ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠰᠢᠶᠠᠨ ᠤ ᠬᠡᠪᠴᠢᠶᠡᠨ ᠤ ᠠᠭᠤᠷᠬᠠᠢ ᠶᠢᠨ | ᠠᠵᠤ ᠠᠬᠤᠶᠢᠯᠠᠯ ᠤᠨ ᠤᠶᠢᠯᠡᠳᠪᠦᠷᠢᠯᠡᠯ ᠢᠶᠠᠨ ᠰᠡᠷᠭᠦᠭᠡᠬᠦ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠦᠭᠡᠢ ᠤᠶᠢᠯᠡᠳᠪᠦᠷᠢᠯᠡᠯ ᠤᠨ ᠦᠷᠭᠦᠯᠵᠢᠯᠡᠨ ᠲᠣᠭᠲᠠᠭᠤᠨ | ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ 3 ᠰᠠᠷ᠎ᠠ ᠶᠢᠨ 6 ᠤ ᠡᠳᠦᠷ ᠵᠦᠸᠧᠽᠢ ᠰᠢᠶᠠᠨ ᠤ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ ᠵᠢᠶᠠ ᠭᠦᠸᠧ ᠫᠢᠩ ᠨᠥᠬᠦᠷ ᠬᠤᠯᠪᠣᠭᠳᠠᠯ ᠪᠦᠬᠦᠢ ᠰᠲ᠋ᠣᠺ ᠤᠨ | ᠲᠠᠰᠤᠭ ᠤᠨ ᠬᠠᠷᠢᠭᠤᠴᠠᠯᠭᠠᠲᠠᠨ ᠢ ᠳᠠᠭᠠᠭᠤᠯᠤᠨ᠂ ᠪᠦᠬᠦ ᠰᠢᠶᠠᠨ ᠤ ᠠᠵᠤ ᠦᠢᠯᠡᠳᠪᠦᠷᠢ ᠪᠠᠨ ᠰᠡᠷᠭᠦᠭᠡᠭᠰᠡᠨ | ᠠᠭᠤᠷᠬᠠᠶ ᠶᠢᠨ ᠠᠵᠤ ᠠᠬᠤᠶᠢᠯᠠᠯ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠴᠠᠭᠠᠯᠲᠠ ᠬᠢᠪᠡ᠃ | ᠪᠠᠶᠢᠴᠠᠭᠠᠬᠤ ᠠᠵᠢᠯᠲᠠᠳ ᠤᠷᠢᠳ ᠬᠤᠵᠢᠳ 5 ᠠᠭᠤᠷᠬᠠᠶ ᠶᠢᠨ ᠠᠵᠤ ᠠᠬᠤᠶᠢᠯᠠᠯ ᠳᠤ ᠭᠦᠨᠵᠡᠭᠡᠶᠢᠷᠡᠪᠡ᠄ | ᠥᠪᠥᠷ ᠮᠤᠩᠭᠤᠯ ᠤᠨ ᠵᠦᠸᠧᠽᠢ ᠰᠢᠶᠠᠨ ᠤ ᠳ᠋ᠠ ᠰᠦ ᠵᠢᠶ ᠮᠤᠯᠢᠪᠳᠧᠨ ᠤ ᠠᠭᠤᠷᠬᠠᠶ᠂ ᠵᠦᠸᠧᠽᠢ ᠰᠢᠶᠠᠨ ᠤ | ᠰᠢᠪᠠᠷᠲᠠᠢ ᠪᠠᠯᠭᠠᠰᠤᠨ ᠤ ᠹᠦ᠋ ᠱᠢ ᠴᠢᠯᠠᠭᠤᠨ ᠠᠭᠤᠷᠬᠠᠶ᠂ ᠵᠦᠸᠧᠽᠢ ᠰᠢᠶᠠᠨ ᠤ ᠴᠧᠩ ᠱᠧᠩ ᠬᠠᠶᠢᠷ ᠴᠢᠯᠠᠭᠤ ᠶᠢᠨ | ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠂ ᠵᠦᠸᠧᠽᠢ ᠰᠢᠶᠠᠨ ᠤ ᠶᠢᠨ ᠴᠧᠩ ᠸᠠ ᠠᠭᠤᠷᠬᠠᠶ ᠶᠢᠨ ᠣᠷᠣᠨ ᠤ | ᠡᠩ ᠤᠨ ᠪᠠᠷᠢᠯᠭ᠎ᠠ ᠳᠤ ᠬᠡᠷᠡᠭᠯᠡᠬᠦ ᠰᠢᠤᠸᠠᠨ ᠡᠤ ᠶᠠᠨ Ⅰ ᠠᠭᠤᠷᠬᠠᠶ᠂ ᠥᠪᠥᠷ ᠮᠣᠩᠭᠤᠯ ᠤᠨ ᠰᠢᠨᠲ᠋ᠠᠢ ᠴᠢᠯᠠᠭᠤᠨ | ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠦᠸᠧᠽᠢ ᠰᠢᠶᠠᠨ ᠤ ᠦᠨᠳᠦᠷ ᠬᠤᠸᠠ ᠠᠭᠤᠷᠬᠠᠶ ᠶᠢᠨ ᠣᠷᠣᠨ ᠤ | ᠰᠢᠤᠸᠠᠨ ᠡᠤ ᠶᠠᠨ Ⅱ ᠠᠭᠤᠷᠬᠠᠶ᠂ ᠵᠦᠸᠧᠽᠢ ᠰᠢᠶᠠᠨ ᠤ ᠷᠦ ᠢ ᠠᠭᠤᠷᠬᠠᠶ ᠶᠢᠨ ᠤᠶᠢᠯᠡᠰ ᠤᠨ ᠬᠢᠵᠠᠭᠠᠷᠲᠤ | ᠺᠣᠮᠫᠠᠨᠢ ᠶᠢᠨ ᠵᠦᠸᠧᠽᠢ ᠰᠢᠶᠠᠨ ᠤ ᠰᠢᠤᠸᠠᠨ ᠡᠤ ᠶᠠᠨ Ⅲ ᠠᠭᠤᠷᠬᠠᠶ᠃ ᠠᠵᠢᠯ ᠢᠶᠠᠨ ᠰᠡᠷᠭᠦᠭᠡᠵᠦ | ᠤᠶᠢᠯᠡᠳᠪᠦᠷᠢᠯᠡᠯ ᠢᠶᠠᠨ ᠰᠡᠷᠭᠦᠭᠡᠬᠦ ᠠᠵᠤ ᠠᠬᠤᠶᠢᠯᠠᠯ ᠤᠨ ᠠᠶᠤᠯ ᠦᠭᠡᠢ ᠤᠶᠢᠯᠡᠳᠪᠦᠷᠢᠯᠡᠯ ᠪᠠ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠥᠰᠦᠯ ᠲᠣᠭᠲᠠᠭᠠᠬᠤ᠂ ᠠᠵᠢᠯᠲᠠᠨ ᠠᠵᠢᠯ ᠤᠨ ᠪᠠᠶᠢᠷᠢ ᠳᠠᠭᠠᠨ ᠣᠴᠢᠵᠤ | ᠳᠠᠩᠰᠠᠯᠠᠬᠤ᠂ ᠲᠤᠬᠠᠶ ᠶᠢᠨ ᠭᠠᠵᠠᠷ ᠤᠨ ᠪᠤᠰᠤ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠲᠠᠭᠠᠨ ᠪᠤᠴᠠᠵᠤ | ᠲᠤᠰᠠᠭᠠᠷᠯᠠᠭᠰᠠᠨ 14 ᠡᠳᠦᠷ ᠪᠠ ᠠᠵᠢᠯᠲᠠᠨ ᠤ ᠠᠶᠤᠯᠭᠦᠢ ᠶᠢᠨ ᠪᠣᠯᠪᠠᠰᠤᠷᠠᠭᠤᠯᠤᠯ ᠬᠥᠮᠦᠵᠢᠯ ᠵᠡᠷᠭᠡ ᠠᠵᠢᠯ ᠢ | ᠭᠤᠤᠯᠳᠠᠯᠭ᠎ᠠ ᠲᠠᠢ ᠪᠠᠶᠢᠴᠠᠭᠠᠨ᠎ᠠ᠃ | ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠠᠵᠤ ᠠᠬᠤᠶᠢᠯᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠠᠶᠤᠯᠭᠦᠢ ᠤᠶᠢᠯᠡᠳᠪᠦᠷᠢᠯᠡᠯ ᠤᠨ ᠭᠤᠤᠯ | ᠬᠠᠷᠢᠭᠤᠴᠠᠯᠭᠠᠲᠠ ᠠᠵᠢᠯ ᠢᠶᠠᠨ ᠰᠡᠷᠭᠦᠭᠡᠵᠦ ᠤᠶᠢᠯᠡᠳᠪᠦᠷᠢᠯᠡᠯ ᠢᠶᠠᠨ ᠰᠡᠷᠭᠦᠭᠡᠬᠦ ᠠᠴᠠ ᠡᠮᠦᠨ᠎ᠡ ᠬᠢᠵᠢᠭ ᠤᠨ | ᠪᠠᠶᠢᠳᠠᠯ ᠳᠤ ᠤᠶᠢᠯᠡᠳᠪᠦᠷᠢᠯᠡᠯ ᠢᠶᠠᠨ ᠰᠡᠷᠭᠦᠭᠡᠬᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠠᠵᠢᠯ ᠤᠨ | ᠪᠠᠶᠢᠷᠢᠨ ᠳᠠᠭᠠᠨ ᠪᠤᠴᠠᠭᠰᠠᠨ ᠪᠥᠬᠦ ᠠᠵᠢᠯᠲᠠᠳ ᠲᠤ ︽ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ︵ᠥᠯᠵᠡᠶ︶ ᠲᠠᠪᠴᠠᠩ︾ ᠵᠢᠴᠢ ᠺᠣᠳ᠋ ᠰᠢᠷᠪᠢᠵᠦ ᠳᠡᠩᠰᠡᠯᠡᠨ ᠲᠡᠮᠳᠡᠭᠯᠡᠬᠦ ᠠᠵᠢᠯ ᠢ ᠰᠠᠶᠢᠳᠤᠷ ᠬᠢᠬᠦ ᠬᠡᠷᠡᠭᠲᠡᠶ᠃ | ᠲᠣᠤᠷ ᠰᠦᠯᠵᠢᠶ᠎ᠡ᠂ ᠰᠦᠯᠵᠢᠶᠡᠨ ᠪᠣᠯᠪᠠᠰᠤᠷᠠᠭᠤᠯᠤᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠶᠤᠯᠭᠦᠢ | ᠤᠶᠢᠯᠡᠳᠪᠦᠷᠢᠯᠡᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠢ ᠥᠷᠨᠢᠭᠦᠯᠵᠦ᠂ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠮᠤᠷ ᠲᠦᠪᠰᠢᠨ ᠤ ᠦᠵᠡᠯ ᠤᠬᠠᠮᠰᠠᠷ ᠪᠣᠯᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ ᠭᠡᠵᠡᠢ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |