3 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ ᠴᠡᠴᠡᠭ ᠮᠠᠨ ᠤ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃ | | ᠡᠯᠧᠺᠳ᠋ᠷᠤᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠦᠵᠡᠭᠦᠯᠭᠡ ᠶᠢᠨ ᠲᠢᠩᠬᠢᠮ ᠲᠤ᠂ | ᠴᠡᠴᠡᠭ ᠵᠡᠷᠭᠡ ᠬᠥᠮᠦᠰ ᠡᠯᠧᠺᠲᠷᠤᠨ ᠬᠤᠳᠠᠯᠳᠤᠭᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠦᠷᠦᠯ | ᠵᠦᠢᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠲᠠᠷᠢᠶᠠᠯᠠᠩ ᠤᠨ ᠣᠨᠴᠠ ᠡᠯᠧᠺᠲᠷᠤᠨ | ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠲᠦᠷᠦᠯ ᠵᠦᠢᠯ ᠤᠨ ᠪᠠᠶᠢᠷᠢᠯᠠᠭᠤᠯᠤᠯᠲᠠ᠂ ᠠᠷᠠᠯᠵᠢᠶᠠᠴᠢᠨ | ᠤᠷᠢᠬᠤ ᠠᠴᠠ ᠣᠳᠣᠬᠠᠨ ᠤ ᠶᠠᠳᠠᠭᠤ ᠶᠢ ᠲᠡᠳᠬᠦᠬᠦ ᠠᠵᠢᠯ ᠳᠤ ᠣᠯᠤᠭᠰᠠᠨ ᠦᠷ᠎ᠡ ᠪᠦᠲᠦᠭᠡᠯ ᠢ ᠨᠠᠷᠢᠨ ᠬᠢᠨᠠᠮᠠᠭᠠᠢ | ᠰᠣᠨᠣᠰᠤᠨ᠎ᠠ᠃ ᠴᠡᠴᠡᠭ ᠡᠯᠧᠺᠲᠷᠤᠨ ᠬᠤᠳᠠᠯᠳᠤᠭᠠᠨ ᠤ ᠲᠠᠪᠴᠠᠩ ᠤᠨ ᠤᠨᠴᠠᠯᠢᠬᠳᠤ ᠪᠦᠲᠦᠭᠡᠭᠳᠡᠬᠦᠨ ᠤ ᠭᠤᠣᠯ | ᠪᠣᠯᠬᠤ ᠪᠤᠷᠤᠯᠠᠭᠤᠯᠭ᠎ᠠ ᠶᠢᠨ ᠠᠷᠭ᠎ᠠ ᠵᠠᠮ ᠢ ᠨᠠᠷᠢᠨ ᠠᠰᠠᠭᠤᠨ ᠯᠠᠪᠯᠠᠵᠤ᠂ ᠡᠯ᠎ᠡ ᠶᠡᠭᠡ ᠡᠯᠧᠺᠲᠷᠤᠨ | ᠬᠤᠳᠠᠯᠳᠤᠭᠠᠨ ᠤ ᠲᠠᠪᠴᠠᠩ ᠲᠠᠢ ᠭᠦᠨᠵᠡᠬᠡᠢ ᠬᠠᠮᠲᠤᠷᠠᠯᠴᠠᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ | ᠥᠷᠭᠡᠳᠬᠡᠭᠰᠡᠨ ᠡᠰᠡᠬᠦ ᠪᠠᠶᠢᠴᠠᠭᠠᠨ᠎ᠠ᠃ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ | ᠯᠢᠦ ᠺᠠᠶ ᠶᠢᠨ ᠬᠢᠵᠢᠭ ᠤᠨ ᠪᠠᠶᠢᠳᠠᠯ ᠲᠤ ᠡᠯᠧᠺᠲᠷᠣᠨ ᠬᠤᠳᠠᠯᠳᠤᠭᠠᠨ ᠤ ᠬᠠᠩᠭᠠᠯᠭ᠎ᠠ ᠶᠢ ᠪᠠᠲᠤᠯᠠᠬᠤ | ᠬᠤᠭᠤᠴᠠᠭᠠᠨ ᠳᠤ᠂ ᠲᠦᠷᠭᠡᠨ ᠬᠤᠳᠠᠯᠳᠤᠨ ᠠᠪᠬᠤ ᠨᠢᠭᠡ ᠬᠤᠲᠠ ᠶᠢᠨ ᠡᠯᠧᠺᠲᠷᠣᠨ ᠬᠤᠳᠠᠯᠳᠤᠭᠠᠨ ᠤ | ᠲᠠᠪᠴᠠᠩ ᠢ ᠨᠡᠭᠡᠭᠡᠨ ᠠᠰᠢᠭᠯᠠᠵᠤ᠂ ᠮᠠᠨ ᠤ ᠰᠢᠶᠠᠨ ᠤ ᠬᠤᠲᠠ ᠲᠤᠭᠤᠷᠢᠭ ᠤᠨ ᠡᠳᠦᠷ ᠲᠤᠲᠤᠮ ᠤᠨ ᠠᠮᠢᠳᠤᠷᠠᠯ ᠤᠨ | ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠬᠤ ᠶᠢᠨ ᠲᠦᠯᠦᠭᠡ ᠥᠪᠡᠷ ᠤᠨ ᠨᠢᠭᠡ ᠬᠤᠪᠢ | ᠬᠦᠴᠦᠨ ᠢᠶᠠᠨ ᠡᠷᠭᠦᠭᠰᠡᠨ ᠢ ᠮᠡᠳᠡᠭᠰᠡᠨ ᠪᠥᠭᠡᠳ ᠵᠡᠮᠳᠡᠭᠴᠦᠳ ᠢ ᠳᠠᠭᠠᠭᠤᠯᠤᠨ ᠡᠯᠧᠺᠲᠷᠣᠨ ᠬᠤᠳᠠᠯᠳᠤᠭᠠᠨ ᠤ | ᠲᠠᠪᠴᠠᠩ ᠢᠶᠠᠷ ᠳᠡᠮᠵᠢᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠵᠠᠮ ᠢᠶᠠᠷ ᠵᠠᠮᠨᠠᠭᠤᠯᠵᠤ᠂ ᠴᠡᠴᠡᠭ ᠯᠢᠦ | ᠺᠠᠶ ᠶᠢᠨ ᠠᠳᠠᠯ ᠤᠶᠢᠯᠡᠰ ᠴᠣᠭᠴᠠᠯᠠᠭᠰᠠᠨ ᠥᠯᠢᠭᠡᠷ ᠢ ᠮᠠᠭᠲᠠᠨ ᠰᠠᠶᠢᠰᠢᠶᠠᠬᠤ ᠶᠢᠨ ᠬᠠᠮᠲᠤ ᠵᠣᠷᠢᠭᠵᠢᠭᠤᠯᠤᠨ | ᠳᠡᠮᠵᠢᠪᠡ᠃ ᠴᠡᠴᠡᠭ ᠪᠠᠰᠠ ᠪᠠᠷᠠᠭᠠᠨ ᠤ ᠭᠦᠢᠯᠭᠡᠭᠡ ᠶᠢᠨ ᠬᠥᠮᠥᠷᠭᠡᠯᠡᠨ ᠬᠠᠳᠠᠭᠠᠯᠠᠬᠤ ᠲᠥᠪ ᠲᠤ ᠬᠦᠷᠴᠦ | ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠪᠥᠭᠡᠳ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠭᠦᠨᠵᠡᠭᠡᠢ | ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠠᠢ᠃ ᠴᠡᠴᠡᠭ ᠢᠯᠡᠷᠬᠡᠶᠢᠯᠡᠬᠦ ᠳᠡᠭᠡᠨ᠂ ᠨᠦᠩ ᠲᠧ ᠡᠯᠧᠺᠲᠷᠣᠨ | ᠬᠤᠳᠠᠯᠳᠤᠭᠠᠨ ᠤ ᠠᠵᠤ ᠤᠶᠢᠯᠡᠰ ᠤᠨ ᠬᠦᠷᠢᠶᠡᠯᠡᠩ ᠲᠠᠪᠴᠠᠩ ᠤᠨ ᠤᠶᠢᠯᠡᠳᠤᠯ ᠢᠶᠠᠨ ᠪᠠᠳᠠᠷᠠᠭᠤᠯᠵᠤ᠂ ᠶᠠᠳᠠᠭᠤ | ᠬᠦᠴᠢᠷᠳᠡᠯᠲᠡᠶ ᠡᠷᠦᠬᠡ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠲᠡᠳᠡᠨ ᠤ ︽ᠢᠨᠲ᠋ᠧᠷ ᠰᠦᠯᠵᠢᠶ᠎ᠡ +︾ | ᠶᠢ ᠬᠡᠷᠡᠭᠯᠡᠨ ᠠᠳᠠᠯ ᠤᠶᠢᠯᠡᠰ ᠴᠣᠭᠴᠠᠯᠠᠬᠤ ᠶᠢ ᠵᠣᠷᠢᠭᠵᠢᠭᠤᠯᠵᠤ᠂ ᠠᠳᠠᠯ ᠶᠢᠯᠡᠰ ᠴᠣᠭᠴᠠᠯᠠᠬᠤ ᠪᠠᠷ ᠠᠵᠢᠯ | ᠣᠯᠭᠤᠯᠲᠠ ᠶᠢ ᠳᠠᠶᠢᠴᠢᠯᠠᠵᠤ᠂ ᠠᠮᠢᠳᠤᠷᠠᠯ ᠢᠶᠠᠨ ᠡᠷᠲᠡᠬᠡᠨ ᠴᠢᠨᠡᠭᠡᠯᠡᠭᠵᠢᠭᠦᠯᠬᠦ ᠬᠡᠷᠡᠭᠲᠡᠶ ᠭᠡᠵᠡᠶ᠃ | ᠹᠦ᠋ ᠠᠨ᠂ ᠹᠦ᠋ ᠺᠠᠩ ᠪᠠᠭ᠎ᠠ ᠲᠣᠭᠤᠷᠢᠭ ᠲᠤ᠂ ᠴᠡᠴᠡᠭ ᠨᠡᠭᠦᠨ ᠣᠷᠣᠵᠤ ᠢᠷᠡᠭᠰᠡᠨ ᠶᠠᠳᠠᠭᠤ ᠬᠦᠴᠢᠷᠳᠡᠯᠲᠡᠢ | ᠡᠷᠦᠬᠡ ᠶᠠᠩ ᠬᠤᠢ ᠲᠠᠩ᠂ ᠵᠦ ᠬᠦᠢ ᠰᠦᠸᠤ ᠨᠠᠷ ᠢ ᠪᠣᠯᠭᠤᠭᠠᠨ ᠲᠣᠬᠤᠨᠢᠭᠤᠯᠪᠠ᠃ ᠴᠡᠴᠡᠭ ᠲᠡᠳᠡᠨ ᠤ ᠣᠷᠣᠨ | ᠰᠠᠭᠤᠴᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠲᠡᠳᠡᠨ ᠤ ᠭᠡᠷ ᠪᠦᠯᠢ᠂ ᠠᠮᠢᠳᠤᠷᠠᠯ᠂ ᠪᠡᠶ᠎ᠡ ᠮᠠᠬᠠᠪᠣᠳ | ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠠᠵᠢᠯ ᠣᠯᠬᠤ᠂ ᠡᠪᠡᠳᠴᠢᠨ ᠦᠵᠡᠭᠦᠯᠬᠦ᠂ ᠬᠤᠲᠠ ᠶᠢᠨ | ᠠᠮᠢᠳᠤᠷᠠᠯ ᠳᠤ ᠠᠭᠤᠰᠤᠯᠴᠠᠬᠤ᠂ ᠨᠡᠶᠢᠭᠡᠮ ᠲᠣᠭᠤᠷᠢᠭ ᠤᠨ ᠦᠢᠯᠡᠴᠢᠯᠡᠭᠡ ᠵᠡᠷᠭᠡ ᠲᠠᠯ᠎ᠠ ᠶᠢᠨ ᠮᠡᠳᠡᠭᠡ ᠵᠠᠩᠭᠢ ᠶᠢ | ᠣᠶᠢᠯᠠᠭᠠᠪᠠ᠃ ᠶᠠᠳᠠᠭᠤ ᠬᠦᠴᠢᠷᠳᠡᠯᠲᠡᠶ ᠡᠷᠦᠬᠡ ᠴᠥᠮ ᠴᠢᠷᠠᠶ ᠳᠦᠭᠦᠷᠡᠩ ᠢᠨᠢᠶᠡᠵᠦ᠂ ᠨᠠᠮ ᠪᠠ ᠵᠠᠰᠠᠭ ᠤᠨ | ᠣᠷᠳᠣᠨ ᠤ ᠰᠠᠶᠢᠨ ᠲᠦᠷᠦ ᠶᠢᠨ ᠪᠣᠳᠣᠯᠭ᠎ᠠ ᠳᠤ ᠲᠠᠯᠠᠷᠬᠠᠵᠤ ᠪᠠᠶᠢᠬᠤ ᠶᠢᠨ ᠬᠠᠮᠲᠤ ᠰᠢᠨ᠎ᠡ ᠬᠡᠷ ᠪᠦᠯᠢ ᠳᠤ ᠮᠠᠰᠢ | ᠬᠠᠨᠤᠮᠵᠢᠲᠠᠶ ᠪᠠᠶᠢᠨ᠎ᠠ᠃ ᠴᠡᠴᠡᠭ ᠪᠠᠰᠠ ᠤᠷᠠᠨ ᠭᠠᠷ ᠤᠨ ᠶᠠᠳᠠᠭᠤ ᠶᠢ ᠲᠡᠳᠬᠦᠬᠦ ᠤᠶᠢᠯᠡᠳᠪᠦᠷᠢ ᠶᠢᠨ ᠲᠠᠰᠤᠭ ᠵᠡᠷᠭᠡ | ᠭᠠᠵᠠᠷ ᠲᠤ ᠬᠦᠷᠴᠦ᠂ ᠮᠠᠨ ᠤ ᠰᠢᠶᠠᠨ ᠤ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠤᠶᠢᠯᠡᠴᠢᠯᠡᠭᠡᠨ ᠤ | ᠠᠵᠢᠯ ᠥᠷᠨᠢᠭᠦᠯᠦᠭᠰᠡᠨ ᠪᠠᠶᠢᠳᠠᠯ᠂ ᠠᠵᠤ ᠤᠶᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ | ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠲᠤ᠂ ᠴᠡᠴᠡᠭ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ | ᠳᠡᠳᠬᠦᠬᠦ ᠲᠥᠪᠬᠢᠨᠡᠭᠦᠯᠬᠦ ᠴᠡᠭ ᠤᠨ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠪᠣᠯᠤᠨ ᠤᠯᠠᠨ ᠨᠡᠶᠢᠲᠡ ᠶᠢᠨ | ᠤᠶᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠠᠮᠢᠶ᠎ᠠ ᠪᠦᠬᠦᠢ ᠠᠵᠢᠯ ᠤᠨ | ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠵᠦᠸᠧᠽᠢ ᠱᠠᠨ ᠪᠠᠯᠭᠠᠰᠤᠨ ᠤ ᠶᠢᠨ ᠲᠠᠩ ᠽᠢ | ᠭᠠᠴᠠᠭᠠᠨ ᠤ ᠠᠷᠠᠳ ᠤᠨ ᠵᠥᠪᠯᠡᠯ ᠳᠤ ᠭᠦᠨᠵᠡᠭᠡᠶᠢᠷᠡᠵᠦ᠂ ᠲᠣᠰᠬᠤᠨ ᠳᠤ ᠰᠠᠭᠤᠭ᠎ᠠ ᠠᠵᠢᠯ ᠪᠠ ᠶᠠᠳᠠᠭᠤ ᠶᠢ | ᠲᠡᠳᠬᠦᠬᠦ ᠠᠵᠢᠯ ᠢ ᠦᠷᠨᠢᠭᠦᠯᠦᠭᠰᠡᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠴᠡᠴᠡᠭ ᠲᠣᠰᠬᠤᠨ ᠳᠤ ᠰᠠᠭᠤᠭ᠎ᠠ | ᠠᠵᠢᠯᠯᠠᠬᠤ ᠭᠡᠰᠢᠭᠦᠳ ᠲᠠᠢ ᠭᠦᠨᠵᠡᠭᠡᠢ ᠶᠠᠷᠢᠯᠴᠠᠵᠤ᠂ ᠠᠵᠢᠯ ᠥᠷᠨᠢᠭᠦᠯᠦᠭᠰᠡᠨ ᠪᠠᠶᠢᠳᠠᠯ ᠢ ᠣᠶᠢᠯᠠᠭᠠᠪᠠ︔ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |