ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠵᠢᠶᠦ᠋ᠨ ᠰᠢᠪᠠᠷᠲᠠᠢ ᠪᠠᠯᠭᠠᠰᠤᠨ ᠳᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠦᠷᠢᠯᠡᠬᠦ ᠠᠵᠢᠯ ᠢ ᠵᠢᠯᠣᠭᠤᠳᠴᠤ᠂ ᠶᠠᠳᠠᠭᠤ ᠬᠦᠴᠢᠷᠳᠡᠯᠲᠡᠶ  ᠡᠷᠦᠬᠡ ᠳᠤ ᠬᠦᠷᠴᠦ ᠰᠤᠷᠪᠤᠯᠵᠢᠯᠠᠪᠠ
ᠨᠡᠶᠢᠲᠡᠯᠡᠭᠰᠡᠨ ᠴᠠᠭ᠄
2020-03-19
    3 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠵᠢᠶᠦ᠋ᠨ ᠲᠦᠷᠦᠭᠦᠯᠡᠨ ᠳᠠᠭᠠᠴᠢᠯᠡᠨ ᠲᠡᠳᠬᠦᠬᠦ ᠬᠠᠷᠢᠭᠤᠴᠠᠯᠭ᠎ᠠ ᠪᠠᠨ  ᠭᠦᠢᠴᠡᠳᠬᠡᠵᠦ᠂ ᠰᠢᠪᠠᠷᠲᠠᠢ ᠪᠠᠯᠭᠠᠰᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠵᠢᠯᠣᠭᠤᠳᠤᠭᠰᠠᠨ ᠪᠥᠭᠡᠳ ᠶᠠᠳᠠᠭᠤ ᠬᠦᠴᠢᠷᠳᠡᠯᠲᠡᠶ  ᠡᠷᠦᠬᠡ ᠳᠤ ᠬᠦᠷᠴᠦ ᠰᠤᠷᠪᠤᠯᠵᠢᠯᠠᠪᠠ᠃
    ᠳᠠᠭᠠᠴᠢᠯᠠᠭᠰᠠᠨ ᠲᠣᠰᠬᠤᠨ ᠤ ᠶᠢᠨ ᠴᠧᠩ ᠸᠠ ᠲᠣᠰᠬᠤᠨ ᠳᠤ᠂ ᠸᠠᠩ ᠰᠢᠶᠤᠤ ᠵᠢᠶᠦ᠋ᠨ ᠱᠦᠵᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ ᠂ ᠲᠠᠩᠰᠠ ᠡᠪᠬᠡᠮᠡᠯ ᠤᠨ ᠮᠠᠲ᠋ᠧᠷᠢᠶᠠᠯ ᠢ ᠨᠠᠷᠢᠨ ᠪᠠᠶᠢᠴᠠᠭᠠᠨ ᠦᠵᠡᠬᠦ ᠶᠢᠨ ᠬᠠᠮᠲᠤ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠭ᠎ᠠ ᠶᠢᠨ ᠭᠡᠰᠢᠭᠦᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠠᠳᠠᠯᠤᠨ ᠰᠤᠳᠤᠯᠵᠤ᠂ ᠶᠠᠳᠠᠭᠤ ᠠᠴᠠ ᠠᠩᠭᠢᠵᠢᠷᠠᠭᠠᠳᠤᠢ ᠡᠷᠦᠬᠡ ᠶᠢᠨ ᠶᠠᠳᠠᠭᠤ ᠠᠴᠠ ᠠᠩᠭᠢᠵᠢᠷᠠᠭᠤᠯᠬᠤ ᠠᠷᠭ᠎ᠠ ᠬᠡᠮᠵᠢᠶ᠎ᠡ ᠶᠢ ᠲᠥᠯᠥᠪᠵᠢᠭᠦᠯᠦᠨ ᠲᠣᠭᠲᠠᠭᠠᠪᠠ᠃ ᠲᠡᠷᠡ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠡᠴᠦᠰ ᠤᠨ ᠵᠢᠯ ᠪᠣᠯᠤᠨ᠎ᠠ᠂ ᠬᠡᠳᠦ᠋ᠢᠪᠡᠷ ︽ᠶᠠᠳᠠᠭᠤ ᠠᠴᠠ ᠠᠩᠭᠢᠵᠢᠷᠠᠬᠤ︾ ᠶᠢ ᠪᠡᠶᠡᠯᠡᠭᠦᠯᠦᠭᠰᠡᠨ  ᠪᠤᠯᠪᠠᠴᠦ᠂ ᠦᠯᠡᠳᠡᠵᠦ ᠪᠠᠶᠢᠭ᠎ᠠ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ ᠡᠭᠦᠷᠭᠡ ᠶᠢ ᠪᠡᠶᠡᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠦᠨ ᠲᠡᠭᠦᠯᠳᠡᠷᠵᠢᠭᠦᠯᠬᠦ᠂ ᠳᠤᠲᠠᠭᠤᠳᠠᠯ ᠪᠠᠭᠤᠷᠠᠢ ᠲᠠᠯ᠎ᠠ ᠶᠢ ᠨᠥᠬᠦᠪᠥᠷᠢᠯᠡᠬᠦ ᠡᠭᠦᠷᠭᠡ ᠮᠥᠨ ᠮᠠᠰᠢ ᠪᠡᠷᠬᠡ ᠬᠠᠲᠠᠭᠤᠵᠢᠯᠲᠠᠢ ᠪᠠᠶᠢᠵᠤ᠂ ᠥᠴᠦᠬᠡᠨ ᠴᠦ ᠰᠤᠯᠠᠷᠠᠵᠤ ᠪᠣᠯᠬᠤ ᠦᠭᠡᠢ᠂ ᠥᠴᠦᠬᠡᠨ ᠴᠦ ᠴᠠᠯᠠᠭᠠᠶᠢᠷᠠᠵᠤ ᠪᠣᠯᠬᠤ ᠦᠭᠡᠢ᠂ ᠡᠷᠬᠡᠪᠰᠢ ᠪᠦᠷᠢᠨ ᠢᠯᠠᠯᠲᠠ ᠤᠯᠬᠤ ᠦᠭᠡᠢ ᠪᠣᠯ ᠶᠠᠭᠠᠬᠢᠭᠰᠠᠨ ᠴᠤ ᠴᠡᠷᠢᠭ ᠲᠠᠲᠠᠬᠤ ᠦᠭᠡᠢ ᠪᠠᠶᠢᠬᠤ ᠪᠣᠭᠤᠮᠲᠠ ᠰᠢᠪᠲᠤᠯᠬᠤ  ᠪᠠᠶᠢᠳᠠᠯ ᠢ ᠦᠷᠭᠦᠯᠵᠢᠯᠡᠨ ᠪᠠᠲᠤᠯᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠨ᠂ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠡᠷᠡᠰ ᠢᠯᠠᠯᠲᠠ ᠤᠯᠬᠤ ᠬᠡᠷᠡᠭᠲᠡᠢ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ ︾ ᠪᠠᠷᠢᠮᠵᠢᠶ᠎ᠠ ᠪᠠᠷ ᠪᠠᠷᠢᠮᠵᠢᠶ᠎ᠠ ᠪᠣᠯᠭᠠᠵᠤ᠂ ᠨᠢᠭᠡ ᠡᠷᠦᠬᠡ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ᠂ ᠦᠯᠡᠳᠡᠭᠰᠡᠨ ᠶᠠᠳᠠᠭᠤ ᠠᠴᠠ ᠠᠩᠭᠢᠵᠢᠷᠠᠭᠠᠳᠤᠶ ᠶᠠᠳᠠᠭᠤ ᠬᠦᠴᠢᠷᠳᠡᠯᠲᠡᠶ ᠡᠷᠦᠬᠡ ᠶᠢ ᠲᠣᠭᠲᠠᠭᠰᠠᠨ ᠬᠤᠭᠤᠴᠠᠭᠠᠨ ᠳᠠᠭᠠᠨ ᠴᠢᠨᠠᠷ ᠰᠠᠶᠢᠲᠠᠶ ᠶᠠᠳᠠᠭᠤ ᠠᠴᠠ ᠠᠩᠭᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠠᠰᠠᠭᠤᠳᠠᠯ ᠢ ᠡᠷᠢᠨ ᠭᠠᠷᠭᠠᠵᠤ᠂ ᠤᠳᠠᠭ᠎ᠠ ᠪᠦᠷᠢ ᠶᠢᠨ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠰᠢᠯᠭᠠᠨ ᠬᠢᠨᠠᠵᠤ ᠬᠢᠨᠠᠨ ᠵᠢᠯᠤᠭᠤᠳᠬᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠵᠡᠷᠭᠡ ᠲᠠᠢ ᠤᠶᠠᠯᠳᠤᠭᠤᠯᠤᠨ ᠠᠰᠠᠭᠤᠳᠠᠯ ᠢ ᠢᠯᠡᠷᠡᠭᠦᠯᠵᠦ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠣᠷᠬᠢᠭᠳᠠᠯ ᠢ ᠪᠠᠶᠢᠴᠠᠭᠠᠵᠤ ᠳᠤᠲᠠᠭᠤ ᠶᠢ ᠨᠢ ᠨᠥᠬᠦᠪᠦ‌‍ᠷᠢᠯᠡᠨ᠂ ᠰᠠᠩ ᠬᠥᠮᠥᠷᠭᠡ ᠪᠠᠨ ᠴᠡᠪᠡᠷᠯᠡᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠳᠠᠭᠤᠰᠬᠠᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃ ᠬᠤᠸᠠᠩ ᠴᠢ ᠲᠠᠨ ᠲᠣᠰᠬᠤᠨ ᠳᠤ᠂ ᠸᠠᠩ ᠰᠢᠶᠤᠤ ᠵᠢᠶᠦ᠋ᠨ ᠱᠦᠵᠢ ᠳᠠᠭᠠᠭᠠᠴᠢᠯᠠᠨ ᠲᠡᠳᠬᠦᠬᠦ ᠶᠠᠳᠠᠭᠤ ᠬᠦᠴᠢᠷᠳᠡᠯᠲᠡᠶ ᠡᠷᠦᠬᠡ ᠶᠢ ᠨᠢᠭᠡᠳ ᠨᠢᠭᠡ ᠪᠠᠷ ᠡᠷᠬᠢᠨ ᠦᠵᠡᠵᠦ᠂ ᠡᠷᠦᠬᠡ ᠪᠦᠷᠢ ᠳᠤ ᠲᠡᠳᠡᠨ ᠲᠠᠢ ᠰᠡᠳᠬᠢᠯ ᠤᠨ ᠦᠭᠡ ᠰᠤᠯᠢᠯᠴᠠᠨ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠲᠣᠳᠣᠷᠬᠠᠶ ᠺᠠᠷᠲ ᠢ ᠪᠠᠶᠢᠴᠠᠭᠠᠨ ᠦᠵᠡᠵᠦ᠂ ᠲᠡᠳᠡᠨ ᠤ ᠬᠡᠷ ᠪᠦᠯᠢ ᠶᠢᠨ ᠪᠠᠶᠢᠳᠠᠯ᠂ ᠡᠷᠡᠭᠦᠯ ᠮᠡᠨᠳᠦ ᠶᠢᠨ ᠪᠠᠶᠢᠳᠠᠯ᠂ ᠣᠷᠣᠯᠭ᠎ᠠ ᠶᠢᠨ ᠢᠷᠡᠯᠲᠡ ᠪᠣᠯᠤᠨ ᠣᠷᠣᠨ ᠰᠠᠭᠤᠴᠠ ᠶᠢᠨ ᠪᠠᠲᠤᠯᠠᠭ᠎ᠠ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠲᠠᠢ ᠬᠠᠮᠲᠤ ᠪᠠᠷ ᠶᠠᠳᠠᠭᠤ ᠠᠴᠠ ᠠᠩᠭᠢᠵᠢᠷᠠᠭᠤᠯᠬᠤ ᠠᠷᠭ᠎ᠠ ᠪᠣᠳᠣᠯᠭ᠎ᠠ ᠶᠢ ᠵᠥᠪᠳᠡᠯᠴᠡᠪᠡ᠃ ᠶᠠᠳᠠᠭᠤ ᠬᠦᠴᠢᠷᠳᠡᠯᠲᠡᠶ ᠡᠷᠦᠬᠡ ᠯᠢᠦ ᠮᠧᠶ ᠪᠣᠯᠤᠨ ᠯᠢᠶᠠᠩ ᠯᠢᠨ ᠺᠦᠶ ᠶᠢᠨ ᠭᠡᠷ ᠲᠤ᠂ ᠸᠠᠩ ᠰᠢᠶᠣᠤ ᠵᠢᠶᠦ᠋ᠨ᠄ ︽ᠬᠦᠷᠢᠶ᠎ᠡ ᠪᠠᠨ ᠡᠶᠢᠮᠦ ᠴᠡᠪᠡᠷ ᠴᠡᠮᠴᠡᠭᠡᠷ ᠴᠡᠪᠡᠷᠯᠡᠭᠰᠡᠨ ᠨᠢ ᠯᠠᠪᠲᠠᠶ ᠠᠵᠢᠯᠴᠢ ᠬᠥᠮᠦᠨ︕ ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠪᠠᠶᠠᠰᠤᠩᠭᠤᠶ ᠣᠪᠣᠷ ᠪᠠᠶᠢᠳᠠᠯ ᠲᠠᠢ ᠪᠠᠶᠢᠵᠤ᠂ ᠡᠷᠲᠡᠬᠡᠨ ᠶᠠᠳᠠᠭᠤ ᠠᠴᠠ ᠠᠩᠭᠢᠵᠢᠷᠠᠨ ᠪᠠᠶᠠᠵᠢᠬᠤ ᠪᠠᠷ ᠴᠢᠷᠮᠠᠶᠢᠬᠤ ᠬᠡᠷᠡᠭᠲᠡᠶ ᠭᠡᠵᠦ ᠵᠣᠷᠢᠭᠵᠢᠭᠤᠯᠪᠠ᠃ ᠰᠢᠶᠠᠩ ᠪᠠᠯᠭᠠᠰᠤ᠂ ᠲᠣᠰᠬᠤᠨ ᠪᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠳᠤ ︽ᠳᠥᠷᠪᠡ ᠶᠢ ᠥᠯᠥ ᠠᠪᠬᠤ︾  ᠱᠠᠭᠠᠷᠳᠠᠯᠭ᠎ᠠ ᠶᠣᠰᠣᠭᠠᠷ᠂ ᠶᠠᠳᠠᠭᠤ ᠬᠦᠴᠢᠷᠳᠡᠯᠲᠡᠶ ᠡᠷᠦᠬᠡ ᠶᠢᠨ ᠤᠶᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠴᠠᠭ ᠲᠤᠬᠠᠶ ᠳᠤᠨᠢ ᠠᠩᠬᠠᠷᠴᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠬᠠᠪᠰᠤᠷᠤᠨ ᠳᠡᠳᠬᠦᠬᠦ ᠡᠷᠴᠢᠮ ᠢᠶᠠᠨ ᠴᠢᠩᠭᠠᠷᠠᠭᠤᠯᠵᠤ᠂ ᠨᠥᠬᠦᠴᠡᠯ ᠨᠢ ᠵᠥᠪᠰᠢᠶᠡᠷᠡᠬᠦ ᠮᠥᠷᠲᠡᠭᠡᠨ ᠬᠦᠰᠡᠯ ᠡᠷᠡᠮᠡᠯᠵᠡᠯ ᠲᠠᠢ ᠶᠠᠳᠠᠭᠤ ᠬᠦᠴᠢᠷᠳᠡᠯᠲᠡᠶ ᠡᠷᠦᠬᠡ ᠶᠢ ᠢᠳᠡᠪᠬᠢᠲᠡᠶ ᠪᠠᠷ ᠬᠠᠪᠰᠤᠷᠤᠨ ᠠᠵᠤ ᠦᠶ᠋ᠯᠡᠰ ᠢ ᠨᠢ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠠᠨᠠᠭᠠᠴᠢᠯᠠᠭᠠᠲᠤ ᠴᠢᠨᠠᠷ ᠢᠶᠠᠷ ᠴᠢᠩᠭ᠎ᠠ ᠪᠤᠰᠤ ᠴᠢᠨᠠᠭᠰᠢᠯᠠᠪᠠᠯ ︽ᠬᠤᠪᠳᠣᠭᠯᠠᠨ ᠡᠵᠡᠯᠡᠬᠦ︾ ᠦᠵᠡᠯ ᠰᠠᠨᠠᠭ᠎ᠠ ᠲᠠᠢ ᠶᠠᠳᠠᠭᠤ ᠬᠦᠴᠢᠷᠳᠡᠯᠲᠡᠶ ᠡᠷᠦᠬᠡ ᠳᠤ ᠦᠵᠡᠯ ᠰᠠᠨᠠᠭᠠᠨ ᠤ ᠬᠥᠮᠦᠵᠢᠯ ᠢ ᠴᠢᠩᠭᠠᠳᠬᠠᠵᠤ᠂ ᠶᠠᠳᠠᠭᠤ ᠶᠢ ᠲᠡᠳᠬᠦᠬᠦ ᠡᠯ᠎ᠡ ᠵᠦᠶ᠋ᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠬᠠᠮᠤᠭ ᠤᠨ ᠶᠡᠭᠡ ᠬᠡᠮᠵᠢᠶ᠎ᠡ ᠪᠠᠷ ᠳᠠᠶᠢᠴᠢᠯᠠᠬᠤ ᠬᠡᠷᠡᠭᠲᠡᠶ ᠭᠡᠵᠦ ᠵᠠᠬᠢᠪᠠ᠃  ᠢᠯᠠᠩᠭᠤᠶ᠎ᠠ ᠰᠢᠶᠠᠨ ᠤ ᠱᠠᠲᠤᠨ ᠤ ᠤᠳᠤᠷᠢᠳᠤᠯᠭ᠎ᠠ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠲᠦᠷᠦᠭᠦᠯᠡᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠰᠢᠶᠠᠩ ᠪᠠᠯᠭᠠᠰᠤ ᠪᠣᠯᠤᠨ ᠲᠣᠰᠬᠤᠨ ᠢ ᠬᠢᠨᠠᠨ  ᠵᠢᠯᠤᠭᠤᠳᠴᠤ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠶᠠᠳᠠᠭᠤ ᠬᠦᠴᠢᠷᠳᠡᠯᠲᠡᠢ ᠡᠷᠦᠬᠡ ᠶᠢ ᠬᠠᠪᠰᠤᠷᠤᠨ ᠲᠡᠳᠬᠦᠵᠦ ᠶᠠᠳᠠᠭᠤ ᠠᠴᠠ ᠠᠩᠭᠢᠵᠢᠷᠠᠭᠤᠯᠬᠤ ᠶᠢ ᠤᠷᠤᠭᠰᠢᠲᠠᠢ ᠪᠡᠶᠡᠯᠡᠭᠦᠯᠵᠦ᠂ ᠪᠦᠬᠦ ᠰᠢᠶᠠᠨ ᠤ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠤ ᠢᠳᠡᠪᠬᠢᠲᠠᠢ ᠬᠥᠳᠡᠯᠦᠯᠴᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠶᠢ ᠲᠠᠶᠢᠴᠢᠯᠠᠵᠤ᠂ ᠶᠠᠳᠠᠭᠤ ᠠᠴᠠ  ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠰᠢᠨ᠎ᠡ ᠥᠷᠨᠢᠯᠲᠡ ᠶᠢ ᠭᠠᠷᠭᠠᠬᠤ ᠬᠡᠷᠡᠭᠲᠡᠢ᠃               ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2