱᠠᠲᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠵᠦᠸᠧᠽᠢ ᠰᠢᠶᠠᠨ ᠤ ᠵᠠᠰᠠᠭ ᠤᠨ | ᠶᠠᠪᠤᠳᠠᠯ ᠤᠨ ᠤᠶᠢᠯᠡᠴᠢᠯᠡᠭᠡᠨ ᠤ ᠲᠥᠪ 2 ᠰᠠᠷ᠎ᠠ ᠶᠢᠨ 24 ᠤ ᠡᠳᠦᠷ ᠠᠴᠠ ᠡᠬᠢᠯᠡᠨ ᠤᠶᠢᠯᠡᠴᠢᠯᠡᠬᠦ ᠴᠣᠩᠬᠤᠨ ᠤ | ᠲᠤᠬᠠᠶᠢᠯᠠᠭᠰᠠᠨ ᠠᠵᠢᠯ ᠢᠶᠠᠨ ᠰᠡᠷᠭᠦᠭᠡᠪᠡ᠃ | ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠢᠩᠬᠢᠮ ᠤᠨ ᠲᠤᠬᠠᠶ ᠶᠢᠨ ᠲᠠᠯᠠᠪᠤᠷ ᠲᠤ ᠬᠦᠷᠴᠦ ᠤᠴᠢᠷ | ᠶᠠᠪᠤᠳᠠᠯ ᠢ ᠭᠦᠢᠴᠡᠳᠬᠡᠬᠦ ᠴᠢᠬᠤᠯᠠᠲᠠᠶ ᠣᠯᠠᠨ ᠲᠦᠮᠡᠨ ᠳᠤ᠂ ᠵᠠᠷᠴᠢᠮ ᠳᠡᠭᠡᠷ᠎ᠡ ᠪᠠᠨ ᠤᠷᠢᠳᠠᠪᠠᠷ ᠤᠲᠠᠰᠤ ᠪᠠᠷ | ᠤᠷᠢᠳᠴᠢᠯᠠᠨ ᠪᠤᠯᠵᠤᠵᠦ ᠵᠥᠷᠢᠭᠦᠯᠦᠨ ᠭᠦᠢᠴᠡᠳᠬᠡᠬᠦ ᠶᠢ ᠰᠠᠨᠠᠭᠤᠯᠤᠨ᠎ᠠ᠃ ᠲᠢᠩᠬᠢᠮ ᠳᠤ ᠤᠷᠤᠭᠰᠠᠨ ᠪᠣᠶ ᠪᠥᠬᠦᠶ | ᠬᠥᠮᠦᠰ ᠡᠷᠬᠡᠪᠰᠢ ᠪᠥᠬᠦ ᠶᠠᠪᠤᠴᠠ ᠳᠤ ᠠᠮᠠᠪᠴᠢ ᠵᠡᠭᠦᠵᠦ᠂ ᠪᠡᠶ᠎ᠡ ᠶᠢᠨ ᠦᠨᠡᠮᠯᠡᠯ ᠢᠶᠠᠨ ᠠᠪᠴᠤ ᠦᠨᠡᠨ ᠨᠡᠷ᠎ᠡ ᠪᠠᠷ | ᠳᠠᠩᠰᠠᠯᠠᠬᠤ ᠶᠢᠨ ᠬᠠᠮᠲᠤ᠂ ︽ᠥᠯᠵᠡᠶ︾ ᠬᠤᠲᠠ ᠬᠥᠳᠡᠭᠡ ᠶᠢᠨ ᠤᠶᠢᠯᠡᠴᠢᠯᠡᠭᠡ ᠶᠢᠨ ᠬᠠᠮᠢᠶᠠᠷᠤᠯᠲᠠ ᠶᠢᠨ | ᠲᠠᠪᠴᠠᠩ ᠢ ᠳᠠᠩᠰᠠᠯᠠᠭᠤᠯᠵᠤ᠂ ᠠᠵᠢᠯᠲᠠᠨ ᠤ ᠪᠡᠶ᠎ᠡ ᠶᠢᠨ ᠳᠤᠯᠠᠭᠠᠨ ᠢᠶᠠᠨ ᠬᠡᠮᠵᠢᠭᠰᠡᠨ ᠤ ᠳᠠᠷᠠᠭ᠎ᠠ ᠺᠣᠳ᠋ ᠰᠢᠷᠪᠢᠵᠦ | ᠶᠡᠭᠡ ᠲᠢᠩᠬᠢᠮ ᠳᠤ ᠣᠷᠣᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠨᠢ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠯᠪᠤᠭᠳᠠᠯ ᠪᠦᠬᠦᠢ ᠲᠣᠭᠲᠠᠭᠠᠯ ᠶᠣᠰᠣᠭᠠᠷ ᠡᠳᠦᠷ ᠪᠦᠷᠢ ᠠᠰᠠᠷ ᠤᠨ | ᠱᠠᠲᠤ ᠶᠢᠨ ᠲᠦᠰᠢᠭᠦᠷ᠂ ᠬᠦᠯᠢᠶᠡᠬᠦ ᠰᠠᠭᠤᠳᠠᠯ᠂ ᠠᠷᠢᠭᠤᠨ ᠴᠡᠪᠡᠷ ᠤᠨ ᠥᠷᠥᠭᠡ᠂ ᠭᠠᠵᠠᠷ ᠤᠨ ᠭᠠᠳᠠᠷᠭᠤ᠂ | ᠬᠡᠷᠡᠮ ᠤᠨ ᠥᠨᠴᠥᠭ ᠵᠡᠷᠭᠡ ᠶᠢ ᠴᠢᠩᠭ᠎ᠠ ᠠᠷᠢᠭᠤᠳᠬᠠᠵᠤ᠂ ᠡᠳᠦᠷ ᠪᠦᠷᠢ ᠲᠣᠭᠲᠠᠭᠰᠠᠨ ᠴᠠᠭ ᠲᠤ ᠰᠠᠯᠬᠢ | ᠨᠡᠪᠲᠡᠷᠡᠭᠦᠯᠦᠨ᠂ ᠠᠷᠢᠭᠤᠨ ᠴᠡᠪᠡᠷ ᠠᠵᠢᠯᠯᠠᠬᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ | ᠬᠡᠷᠡᠭᠲᠡᠶ᠃ ᠶᠡᠭᠡ ᠲᠢᠩᠬᠢᠮ ᠳᠤ ᠲᠤᠰᠠᠭᠠᠷᠯᠠᠬᠤ ᠥᠷᠥᠭᠡ ᠭᠠᠷᠭᠠᠵᠤ᠂ ᠬᠡᠷᠪᠡ ᠪᠡᠶ᠎ᠡ ᠶᠢᠨ ᠳᠤᠯᠠᠭᠠᠨ ᠨᠢ 37. | 2℃ ᠠᠴᠠ ᠭᠡᠲᠤᠷᠡᠭᠰᠡᠨ ᠢ ᠣᠯᠵᠤ ᠮᠡᠳᠡᠪᠡᠯ᠂ ᠠᠵᠢᠯᠲᠠᠨ ᠳᠠᠷᠤᠶ ᠲᠦᠷᠭᠡᠨ ᠲᠤᠰᠠᠭᠠᠷᠯᠠᠬᠤ ᠥᠷᠥᠭᠡᠨ ᠳᠤ | ᠠᠪᠠᠴᠢᠵᠤ᠂ ᠣᠷᠣᠵᠤ ᠭᠠᠷᠬᠤ ᠡᠭᠦᠳᠡ ᠶᠢ ᠨᠢ ᠬᠠᠭᠠᠵᠤ᠂ ᠠᠯᠢᠪᠠ ᠠᠵᠢᠯ ᠢ ᠨᠢ ᠵᠤᠭᠰᠤᠭᠠᠵᠤ᠂ 120 ᠳᠤ | ᠤᠲᠠᠰᠤᠳᠠᠬᠤ ᠶᠢᠨ ᠬᠠᠮᠲᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠲᠤ ᠮᠡᠳᠡᠭᠳᠡᠵᠦ᠂ | ᠪᠤᠰᠤᠳ ᠬᠡᠷᠡᠭ ᠰᠢᠢᠳᠪᠦᠷᠢᠯᠡᠬᠦ ᠣᠯᠠᠨ ᠲᠦᠮᠡᠨ ᠪᠠ ᠠᠵᠢᠯᠲᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠪᠣᠯᠤᠨ᠎ᠠ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |