ᠪᠦᠬᠦ ᠰᠢᠶᠠᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠵᠢᠴᠢ ᠬᠤᠶᠠᠳᠤᠭᠠᠷ ᠤᠯᠠᠷᠢᠯ ᠤᠨ ᠠᠶᠤᠯᠭᠦᠶ  ᠤᠶᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-03-23
    3 ᠰᠠᠷ᠎ᠠ ᠶᠢᠨ 20 ᠤ ᠡᠳᠦᠷ᠂ ᠪᠥᠬᠦ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠵᠢᠴᠢ ᠬᠤᠶᠠᠳᠤᠭᠠᠷ ᠤᠯᠠᠷᠢᠯ ᠤᠨ ᠠᠶᠤᠯᠭᠦᠶ ᠤᠶᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠤᠨ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ  ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠤᠶᠢᠯᠡᠳᠪᠦᠷᠢᠯᠡᠯ ᠤᠨ ᠪᠠᠶᠢᠳᠠᠯ ᠢ ᠨᠠᠷᠢᠨ ᠬᠢᠨᠠᠮᠠᠭᠠᠶ ᠵᠠᠳᠠᠯᠵᠤ᠂ ᠣᠳᠣᠬᠠᠨ ᠤ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠪᠥᠬᠦ ᠲᠠᠯ᠎ᠠ ᠪᠠᠷ ᠳᠣᠭᠢᠷᠠᠭᠤᠯᠤᠨ ᠪᠠᠶᠢᠷᠢᠯᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠷᠲᠡᠬᠡᠨ ᠪᠥᠬᠦ ᠲᠠᠯ᠎ᠠ ᠪᠠᠷ ᠬᠡᠪ ᠤᠨ ᠵᠠᠮ ᠳᠤ ᠣᠷᠣᠬᠤ ᠶᠢ ᠬᠦᠴᠦᠯᠡᠨ ᠠᠬᠢᠭᠤᠯᠪᠠ᠃
   ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠶᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠠᠩ ᠢᠦᠶ ᠸᠧᠶ᠂ ᠯᠢ ᠵᠥᠩ᠂ ᠵᠠᠩ  ᠸᠠᠨ ᠺᠦᠶ᠂ ᠳ᠋ᠤᠸᠠᠨ ᠰᠢᠶᠦ᠋ᠩ ᠲᠤᠤ᠂ ᠷᠧᠨ ᠴᠠᠩ ᠸᠠᠩ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠣᠰ ᠲᠣᠰ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠠᠶᠤᠯᠭᠦᠶ ᠤᠶᠢᠯᠡᠳᠪᠦᠷᠢᠯᠡᠯ ᠤᠨ ᠠᠵᠢᠯ ᠤᠨ ᠲᠣᠭᠤᠷᠢᠨ ᠳᠤ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠠᠩ ᠢᠦᠶ ᠸᠧᠶ᠂ ᠵᠠᠩ  ᠸᠠᠨ ᠺᠦᠶ᠂ ᠳ᠋ᠤᠸᠠᠨ ᠰᠢᠶᠦ᠋ᠩ ᠲᠤᠤ᠂ ᠷᠧᠨ ᠴᠠᠩ ᠸᠠᠩ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ  ᠪᠠᠶᠢᠷᠢᠯᠠᠭᠤᠯᠤᠯᠲᠠ ᠬᠢᠪᠠ᠃
   ᠯᠢ ᠶᠢᠩ ᠰᠢᠶᠠᠨ ᠤ ᠳᠠᠷᠤᠭ᠎ᠠ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠣᠳᠣᠬᠠᠨ ᠳᠤ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢᠯᠡᠳᠲᠡ ᠰᠠᠶᠢᠵᠢᠷᠠᠵᠤ᠂ ᠤᠶᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠲᠦᠷᠭᠡᠨ ᠰᠡᠷᠭᠦᠵᠦ ᠪᠠᠶᠢᠨ᠎ᠠ᠂ ᠭᠡᠪᠡᠴᠦ ᠣᠶᠢᠷ᠎ᠠ ᠳᠤ ᠭᠠᠳᠠᠭᠠᠳᠤ ᠠᠴᠠ ᠣᠷᠣᠭᠤᠯᠤᠭᠰᠠᠨ ᠠᠭᠤᠰᠬᠢᠨ ᠦᠷᠪᠢᠰᠦᠯ ᠶᠢᠨ ᠡᠪᠡᠳᠴᠢᠨ ᠤ ᠵᠢᠱᠢᠶ᠎ᠡ ᠢᠯᠡᠳᠲᠡ ᠨᠡᠮᠡᠭᠳᠡᠵᠦ ᠬᠦᠨᠳᠦ ᠨᠣᠴᠢᠲᠠᠶ ᠰᠦᠷᠳᠡᠭᠦᠯᠦᠯ ᠪᠣᠯᠵᠣ ᠪᠠᠶᠢᠨ᠎ᠠ᠃ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠣᠳᠣᠬᠠᠨ ᠤ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ  ᠪᠠᠶᠢᠳᠠᠯ ᠤᠨ ᠪᠤᠳᠤᠯᠢᠶᠠᠨᠲᠤ ᠴᠢᠨᠠᠷ ᠢ  ᠭᠦᠨᠵᠡᠭᠡᠢ ᠲᠠᠨᠢᠵᠤ᠂ ᠠᠵᠢᠯ ᠤᠨ ᠰᠡᠳᠬᠢᠴᠡ ᠪᠠᠨ ᠲᠦᠷᠭᠡᠨ ᠬᠤᠪᠢᠷᠠᠭᠤᠯᠤᠨ᠂ ᠠᠵᠢᠯ ᠤᠨ ᠠᠶᠢᠵᠠᠮ ᠢᠶᠠᠨ ᠲᠣᠬᠢᠷᠠᠭᠤᠯᠵᠤ᠂ ᠠᠵᠢᠯ ᠤᠨ ᠭᠤᠤᠯᠳᠠᠯᠭ᠎ᠠ ᠪᠠᠨ ᠬᠤᠪᠢᠷᠠᠭᠤᠯᠵᠤ᠂ ᠲᠣᠰ ᠰᠢᠶᠠᠩ ᠪᠠᠯᠭᠠᠰᠤ᠂ ᠲᠣᠰ ᠰᠠᠯᠠᠭ᠎ᠠ ᠮᠥᠴᠢᠷ ᠶᠢᠨ ᠭᠤᠤᠯᠳᠠᠯᠭ᠎ᠠ ᠲᠠᠢ ᠠᠵᠢᠯ ᠢᠶᠠᠨ ᠬᠢᠨᠠᠮᠠᠭᠠᠶ ᠡᠮᠬᠢᠯᠡᠵᠦ᠂ ᠬᠤᠲᠠ ᠶᠢᠨ ᠡᠭᠦᠳᠡ ᠶᠢ ᠨᠡᠭᠡᠭᠡᠵᠦ᠂ ᠭᠡᠷ ᠤᠨ ᠡᠭᠦᠳᠡ  ᠶᠢ ᠴᠢᠩᠭ᠎ᠠ ᠠᠵᠢᠭᠯᠠᠬᠤ ᠤᠷᠢᠲᠠᠯ ᠳᠣᠤᠷ᠎ᠠ᠂ ᠴᠠᠭ ᠪᠢᠳᠡᠨ ᠢ ᠬᠦᠯᠢᠶᠡᠬᠦ ᠦᠭᠡᠢ᠂ ᠬᠥᠭᠡᠭᠡᠵᠦ ᠭᠦᠢᠴᠡᠵᠦ ᠳᠠᠪᠠᠭ᠋ᠤ ᠣᠶᠤᠨ ᠰᠠᠨᠠᠭᠠᠨ ᠤ ᠪᠠᠶᠢᠳᠠᠯ ᠢᠶᠠᠷ ᠠᠵᠤ ᠠᠬᠤᠶ ᠨᠡᠶᠢᠭᠡᠮ ᠤᠨ ᠡᠯ᠎ᠡ  ᠵᠦᠢᠯ ᠤᠨ ᠡᠮᠬᠢ ᠳᠢᠭᠯᠢᠮ ᠢ ᠪᠦᠬᠦ ᠬᠦᠴᠦᠨ‌‍ᠢᠶ᠋ᠡᠷ ᠢᠶᠠᠨ ᠰᠡᠷᠭᠦᠭᠡᠵᠦ᠂ ᠬᠢᠵᠢᠭ ᠤᠨ ᠪᠠᠶᠢᠳᠠᠯ ᠢ ᠰᠠᠭᠠᠲᠠᠭᠠᠭᠰᠠᠨ ᠴᠠᠭ  ᠢ ᠴᠢᠷᠮᠠᠶᠢᠨ ᠣᠯᠵᠤ᠂ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠢ ᠨᠥᠬᠦᠪᠥᠷᠢᠯᠡᠬᠦ ᠪᠣᠯᠭᠠᠬᠤ ᠬᠡᠷᠡᠭᠲᠡᠶ᠃
   ᠯᠢ ᠶᠢᠩ ᠰᠢᠶᠠᠨ ᠤ ᠳᠠᠷᠤᠭ᠎ᠠ ᠱᠠᠭᠠᠷᠳᠠᠭᠰᠠᠨ ᠨᠢ᠂ ᠪᠥᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠣᠶᠤᠨ ᠴᠢᠳᠠᠯ ᠢᠶᠠᠨ ᠲᠥᠪᠯᠡᠷᠡᠭᠦᠯᠦᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠶ᠃ ᠬᠠᠪᠤᠷ ᠤᠨ ᠤᠯᠠᠷᠢᠯ ᠤᠨ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠣᠭᠤᠮᠲᠠ ᠶᠢ ᠤᠷᠤᠭᠰᠢ ᠰᠢᠯᠵᠢᠭᠦᠯᠵᠦ᠂ ᠰᠡᠷᠭᠡᠶᠢᠯᠡᠬᠦ ᠪᠠᠷ ᠭᠤᠤᠯ ᠪᠣᠯᠭᠠᠵᠤ᠂ ᠠᠭᠤᠯᠠᠨ ᠣᠷᠣᠢ ᠶᠢ ᠰᠠᠬᠢᠵᠤ᠂ ᠪᠤᠯᠠᠰᠢ ᠶᠢ ᠬᠠᠷᠠᠵᠤ᠂ ᠵᠠᠮ ᠤᠨ ᠠᠭᠤᠯᠵᠠᠷ ᠢ ᠪᠠᠷᠢᠵᠤ᠂ ᠣᠯᠠᠨ ᠲᠦᠮᠡᠨ ᠢ ᠬᠥᠮᠦᠵᠢᠭᠦᠯᠵᠦ ᠬᠥᠲᠥᠯᠥᠨ ᠵᠢᠯᠣᠭᠤᠳᠬᠤ ᠪᠠᠨ ᠦᠷᠭᠦᠯᠵᠢᠯᠡᠨ  ᠴᠢᠩᠭᠠᠷᠠᠭᠤᠯᠵᠤ᠂ ᠲᠣᠰᠬᠤᠨ ᠳᠠᠭᠠᠭᠠᠴᠢᠯᠠᠭᠰᠠᠨ ᠲᠤᠰᠬᠠᠶ ᠠᠩᠭᠢ ᠶᠢᠨ ᠤᠶᠢᠯᠡᠳᠤᠯ ᠢ ᠭᠦᠶ᠋ᠴᠡᠳ ᠪᠠᠳᠠᠷᠠᠭᠤᠯᠵᠤ᠂ ᠬᠠᠪᠤᠷ  ᠤᠨ ᠤᠯᠠᠷᠢᠯ ᠤᠨ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠳᠠᠭ᠎ᠠ ᠪᠦᠷᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ  ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠤᠷᠳᠤ  ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠦ᠂ ᠤᠳᠠᠭᠠᠨ ᠳᠠᠭᠠᠭᠠᠮᠠᠭᠠᠢ ᠪᠠᠷᠢᠮᠲᠠᠯᠠᠵᠤ᠂ ᠮᠠᠨ ᠤ ᠰᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠮᠠᠨ ᠤ ᠰᠢᠶᠠᠨ ᠤ ᠢ ᠳ᠋ᠦᠩ ᠳ᠋ᠦᠩ ᠳ᠋ᠦᠩ ᠰᠢᠩ ᠬᠢᠮᠢ ᠶᠢᠨ ᠠᠵᠤ ᠤᠶᠢᠯᠡᠳᠪᠦᠷᠢ ᠶᠢᠨ ᠺᠣᠮᠫᠠᠨᠢ ᠶᠢᠨ ︽4.24︾ ᠤ ᠳᠡᠯᠪᠡᠷᠡᠯᠲᠡ ᠶᠢᠨ ᠠᠳᠡᠯ ᠤᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠨ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠨᠡᠮᠡᠭᠳᠡᠭᠦᠯᠵᠦ᠂ ᠠᠶᠤᠯᠭᠦᠢ ᠤᠶᠢᠯᠡᠳᠪᠦᠷᠢᠯᠡᠯ ᠤᠨ ᠰᠢᠮᠳᠠᠭᠤᠯᠤᠨ ᠪᠠᠶᠢᠴᠠᠭᠠᠯᠲᠠ ᠶᠢ ᠬᠢᠨᠠᠮᠠᠭᠠᠶ ᠥᠷᠨᠢᠭᠦᠯᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠤᠶᠢᠯᠡᠳᠪᠦᠷᠢᠯᠡᠯ ᠢᠶᠠᠨ ᠰᠡᠷᠭᠦᠭᠡᠬᠦ ᠪᠠ ᠠᠶᠤᠯᠭᠦᠢ ᠤᠶᠢᠯᠡᠳᠪᠦᠷᠢᠯᠡᠯ ᠢᠶᠠᠨ ᠰᠡᠷᠭᠦᠭᠡᠬᠦ ᠶᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠵᠢᠯᠣᠭᠤᠳᠬᠤ ᠬᠡᠷᠡᠭᠲᠡᠶ᠃ ᠨᠠᠶᠢᠳᠠᠪᠤᠷᠢᠵᠢᠭᠤᠯᠤᠯᠲᠠ ᠶᠢ ᠠᠳᠬᠤᠵᠤ ᠦᠷ᠎ᠡ ᠪᠦᠲᠦᠮᠵᠢ ᠤᠯᠬᠤ ᠴᠢᠳᠠᠪᠤᠷᠢ ᠪᠠ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠤᠣᠯ ᠬᠠᠷᠢᠭᠤᠴᠠᠯᠭᠠᠲᠠᠨ ᠨᠥᠬᠦᠳ ᠲᠦᠷᠦᠭᠦᠯᠡᠨ ᠡᠭᠦᠷᠭᠡᠯᠡᠵᠦ᠂ ᠡᠮᠦᠨ᠎ᠡ ᠨᠢ ᠵᠢᠯᠣᠭᠤᠳᠴᠤ᠂ ᠵᠦᠷᠢᠴᠡᠯ ᠲᠤᠪᠤᠶᠢᠮ᠎ᠠ᠂ ᠬᠦᠴᠢᠷᠳᠡᠯ ᠨᠡᠯᠢᠶᠡᠳ ᠤᠯᠠᠨ ᠭᠠᠵᠠᠷ ᠲᠤ ᠢᠯᠡᠭᠦᠬᠡᠨ ᠬᠦᠷᠴᠦ᠂ ᠠᠵᠢᠯ ᠤᠨ ᠳᠤᠮᠳᠠ ᠤᠷᠤᠰᠢᠵᠤ ᠪᠠᠶᠢᠭ᠎ᠠ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃    ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠵᠢᠴᠢ ᠰᠢᠶᠠᠨ ᠳᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ᠂ ᠰᠢᠶᠠᠨ ᠤ ᠳᠣᠲᠣᠷᠠᠬᠢ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                          ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ      
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2