ᠵᠦᠸᠧᠽᠢ ᠰᠢᠶᠠᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠠᠬᠢᠭᠤᠯᠤᠨ᠎ᠠ
ᠨᠡᠶᠢᠲᠡᠯᠡᠭᠰᠡᠨ ᠴᠠᠭ᠄
2020-03-16
    ᠭᠠᠵᠠᠷ ᠰᠢᠷᠣᠶ ᠶᠢᠨ ᠡᠷᠭᠢᠯᠲᠡ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠵᠢᠯ ᠤᠨ ᠳᠣᠲᠣᠷ᠎ᠠ ᠭᠠᠵᠠᠷ ᠰᠢᠷᠣᠶ ᠶᠢᠨ ᠡᠷᠭᠢᠯᠲᠡ ᠶᠢᠨ ᠲᠠᠯᠠᠪᠠᠢ ᠶᠢ 2 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ᠃ ︽ᠵᠠᠬ᠎ᠠ ᠳᠡᠯᠭᠡᠭᠦᠷᠴᠢᠯᠡᠨ ᠬᠥᠲᠥᠯᠥᠨ ᠵᠢᠯᠣᠭᠤᠳᠬᠤ᠂ ᠣᠷᠣᠨ ᠪᠦᠰᠡᠵᠢᠭᠦᠯᠦᠨ ᠪᠠᠶᠢᠷᠢᠯᠠᠭᠤᠯᠬᠤ᠂ ᠬᠦᠷᠢᠶᠡᠯᠡᠩ ᠲᠤᠭᠤᠷᠢᠭᠵᠢᠭᠤᠯᠤᠨ ᠬᠥᠭᠵᠢᠭᠦᠯᠬᠦ᠂ ᠬᠡᠪᠴᠢᠶᠡᠵᠢᠭᠦᠯᠦᠨ ᠡᠵᠡᠩᠨᠡᠬᠦ︾ ᠰᠡᠳᠬᠢᠴᠡ ᠶᠣᠰᠣᠭᠠᠷ᠂ ᠶᠡᠷᠦᠩᠬᠡᠶ ᠨᠡᠪᠲᠡᠷᠡᠭᠦᠯᠦᠯᠲᠡ ᠶᠢᠨ ᠲᠠᠯᠠᠪᠠᠶ ᠶᠢ ᠬᠤᠪᠢᠷᠠᠭᠤᠯᠬᠤ ᠥᠬᠡᠶ ᠰᠠᠭᠤᠷᠢᠨ ᠳᠡᠭᠡᠷ᠎ᠡ᠂ ᠲᠥᠮᠥᠰᠥ᠂ ᠨᠣᠬᠠᠶ ᠶᠢᠨ ᠬᠤᠰᠢᠭᠤ᠂ ᠡᠯᠳᠡᠪ ᠠᠮᠤ ᠪᠤᠷᠴᠠᠭ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ ᠦᠷᠭᠦᠯᠵᠢᠯᠡᠨ ᠨᠡᠮᠡᠭᠳᠡᠭᠦᠯᠵᠦ᠂ ᠲᠥᠮᠥᠰᠥ ᠳᠠᠷᠢᠬᠤ ᠲᠠᠯᠠᠪᠠᠶ ᠶᠢ 22 ᠲᠦᠮᠡᠨ ᠮᠥ ᠳᠤ ᠬᠦᠷᠦᠭᠦᠯᠵᠦ᠂ ᠨᠣᠬᠠᠶ ᠶᠢᠨ ᠬᠤᠰᠢᠭᠤ ᠶᠢ 10 ᠲᠦᠮᠡᠨ ᠮᠥ᠂ ᠡᠯᠳᠡᠪ ᠠᠮᠤ  ᠪᠤᠷᠴᠠᠭ ᠢ 12 ᠲᠦᠮᠡᠨ ᠮᠥ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢ 5 ᠲᠦᠮᠡᠨ ᠮᠥ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ  ᠃ ᠠᠮᠢᠳᠤ ᠭᠠᠭ᠋ᠠᠶ᠂ ᠥᠨᠳᠡᠭᠡᠨ ᠲᠠᠬᠢᠶ᠎ᠠ ᠲᠡᠵᠢᠭᠡᠬᠦ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠵᠦ᠂ ᠠᠮᠢᠳᠤ ᠭᠠᠭ᠋ᠠᠶ᠂ ᠥᠨᠳᠡᠭᠡᠨ ᠲᠠᠬᠢᠶ᠎ᠠ ᠲᠡᠵᠢᠭᠡᠬᠦ ᠬᠡᠮᠵᠢᠶ᠎ᠡ ᠶᠢ ᠲᠤᠰ ᠲᠤᠰ 8 ᠲᠦᠮᠡ᠂ 300 ᠲᠦᠮᠡ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃ ᠬᠠᠭᠤᠷᠠᠶ ᠨᠣᠬᠠᠶ ᠶᠢᠨ ᠬᠤᠰᠢᠭᠤ ᠲᠠᠷᠢᠬᠤ ᠶᠢ ᠢᠳᠡᠪᠬᠢᠲᠡᠶ ᠪᠠᠷ ᠬᠥᠭᠵᠢᠭᠦᠯᠵᠦ᠂ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠤᠭᠤᠳ ᠡᠯ᠎ᠡ ᠰᠢᠶᠠᠩ ᠪᠠᠯᠭᠠᠰᠤ ᠶᠢ ᠵᠣᠬᠢᠴᠠᠭᠤᠯᠤᠨ ᠬᠠᠮᠤᠭ ᠤᠨ ᠲᠣᠬᠢᠷᠠᠮᠵᠢᠲᠠᠶ ᠭᠠᠵᠠᠷ ᠤᠨ ᠬᠡᠰᠡᠭ ᠢ ᠰᠣᠩᠭᠤᠵᠤ᠂ ᠲᠥᠪᠯᠡᠷᠡᠨ ᠵᠠᠯᠭᠠᠯᠳᠤᠭᠰᠠᠨ ᠪᠠ ᠬᠡᠪᠴᠢᠶᠡᠵᠢᠭᠦᠯᠦᠨ ᠲᠠᠷᠢᠬᠤ ᠶᠢ ᠬᠥᠲᠥᠯᠥᠨ ᠶᠢ ᠵᠢᠯᠤᠭᠤᠳᠴᠦ ᠪᠠᠶᠢᠭᠠᠳ ᠬᠥᠭᠵᠢᠭᠦᠯᠵᠦ᠂ ᠬᠠᠭᠤᠷᠠᠶ ᠨᠣᠬᠠᠶ ᠶᠢᠨ ᠬᠤᠰᠢᠭᠤ ᠲᠠᠷᠢᠬᠤ ᠵᠢᠱᠢᠶ᠎ᠡ ᠦᠵᠡᠭᠦᠯᠬᠦ ᠣᠷᠣᠨ ᠢ ᠪᠤᠢ ᠪᠣᠯᠭᠠᠬᠤ ᠬᠡᠷᠡᠭᠲᠡᠶ᠃             ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2