ᠴᠠᠬᠠᠷ ᠨᠠᠢᠮᠠᠨ ᠬᠤᠰᠢᠭᠤᠨ ᠤ ᠬᠥᠪᠡᠭᠡᠲᠦ ᠬᠦᠬᠡ ᠬᠤᠰᠢᠭᠤᠨ ᠤ ᠠᠮᠪᠠᠨ ᠤ ᠣᠷᠳᠣᠨ ᠤ ᠪᠠᠶᠢᠭ᠎ᠠ ᠬᠦᠬᠡ | ᠬᠤᠰᠢᠭᠤ ᠲᠣᠰᠬᠤᠨ ᠢ ᠬᠢᠲᠠᠳ ᠪᠠᠷ ︽ᠯᠠᠩ ᠴᠢ ᠶᠢᠩ ᠽᠢ︾ ᠭᠡᠳᠡᠭ᠂ ᠪᠠᠰᠠ ᠬᠦᠬᠡ ᠬᠤᠰᠢᠭᠤᠨ ᠤ ᠶᠠᠮᠤᠨ | ᠭᠡᠳᠡᠭ᠃ ᠴᠢᠩ ᠤᠯᠤᠰ ᠤᠨ ᠡᠩᠬᠡ ᠠᠮᠤᠭᠤᠯᠠᠩ ᠤᠨ ᠠᠷᠪᠠᠨ ᠳᠥᠷᠪᠡᠳᠦᠭᠡᠷ ᠣᠨ ︵ᠨᠡᠶᠢᠲᠡ ᠶᠢᠨ ᠤᠨ | ᠲᠣᠭᠠᠯᠠᠯ ᠤᠨ 1675 ᠣᠨ︶ ᠲᠤ ᠴᠢᠩ ᠤᠯᠤᠰ ᠤᠨ ᠵᠠᠰᠠᠭ ᠤᠨ ᠭᠠᠵᠠᠷ ᠴᠠᠬᠠᠷ ᠤᠨ ᠪᠦᠯᠦᠭ ᠬᠦᠮᠦᠰ ᠢ | ᠯᠢᠶᠣᠤᠨᠢᠩ ᠤᠨ ᠢ ᠵᠧᠤ ᠠᠴᠠ ᠣᠳᠣ ᠶᠢᠨ ᠾᠧᠪᠧᠶ ᠮᠤᠵᠢ ᠶᠢᠨ ᠰᠢᠤᠸᠠᠨᠬᠤᠸᠠ ᠂ ᠱᠠᠨ ᠰᠢ ᠮᠤᠵᠢ ᠶᠢᠨ | ᠳ᠋ᠠᠲ᠋ᠦ᠋ᠩ ᠠᠴᠠ ᠤᠮᠠᠷᠠᠰᠢᠬᠢ ᠨᠡᠭᠦᠯᠭᠡᠵᠦ ᠵᠡᠭᠦᠨ᠂ ᠪᠠᠷᠠᠭᠤᠨ ᠭᠠᠷᠤᠨ ᠨᠠᠢᠮᠠᠨ ᠬᠤᠰᠢᠭᠤ ᠪᠣᠯᠭᠠᠨ ᠬᠤᠪᠢᠶᠠᠪᠠ᠃ | ᠴᠢᠩ ᠤᠯᠤᠰ ᠤᠨ ᠡᠩᠬᠡ ᠠᠮᠤᠭᠤᠯᠠᠩ ᠤᠨ ᠬᠤᠷᠢᠨ ᠨᠢᠭᠡᠳᠦᠭᠡᠷ ᠣᠨ ︵1682 ᠣᠨ︶ ᠳᠤ ᠬᠦᠬᠡ | ᠬᠤᠰᠢᠭᠤᠨ ᠤ ᠶᠢᠩᠽᠢ ᠲᠣᠰᠬᠤᠨ ᠲᠤ ᠬᠥᠪᠡᠭᠡᠲᠦ ᠬᠦᠬᠡ ᠬᠤᠰᠢᠭᠤᠨ ᠤ ᠶᠠᠮᠤᠨ ᠪᠠᠶᠢᠭᠤᠯᠪᠠ᠃ ᠢᠷᠭᠡᠨ | ᠤᠯᠤᠰ ᠤᠨ ᠠᠷᠪᠠᠨ ᠭᠤᠷᠪᠠᠳᠤᠭᠠᠷ ᠣᠨ ︵ᠨᠡᠶᠢᠲᠡ ᠶᠢᠨ ᠤᠨ ᠲᠣᠭᠠᠯᠠᠯ ᠤᠨ 1924 ᠣᠨ︶ ᠪᠣᠯᠲᠠᠯ᠎ᠠ | ᠦᠷᠭᠦᠯᠵᠢᠯᠡᠭᠰᠡᠨ ᠠᠴᠠ ᠬᠤᠶᠢᠰᠢ ᠬᠥᠪᠡᠭᠡᠲᠦ ᠬᠦᠬᠡ ᠬᠤᠰᠢᠭᠤᠨ ᠤ ᠶᠠᠮᠤᠨ ᠳᠤ ᠬᠥᠪᠡᠭᠡᠲᠦ ᠬᠦᠬᠡ ᠬᠤᠰᠢᠭᠤᠨ ᠤ | ᠪᠦᠭᠦᠳᠡ ᠶᠢ ᠬᠠᠮᠢᠶᠠᠷᠬᠤ ᠣᠷᠳᠣᠨ ᠪᠠᠶᠢᠭᠤᠯᠵᠤ᠂ ᠬᠠᠷᠢᠶᠠᠨ ᠳᠠᠬᠢ ᠵᠦᠸᠧᠽᠢ ᠰᠢᠶᠠᠨ ᠤ ᠪᠠᠷᠠᠭᠤᠨ ᠬᠡᠰᠡᠭ ᠪᠠ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠵᠢᠴᠢ ᠯᠢᠶᠠᠩᠴᠧᠩ ᠰᠢᠶᠠᠨ ᠤ ᠬᠡᠰᠡᠭ ᠭᠠᠵᠠᠷ ᠣᠷᠣᠨ ᠢ | ᠪᠠᠭᠲᠠᠭᠠᠵᠠᠢ᠃ ᠢᠷᠭᠡᠨ ᠤᠯᠤᠰ ᠤᠨ ᠭᠤᠴᠢᠨ ᠳᠥᠷᠪᠡᠳᠦᠭᠡᠷ ᠣᠨ ︵ᠨᠡᠶᠢᠲᠡ ᠶᠢᠨ ᠤᠨ ᠲᠣᠭᠠᠯᠠᠯ ᠤᠨ 1945 | ᠣᠨ︶ ᠤ ᠠᠷᠪᠠᠳᠤᠭᠠᠷ ᠰᠠᠷ᠎ᠠ ᠵᠦᠸᠧᠽᠢ ᠰᠢᠶᠠᠨ ᠠᠩᠬ᠎ᠠ ᠤᠳᠠᠭ᠎ᠠ ᠴᠢᠯᠥᠭᠡᠯᠡᠭᠳᠡᠪᠡ᠂ ᠲᠠᠷᠠᠭ᠎ᠠ ᠨᠢ ᠬᠤᠷᠠᠯᠳᠤᠭᠰᠠᠨ | ᠡᠯ᠎ᠡ ᠲᠠᠯ᠎ᠠ ᠶᠢᠨ ᠲᠥᠯᠥᠭᠡᠯᠡᠭᠴᠢᠳ ᠤᠨ ᠬᠤᠷᠠᠯ ᠠᠴᠠ ᠬᠥᠪᠡᠭᠡᠲᠦ ᠬᠦᠬᠡ ᠬᠤᠰᠢᠭᠤᠨ ᠤ ᠵᠠᠰᠠᠭ ᠤᠨ ᠣᠷᠳᠣᠨ | ᠪᠠᠶᠢᠭᠤᠯᠤᠭᠳᠠᠭᠰᠠᠨ ᠢ ᠨᠡᠶᠢᠳᠡᠯᠡᠵᠦ᠃ ᠢᠷᠭᠡᠨ ᠤᠯᠤᠰ ᠤᠨ ᠭᠤᠴᠢᠨ ᠳᠣᠯᠣᠳᠤᠭᠠᠷ ᠣᠨ ︵ᠨᠡᠶᠢᠲᠡ ᠶᠢᠨ ᠤᠨ | ᠲᠣᠭᠠᠯᠠᠯ ᠤᠨ 1948 ᠣᠨ︶ ᠤ ᠶᠢᠰᠦᠳᠦᠭᠡᠷ ᠰᠠᠷ᠎ᠠ ᠳᠤ ᠵᠦᠸᠧᠽᠢ ᠰᠢᠶᠠᠨ ᠬᠤᠶᠠᠳᠤᠭᠠᠷ ᠤᠳᠠᠭ᠎ᠠ | ᠴᠢᠯᠥᠭᠡᠯᠡᠭᠳᠡᠨ᠂ ᠬᠤᠰᠢᠭᠤ ᠰᠢᠶᠠᠨ ᠬᠠᠮᠲᠤ ᠪᠠᠷ ᠮᠣᠩᠭᠤᠯ ᠬᠢᠲᠠᠳ ᠬᠤᠪᠢᠶᠠᠷᠢᠯᠠᠨ ᠵᠠᠰᠠᠵᠤ᠂ ᠬᠥᠪᠡᠭᠡᠲᠦ ᠬᠦᠬᠡ | ᠬᠤᠰᠢᠭᠤᠨ ᠤ ᠵᠠᠰᠠᠭ ᠤᠨ ᠣᠷᠳᠣᠨ ᠤ ᠪᠠᠶᠢᠭ᠎ᠠ ᠬᠦᠬᠡ ᠬᠤᠰᠢᠭᠤᠨ ᠤ ᠶᠠᠮᠤᠨ ᠶᠢᠩᠽᠢ ᠶᠢ ᠢ ᠤᠳᠤ ᠶᠢᠨ | ᠵᠦᠸᠧᠽᠢ ᠰᠢᠶᠠᠨ ᠤ ᠵᠦᠸᠧᠽᠢ ᠱᠠᠨ ᠪᠠᠯᠭᠠᠰᠤᠨ ᠤ ᠰᠢᠨ ᠮᠢᠨ ᠵᠡᠭᠡᠯᠢ ᠳᠤ ᠨᠡᠭᠦᠯᠭᠡᠪᠡ᠃ ᠬᠤᠶᠠᠷ ᠵᠠᠭᠤ ᠵᠢᠷᠠ | ᠭᠠᠷᠤᠶ ᠵᠢᠯ ᠦᠷᠭᠦᠯᠵᠢᠯᠡᠭᠰᠡᠨ ᠬᠥᠬᠡ ᠬᠤᠰᠢᠭᠤᠨ ᠤ ᠶᠠᠮᠤᠨ ᠲᠡᠤᠬᠡ ᠪᠣᠯᠵᠣ᠂ ᠬᠥᠬᠡ ᠬᠤᠰᠢᠭᠤᠨ ᠤ ᠶᠠᠮᠤᠨ ᠣᠲᠣ | ᠪᠣᠯᠲᠠᠯ᠎ᠠ ᠤᠯᠠᠮᠵᠢᠯᠠᠭᠳᠠᠭᠰᠠᠭᠠᠷ ᠢᠷᠡᠵᠡᠶ᠃ ᠭᠤᠷᠪᠠᠨ ᠵᠠᠭᠤᠨ ᠵᠢᠯ ᠤᠨ ᠠᠶᠢᠯ ᠲᠣᠰᠬᠤᠨ ᠨᠢ ᠬᠥᠮᠦᠰ ᠤᠨ ᠤᠳᠤᠮ | ᠤᠭᠰᠠᠭ᠎ᠠ ᠶᠢ ᠡᠷᠢᠯᠬᠢᠯᠡᠬᠦ ᠪᠠ ᠪᠠᠷᠲᠠᠭᠠᠨ ᠢ ᠬᠠᠶᠢᠵᠤ ᠡᠷᠲᠡᠨ ᠤ ᠬᠢ ᠪᠠᠷ ᠠᠶᠢᠯᠴᠢᠯᠠᠬᠤ ᠰᠠᠶᠢᠨ ᠭᠠᠵᠠᠷ ᠪᠣᠯᠤᠭᠰᠠᠨ | ᠪᠠᠶᠢᠨ᠎ᠠ᠃ | | | |