ᠬᠢᠵᠢᠭ ᠤᠨ ᠪᠠᠶᠢᠳᠠᠯ ᠤᠨ ᠨᠥᠯᠥᠭᠡ ᠶᠢ ᠤᠯᠠᠮ ᠨᠢᠭᠡ ᠠᠯᠬᠤᠮ ᠨᠠᠮᠳᠠᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠠᠵᠢᠯ ᠬᠢᠭᠡᠳ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠣᠶᠢᠯᠡᠳᠪᠦᠷᠢᠯᠡᠯ ᠤᠨ | ᠠᠵᠢᠯ ᠤᠨ ᠬᠤᠶᠠᠷ ᠢ ᠰᠠᠭᠠᠲᠠᠭᠠᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠵᠦᠸᠧᠽᠢ | ᠰᠢᠶᠠᠨ ᠤ ᠬᠢᠨ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠢ ᠳᠡᠮᠵᠢᠬᠦ ᠡᠯ᠎ᠡ ᠵᠦᠢᠯ ᠤᠨ ᠠᠵᠢᠯ ᠢ ᠨᠢᠭᠡᠳᠦᠯᠲᠡᠶ | ᠲᠥᠯᠥᠪᠯᠡᠨ ᠰᠠᠶᠢᠲᠤᠷ ᠬᠢᠬᠦ ᠬᠡᠷᠡᠭᠲᠡᠶ᠃ | ︽ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠩᠬᠢ ᠪᠠ ᠠᠵᠤ ᠠᠬᠤᠶᠢᠯᠠᠯ ᠢ ᠵᠣᠯᠭᠠᠭᠤᠯᠵᠤ | ᠲᠥᠪᠯᠡᠷᠡᠭᠦᠯᠦᠨ ᠭᠡᠷ᠎ᠡ ᠲᠣᠭᠲᠠᠬᠤ ᠭᠠᠷᠠᠭ ᠤᠨ ᠠᠵᠢᠯᠯᠠᠭ᠎ᠠ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠤᠨ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠰᠢᠶᠠᠨ ᠤ ᠮᠥᠩᠭᠦᠨ ᠭᠦᠢᠯᠭᠡᠭᠡᠨ ᠤ ᠠᠯᠪᠠᠨ ᠬᠡᠷ | ᠰᠢᠶᠠᠨ ᠤ ᠲᠣᠲᠣᠷᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠶ ᠵᠣᠯᠭᠠᠭᠤᠯᠵᠤ᠂ ᠪᠥᠬᠦ ᠰᠢᠶᠠᠨ ᠤ | ᠬᠡᠪᠴᠢᠶᠡᠨ ᠳᠤ ᠪᠠᠩᠬᠢ ᠪᠠ ᠠᠵᠤ ᠠᠬᠤᠶᠢᠯᠠᠯ ᠢ ᠵᠣᠯᠭᠠᠭᠤᠯᠵᠤ ︽ᠲᠥᠪᠯᠡᠷᠡᠭᠦᠯᠦᠨ ᠭᠡᠷ᠎ᠡ ᠲᠣᠭᠲᠠᠬᠤ ᠭᠠᠷᠠᠭ︾ ᠤᠨ | ᠠᠵᠢᠯᠯᠠᠭ᠎ᠠ ᠥᠷᠨᠢᠭᠦᠯᠦᠨ᠎ᠡ᠃ | | | ᠲᠣᠰ ᠤᠳᠠᠭ᠎ᠠ ᠭᠡᠷ᠎ᠡ ᠲᠣᠭᠲᠠᠬᠤ ᠳᠤ ᠰᠢᠶᠠᠩ ᠪᠠᠯᠭᠠᠰᠤ᠂ ᠣᠷᠣᠨ ᠪᠦᠰᠡ ᠬᠤᠪᠢᠶᠠᠨ ᠲᠥᠪᠯᠡᠷᠡᠭᠦᠯᠦᠨ ᠭᠡᠷ᠎ᠡ | ᠲᠤᠭᠲᠠᠬᠤ ᠠᠷᠭ᠎ᠠ ᠮᠠᠶ᠋ᠢᠭ ᠢ ᠬᠡᠷᠡᠭᠯᠡᠨ᠎ᠡ᠃ 3 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠡᠵᠡᠮᠰᠢᠵᠦ ᠪᠠᠶᠢᠭ᠎ᠠ ᠡᠯ᠎ᠡ ᠲᠠᠷᠢᠶᠠᠯᠠᠩ ᠤᠨ ᠤᠶᠢᠯᠡᠳᠪᠦᠷᠢᠯᠡᠯ ᠤᠨ ᠬᠡᠷᠡᠭᠰᠡᠯ ᠢ | ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ᠂ ᠳᠠᠷᠢᠵᠤ ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ ᠲᠣᠮᠣ ᠡᠷᠦᠬᠡ᠂ | ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠪᠠ ᠲᠠᠷᠢᠶᠠᠴᠢᠨ ᠡᠷᠦᠬᠡ ᠶᠢᠨ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠦᠨᠳᠦᠰᠦᠯᠡᠪᠡᠯ ᠵᠦᠸᠧᠽᠢ | ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠪᠠ ᠵᠦᠸᠧᠽᠢ ᠮᠤᠩ | ᠶᠢᠨ ᠲᠣᠰᠬᠤᠨ ᠪᠠᠯᠭᠠᠰᠤ ᠶᠢᠨ ᠪᠠᠩᠬᠢ ᠨᠢ ᠰᠢᠶᠠᠩ ᠪᠠᠯᠭᠠᠰᠤᠨ ᠤ ᠦᠨᠳᠦᠰᠦᠨ ᠱᠠᠲᠤᠨ ᠤ ᠲᠣᠤᠷ ᠴᠡᠭ ᠤᠨ | ᠠᠷᠠᠳ ᠲᠤ ᠳᠥᠭᠦᠮ ᠦᠵᠡᠭᠦᠯᠬᠦ ᠴᠢᠳᠠᠮᠵᠢ ᠶᠢ ᠪᠠᠳᠠᠷᠠᠭᠤᠯᠵᠤ᠂ ᠰᠢᠶᠠᠩ ᠪᠠᠯᠭᠠᠰᠤ ᠳᠤ ᠭᠦᠨᠵᠡᠭᠡᠶᠢᠷᠡᠨ ᠮᠥᠩᠭᠦᠨ | ᠭᠦᠢᠯᠭᠡᠭᠡᠨ ᠤ ᠤᠶᠢᠯᠡᠴᠢᠯᠡᠭᠡ ᠶᠢ ᠲᠥᠪᠯᠡᠷᠡᠭᠦᠯᠦᠨ ᠠᠷᠠᠳ ᠲᠤ ᠳᠥᠭᠦᠮ ᠦᠵᠡᠭᠦᠯᠬᠦ ᠭᠡᠷ᠎ᠡ ᠲᠣᠭᠲᠠᠨ᠎ᠠ᠃ ᠲᠣᠰ | ᠤᠳᠠᠭᠠᠨ ᠤ ᠭᠡᠷ᠎ᠡ ᠲᠣᠭᠲᠠᠬᠤ ᠠᠵᠢᠯᠯᠠᠭ᠎ᠠ ᠳᠤ ᠵᠦᠸᠧᠽᠢ ᠬᠤᠯᠪᠣᠭᠠᠲᠤ ᠬᠤᠷᠰᠢᠶ᠎ᠠ 3 ᠡᠷᠦᠬᠡ ᠠᠮᠵᠢᠯᠲᠠ ᠲᠠᠢ | ᠭᠡᠷ᠎ᠡ ᠲᠣᠭᠲᠠᠵᠤ᠂ 30 ᠲᠦᠮᠡᠨ ᠲᠥᠭᠦᠷᠢᠭ ᠤᠨ ᠵᠢᠭᠡᠯᠡᠯᠭᠡ ᠵᠢᠭᠡᠯᠡᠪᠡ᠃ ᠲᠡᠵᠢᠭᠡᠨ ᠦᠷᠡᠵᠢᠭᠦᠯᠬᠦ ᠲᠣᠮᠣ ᠡᠷᠦᠬᠡ | 1 ᠡᠷᠦᠬᠡ 500 ᠲᠦᠮᠡᠨ ᠲᠥᠭᠦᠷᠢᠭ ᠤᠨ ᠵᠢᠭᠡᠯᠡᠯᠭᠡ ᠦᠭᠴᠦ ᠂ ᠵᠦᠸᠧᠽᠢ ᠮᠤᠩ ᠶᠢᠨ ᠲᠣᠰᠬᠤᠨ | ᠪᠠᠯᠭᠠᠰᠤ ᠶᠢᠨ ᠪᠠᠩᠬᠢ 3 ᠲᠠᠷᠢᠶᠠᠴᠢᠨ ᠡᠷᠦᠬᠡ ᠳᠤ ᠭᠡᠷ᠎ᠡ ᠲᠣᠭᠲᠠᠵᠤ᠂ 28 ᠲᠦᠮᠡᠨ ᠲᠥᠭᠦᠷᠢᠭ ᠤᠨ ᠵᠢᠭᠡᠯᠡᠯᠭᠡ | ᠵᠢᠭᠡᠯᠡᠪᠡ ᠃ ᠲᠡᠵᠢᠭᠡᠨ ᠦᠷᠡᠵᠢᠭᠦᠯᠬᠦ ᠡᠷᠦᠬᠡ 1 ᠡᠷᠦᠬᠡ᠂ 210 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠪᠠ᠃ | | | | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠬᠥᠮᠦᠰ ᠬᠤᠷᠠᠵᠤ ᠴᠤᠭᠯᠠᠷᠠᠬᠤ ᠶᠢ | ᠪᠠᠭᠠᠰᠬᠠᠵᠤ᠂ ᠲᠠᠷᠢᠶᠠᠯᠠᠬᠤ ᠳᠤ ᠪᠡᠯᠡᠳᠬᠡᠬᠦ ᠬᠠᠪᠤᠷ ᠤᠨ ᠲᠠᠷᠢᠶᠠᠯᠠᠭ᠎ᠠ ᠶᠢᠨ ᠪᠠᠯᠠ ᠮᠥᠩᠭᠦ ᠶᠢᠨ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠬᠤ ᠶᠢᠨ ᠲᠥᠯᠥᠭᠡ᠂ ᠰᠢᠤᠳᠠᠨ ᠤ ᠬᠠᠳᠠᠭᠠᠯᠠᠮᠵᠢ ᠶᠢᠨ ᠪᠠᠩᠬᠢ ᠬᠠᠳᠠᠭᠠᠯᠠᠭᠳᠠᠵᠤ ᠪᠠᠶᠢᠭ᠎ᠠ | ᠬᠠᠭᠤᠴᠢᠨ ᠬᠡᠷᠡᠭᠯᠡᠭᠴᠢ ᠳᠤ ᠰᠦᠯᠵᠢᠶᠡᠨ ᠳᠡᠭᠡᠷᠡᠬᠢ ᠤᠶᠢᠯᠡᠳᠬᠦᠨ ᠤ ︽ᠲᠦᠢᠯ ᠤᠨ ᠲᠦᠷᠭᠡᠨ ᠵᠢᠭᠡᠯᠡᠯᠭᠡ︾ | ᠭᠠᠷᠭᠠᠵᠤ᠂ ᠬᠦᠤ ᠮᠥᠩᠭᠦ ᠶᠢᠨ ᠨᠣᠷᠮ᠎ᠠ ᠨᠢ 50BP ᠪᠠᠭᠤᠷᠠᠵᠤ᠂ ᠣᠳᠣᠬᠠᠨ ᠳᠤ ᠲᠠᠷᠢᠶᠠᠴᠢᠨ ᠡᠷᠦᠬᠡ ᠶᠢᠨ | ᠲᠦᠢᠯ ᠤᠨ ᠲᠦᠷᠭᠡᠨ ᠵᠢᠭᠡᠯᠡᠯᠭᠡ 700 ᠲᠦᠮᠡᠨ ᠲᠥᠭᠦᠷᠢᠭ ᠲᠠᠷᠬᠠᠭᠠᠵᠠᠶ᠃ 10 ᠢᠲᠡᠭᠡᠮᠵᠢᠲᠦ ᠲᠣᠰᠬᠤᠨ ᠤ | ᠰᠢᠨ᠎ᠡ ᠵᠢᠭᠡᠯᠡᠯᠭᠡ ᠶᠢᠨ ᠡᠷᠦᠬᠡ ᠳᠤ ᠨᠡᠶᠢᠲᠡ 500 ᠲᠦᠮᠡᠨ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠲᠠᠯᠪᠢᠵᠤ᠂ | ᠢᠲᠡᠭᠡᠮᠵᠢ ᠦᠭᠡᠶ ᠲᠣᠰᠬᠤᠨ ᠤ ᠵᠢᠭᠡᠯᠡᠯᠭᠡ ᠶᠢᠨ ᠡᠷᠦᠬᠡ ᠳᠤ ᠭᠤᠷᠪᠠᠨ ᠡᠷᠦᠬᠡ ᠶᠢᠨ ᠬᠠᠮᠲᠤᠷᠠᠭᠰᠠᠨ ᠳᠠᠭᠠᠳᠬᠠᠯ | ᠵᠢᠴᠢ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ ᠲᠣᠮᠣ ᠡᠷᠦᠬᠡ ᠶᠢᠨ ᠵᠢᠭᠡᠯᠡᠯᠭᠡ ᠲᠠᠯᠪᠢᠵᠤ᠂ ᠵᠣᠭᠤᠰ ᠤᠨ | ᠲᠤᠭ᠎ᠠ ᠨᠢ 10 — 30 ᠲᠦᠮᠡᠨ ᠲᠥᠭᠦᠷᠢᠭ ᠪᠠᠶᠢᠵᠤ᠂ ᠣᠳᠣᠬᠠᠨ ᠳᠤ ᠵᠣᠴᠢᠨ ᠡᠷᠦᠬᠡ ᠶᠢᠨ ᠵᠢᠭᠡᠯᠡᠯᠭᠡ ᠶᠢᠨ | ᠬᠡᠷᠡᠭᠴᠡᠭᠡ ᠱᠠᠭᠠᠷᠳᠠᠯᠭ᠎ᠠ ᠶᠢ 200 ᠲᠦᠮᠡᠨ ᠲᠥᠭᠦᠷᠢᠭ ᠬᠦᠯᠢᠶᠡᠨ ᠠᠪᠴᠤ᠂ ᠳᠡᠭᠡᠷᠡᠬᠢ ᠵᠢᠭᠡᠯᠡᠯᠭᠡ ᠶᠢ 3 | ᠰᠠᠷ᠎ᠠ ᠶᠢᠨ 9 ᠤ ᠡᠳᠦᠷ ᠭᠡᠷ᠎ᠡ ᠲᠣᠭᠲᠠᠵᠤ᠂ ᠲᠤᠰ ᠰᠠᠷ᠎ᠠ ᠳᠤ ᠪᠦᠬᠦᠨ ᠢ ᠡᠷᠦᠬᠡ ᠳᠤ ᠬᠦᠷᠦᠭᠦᠯᠬᠦ ᠪᠠᠷ ᠲᠥᠯᠥᠪᠯᠡᠵᠦ | ᠪᠠᠶᠢᠨ᠎ᠠ᠃ ᠲᠠᠷᠢᠶᠠᠯᠠᠩ ᠤᠨ ᠪᠠᠩᠬᠢ ᠶᠢᠨ ᠵᠦᠸᠧᠽᠢ ᠰᠠᠯᠪᠤᠷᠢ ᠪᠠᠩᠬᠢ ᠲᠠᠷᠢᠶᠠᠴᠢᠳ ᠲᠤ ᠠᠰᠢᠭ ᠬᠦᠷᠲᠡᠭᠡᠬᠦ e | ᠵᠢᠭᠡᠯᠡᠯᠭᠡ ᠶᠢᠨ ᠬᠤᠶᠠᠷ ᠬᠡᠮᠵᠢᠯᠳᠦ ᠺᠣᠳ᠋ ᠤᠨ ᠤᠷᠢᠳᠴᠢᠯᠠᠨ ᠪᠣᠯᠵᠣᠬᠤ ᠲᠠᠪᠴᠠᠩ ᠤᠨ ᠲᠠᠰ ᠳᠠᠷᠠᠭᠠᠯᠠᠯ ᠢ | ᠤᠶᠢᠯᠡᠳᠵᠤ᠂ ᠲᠣᠰ ᠲᠠᠪᠴᠠᠩ ᠢᠶᠠᠷ ᠳᠡᠮᠵᠢᠨ᠂ ᠬᠠᠷᠢᠶᠠᠨ ᠤ ᠳᠣᠲᠣᠷᠠᠬᠢ ᠥᠷᠭᠡᠨ ᠣᠯᠠᠨ ᠮᠠᠯᠴᠢᠨ ᠲᠠᠷᠢᠶᠠᠴᠢᠨ | ᠡᠷᠦᠬᠡ ᠰᠦᠯᠵᠢᠶᠡᠨ ᠳᠡᠭᠡᠷ ᠡ ᠤᠷᠢᠳᠴᠢᠯᠠᠨ ᠪᠣᠯᠵᠣᠬᠤ ᠵᠢᠭᠡᠯᠡᠯᠭᠡ ᠭᠤᠶᠤᠴᠢᠯᠠᠵᠤ ᠪᠣᠯᠤᠨ᠎ᠠ᠃ | ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ︽ᠲᠥᠪᠯᠡᠷᠡᠭᠦᠯᠦᠨ ᠭᠡᠷ᠎ᠡ ᠲᠣᠭᠲᠠᠬᠤ︾ ᠠᠵᠢᠯᠯᠠᠭ᠎ᠠ ᠶᠢ | ᠦᠷᠨᠢᠭᠦᠯᠬᠦ ᠪᠠᠷ ᠳᠠᠮᠵᠢᠭᠤᠯᠤᠨ᠂ ᠮᠠᠨ ᠤ ᠰᠢᠶᠠᠨ ᠤ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠦᠷ᠎ᠡ | ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠳᠤ ᠮᠥᠩᠭᠦᠨ | ᠭᠦᠢᠯᠭᠡᠭᠡᠨ ᠤ ᠬᠦᠴᠦᠲᠦ ᠳᠡᠮᠵᠢᠯᠭᠡ ᠬᠠᠩᠭᠠᠵᠤ᠂ ᠪᠠᠯᠠ ᠣᠷᠣᠭᠤᠯᠤᠨ ᠲᠠᠷᠢᠶᠠᠯᠠᠬᠤ ᠳᠤ ᠪᠡᠯᠡᠳᠬᠡᠬᠦ ᠬᠠᠪᠤᠷ ᠤᠨ | ᠲᠠᠷᠢᠶᠠᠯᠠᠭ᠎ᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠭᠦᠶ᠋ᠴᠡᠳ ᠠᠬᠢᠭᠤᠯᠪᠠ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |