3 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠯᠢ ᠶᠢᠩ ᠪᠥᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠢ ᠬᠢᠨᠠᠨ ᠵᠥᠪᠰᠢᠶᠡᠷᠡᠬᠦ | ᠭᠠᠷᠳᠠᠮ ᠢ ᠭᠦᠢᠴᠡᠳᠬᠡᠬᠦ ᠠᠵᠢᠯ ᠢ ᠲᠥᠪᠯᠡᠷᠡᠭᠦᠯᠦᠨ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠲᠡᠷᠡ | ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠤᠨ ᠪᠠᠶᠢᠷᠢᠭᠤᠯᠤᠯᠲᠠ ᠶᠢᠨ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠭᠤᠣᠯᠳᠠᠯᠭ᠎ᠠ ᠲᠠᠢ ᠲᠦᠷᠦᠯ | ᠵᠦᠢᠯ ᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠢ ᠢᠳᠡᠪᠬᠢᠲᠡᠢ ᠠᠬᠢᠭᠤᠯᠵᠤ᠂ ᠬᠤᠳᠠᠯᠳᠤᠭ᠎ᠠ ᠡᠷᠬᠢᠯᠡᠬᠦ | ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠤᠶᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ︽ | ᠬᠤᠶᠠᠷ ᠲᠠᠯ᠎ᠠ ᠪᠠᠷ ᠠᠳᠬᠤᠬᠤ︾ ᠶᠢ ᠠᠬᠢᠭᠤᠯᠵᠤ᠂ ︽ᠬᠤᠣᠰ ᠢᠯᠠᠯᠲᠠ︾ ᠶᠢ ᠲᠡᠮᠡᠴᠡᠨ ᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | | | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ | ᠳᠠᠷᠤᠭ᠎ᠠ ᠸᠠᠩ ᠢᠦᠢ ᠸᠧᠢ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠤᠸᠠᠨ ᠰᠢᠶᠦ᠋ᠩ ᠲᠤᠤ ᠵᠢᠴᠢ | ᠬᠥᠭᠵᠢᠭᠦᠯᠦᠯᠲᠡ ᠦᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶ᠎ᠠ | ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠡᠯ᠎ᠡ ᠲᠥᠷᠥᠯ ᠵᠦᠢᠯ ᠤᠨ ᠬᠤᠪᠢᠳᠠᠨ ᠬᠠᠮᠢᠶᠠᠷᠬᠤ ᠨᠢᠭᠡᠴᠡ ᠤᠷᠢᠳ ᠬᠤᠵᠢᠳ | ᠭᠤᠤᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠢ ᠭᠦᠢᠴᠡᠳᠭᠡᠭᠰᠡᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ | ᠠᠵᠢᠯ ᠤᠨ ᠲᠤᠬᠢᠷᠠᠭᠤᠯᠤᠯᠲᠠ ᠪᠠᠨ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠨ ᠡᠯ᠎ᠡ ᠬᠤᠪᠢᠳᠠᠨ | ᠬᠠᠮᠢᠶᠠᠷᠬᠤ ᠤᠳᠤᠷᠢᠳᠤᠯᠭ᠎ᠠ ᠲᠣᠰ ᠲᠣᠰ ᠨᠥᠬᠦᠪᠥᠷᠢ ᠶᠠᠷᠢᠶ᠎ᠠ ᠲᠠᠯᠪᠢᠪᠠ᠃ | | | | ᠯᠢ ᠶᠢᠩ ᠵᠢᠭᠠᠵᠤ ᠭᠠᠷᠭᠠᠭᠰᠠᠨ ᠨᠢ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠠᠵᠤ ᠠᠬᠤᠶ | ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠲᠥᠷᠥᠯ ᠵᠦᠢᠯ ᠤᠨ ᠭᠠᠷᠳᠠᠮ ᠢ | ᠭᠦᠢᠴᠡᠳᠬᠡᠬᠦ ᠠᠵᠢᠯ ᠢ ᠡᠷᠲᠡ ᠠᠳᠬᠤᠵᠤ ᠪᠣᠳᠠᠲᠠᠶ ᠠᠳᠬᠤᠬᠤ ᠨᠢ ᠬᠢᠵᠢᠭ ᠤᠨ ᠪᠠᠶᠢᠳᠠᠯ ᠳᠤ ᠤᠴᠠᠷᠠᠭᠤᠯᠤᠭᠰᠠᠨ | ᠬᠤᠬᠢᠷᠠᠯ ᠢ ᠬᠥᠩᠭᠡᠷᠡᠭᠦᠯᠵᠦ᠂ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠠᠬᠢᠭᠤᠯᠬᠤ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ | ᠯᠢ ᠶᠢᠩ᠂ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ | ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠠᠶᠢᠲᠤᠷ ᠠᠳᠬᠤᠬᠤ | ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠢᠳᠡᠪᠬᠢᠵᠢᠯ᠂ ᠰᠠᠨᠠᠭᠠᠴᠢᠯᠠᠭᠠᠲᠤ | ᠴᠢᠨᠠᠷ ᠢᠶᠠᠨ ᠭᠦᠢᠴᠡᠳ ᠪᠠᠳᠠᠷᠠᠭᠤᠯᠵᠤ᠂ ᠲᠤᠰᠢᠶᠠᠯ ᠢᠶᠠᠨ ᠰᠠᠶᠢᠲᠤᠷ ᠭᠦᠢᠴᠡᠳᠬᠡᠵᠦ ᠬᠠᠷᠢᠭᠤᠴᠠᠯᠭ᠎ᠠ ᠪᠠᠨ ᠰᠠᠶᠢᠲᠤᠷ | ᠭᠦᠢᠴᠡᠳᠬᠡᠬᠦ ᠬᠡᠷᠡᠭᠲᠡᠢ᠃ ᠠᠵᠤ ᠠᠬᠤᠶᠢᠯᠠᠯ ᠯᠤᠭ᠎ᠠ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ | ᠳᠤᠲᠠᠭᠳᠠᠯ ᠢᠶᠠᠨ ᠬᠢᠨᠠᠨ ᠵᠦᠪᠰᠢᠶᠡᠷᠡᠬᠦ᠂ ᠠᠮᠠᠯᠠᠯᠲᠠ ᠶᠢᠨ ᠲᠦᠷᠢᠮ ᠢ ᠮᠡᠳᠡᠭᠳᠡᠬᠦ ᠵᠡᠷᠭᠡ ᠤᠶᠢᠯᠡᠴᠢᠯᠡᠭᠡᠨ ᠤ ᠠᠷᠭ᠎ᠠ | ᠮᠠᠶ᠋ᠢᠭ ᠢ ᠢᠳᠡᠪᠬᠢᠲ ᠬᠡᠷᠡᠭᠵᠢᠭᠦᠯᠵᠦ᠂ ᠴᠢᠬᠤᠯᠠ ᠨᠥᠬᠦᠴᠡᠯ ᠨᠢ ᠪᠦᠷᠢᠨ ᠭᠦᠢᠴᠡᠳ ᠪᠠᠶᠢᠪᠠᠯ ᠲᠡᠷᠡ ᠳᠠᠷᠤᠶ ᠳᠤᠨᠢ | ᠭᠦᠢᠴᠡᠳᠬᠡᠬᠦ ᠬᠡᠷᠡᠭᠲᠡᠶ᠃ ᠭᠤᠤᠯ ᠴᠢᠬᠤᠯᠠ ᠨᠥᠬᠦᠴᠡᠯ ᠨᠢ ᠪᠦᠷᠢᠨ ᠭᠦᠢᠴᠡᠳ ᠪᠥᠭᠡᠳ ᠠᠮᠠᠯᠠᠯᠲᠠ ᠬᠢᠭᠰᠡᠨ | ᠪᠠᠶᠢᠪᠠᠯ᠂ ᠳᠤᠲᠠᠭᠳᠠᠵᠤ ᠪᠠᠶᠢᠭ᠎ᠠ ᠵᠦᠢᠯᠡᠰ ᠤᠨ ᠨᠠᠷᠢᠨ ᠲᠠᠩᠰᠠ ᠶᠢ ᠲᠡᠳᠡᠨ ᠭᠠᠷᠭᠠᠵᠤ᠂ ︽ᠳᠤᠲᠠᠭᠳᠠᠵᠤ ᠪᠠᠶᠢᠭ᠎ᠠ | ᠵᠦᠢᠯ ᠢ ᠪᠠᠭᠲᠠᠭᠠᠬᠤ︾ ᠤᠶᠢᠯᠡᠴᠢᠯᠡᠭᠡ ᠶᠢ ᠬᠡᠷᠡᠭᠵᠢᠭᠦᠯᠦᠨ᠎ᠡ ᠃ ᠬᠢᠨᠠᠨ ᠵᠥᠪᠰᠢᠶᠡᠷᠡᠬᠦ ᠨᠥᠬᠦᠴᠡᠯ ᠳᠤ ᠨᠡᠶᠢᠴᠡᠬᠦ | ᠦᠭᠡᠢ ᠶᠢ ᠨᠢ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃ ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ | ᠭᠤᠤᠯᠳᠠᠯᠭ᠎ᠠ ᠲᠠᠢ ᠲᠥᠷᠥᠯ ᠵᠦᠢᠯ ᠢ ᠴᠢᠩᠭ᠎ᠠ ᠠᠳᠬᠤᠵᠤ᠂ ᠰᠡᠳᠬᠢᠯ ᠳᠡᠭᠡᠨ ᠬᠠᠳᠠᠩᠰᠢᠭᠤᠯᠤᠨ ᠰᠢᠮᠳᠠᠭᠤᠯᠵᠤ᠂ | ᠬᠦᠴᠢᠷ ᠲᠦᠪᠡᠭᠲᠡᠶ ᠠᠰᠠᠭᠤᠳᠠᠯ ᠢ ᠪᠦᠬᠦ ᠬᠦᠴᠦᠨ ᠢᠶᠠᠷ ᠢᠶᠠᠨ ᠵᠣᠬᠢᠴᠠᠭᠤᠯᠤᠨ ᠰᠢᠢᠳᠪᠦᠷᠢᠯᠡᠵᠦ᠂ ᠪᠦᠬᠦ ᠰᠢᠶᠠᠨ ᠤ | ᠭᠤᠤᠯᠳᠠᠯᠭ᠎ᠠ ᠲᠠᠢ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠦᠷ᠎ᠡ ᠪᠦᠲᠦᠮᠵᠢ ᠣᠯᠬᠤ ᠶᠢ | ᠴᠢᠷᠮᠠᠶᠢᠨ ᠠᠬᠢᠭᠤᠯᠬᠤ ᠬᠡᠷᠡᠭᠲᠡᠶ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |