2020 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ | ᠲᠠᠲᠠᠪᠤᠷᠢᠯᠠᠨ ᠲᠤᠰᠢᠶᠠᠬᠤ ᠪᠠᠷᠢᠮᠵᠢᠶ᠎ᠠ ᠶᠢ ᠨᠠᠰᠤᠨ ᠳᠤ ᠭᠦᠷᠦᠭᠰᠡᠳ ᠬᠥᠮᠦᠨ ᠪᠦᠷᠢ ᠵᠢᠯ ᠳᠤ 295 ᠲᠥᠭᠦᠷᠢᠭ | ᠪᠣᠯᠭᠠᠨ ᠲᠣᠬᠢᠷᠠᠭᠤᠯᠵᠤ᠂ ᠰᠣᠷᠣᠭᠴᠢ ᠬᠡᠤᠬᠡᠳ ᠨᠢᠭᠡᠪᠦᠷᠢ ᠵᠢᠯ ᠳᠤ 195 ᠲᠥᠭᠦᠷᠢᠭ ᠪᠣᠯᠭᠠᠨ᠎ᠠ᠃ ᠬᠤᠲᠠ | ᠪᠠᠯᠭᠠᠰᠤ ᠶᠢᠨ ︽ᠭᠤᠷᠪᠠ ᠥᠬᠡᠶ︾ ᠬᠥᠮᠦᠰ᠂ ᠬᠥᠳᠡᠭᠡ ᠲᠣᠰᠬᠤᠨ ᠤ ︽ᠲᠠᠪᠤᠨ ᠪᠠᠲᠤᠯᠠᠭ᠎ᠠ︾ ᠶᠢᠨ ᠡᠲᠡᠭᠡᠳ᠂ | ᠥᠨᠥᠴᠢᠨ ᠵᠡᠮᠳᠡᠭ ᠬᠡᠤᠬᠡᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ | ᠤᠷᠤᠯᠴᠠᠵᠤ᠂ ᠬᠤᠪᠢ ᠬᠥᠮᠦᠨ ᠤ ᠲᠤᠰᠢᠶᠠᠬᠤ ᠰᠦᠢᠳᠬᠡᠯ ᠢ ᠪᠦᠬᠦᠨ ᠢ ᠬᠡᠯᠲᠦᠷᠢᠭᠦᠯᠵᠦ᠂ ᠭᠡᠯᠳᠦᠷᠢᠭᠦᠯᠬᠦ ᠬᠡᠰᠡᠭ ᠢ | ᠠᠷᠠᠳ ᠤᠨ ᠶᠠᠪᠤᠳᠠᠯ ᠤᠨ ᠡᠮᠴᠢᠯᠡᠭᠡᠨ ᠤ ᠠᠪᠤᠷᠠᠨ ᠲᠤᠰᠠᠯᠠᠬᠤ ᠪᠠᠯᠠ ᠮᠥᠩᠭᠦ ᠠᠴᠠ ᠪᠥᠬᠦ ᠲᠤᠭ᠎ᠠ ᠪᠠᠷ ᠲᠤᠰᠠᠯᠠᠨ᠎ᠠ᠃ | ᠲᠠᠩᠰᠠ ᠪᠠ ᠺᠠᠷᠲ ᠲᠠᠢ ᠨᠠᠷᠢᠯᠢᠭ ᠤᠨᠤᠪᠴᠢᠲᠠᠢ ᠪᠠᠷ ᠶᠠᠳᠠᠭᠤ ᠶᠢ ᠲᠡᠳᠬᠦᠬᠦ ᠡᠲᠡᠭᠡᠳ ᠤᠨ ᠳᠣᠲᠣᠷᠠᠬᠢ | ᠨᠠᠰᠤᠨ ᠳᠤ ᠬᠦᠷᠦᠭᠰᠡᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠬᠤ ᠳᠤ ᠡᠳ᠋ ᠤᠨ ᠵᠠᠰᠠᠭ ᠠᠴᠠ 145 ᠲᠥᠭᠦᠷᠢᠭ ᠤᠨ ᠨᠥᠬᠦᠪᠥᠷᠢ ᠣᠯᠭᠤᠵᠤ᠂ ᠰᠣᠷᠣᠭᠴᠢ ᠬᠡᠤᠬᠡᠳ ᠲᠤ | 135 ᠲᠥᠭᠦᠷᠢᠭ ᠤᠨ ᠨᠦᠬᠦᠪᠦᠷᠢ ᠣᠯᠭᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ | ᠪᠠᠶᠢᠭ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠪᠠᠯ᠂ ᠬᠤᠪᠢ ᠬᠥᠮᠦᠨ ᠤ ᠰᠦᠢᠳᠬᠡᠯ ᠲᠤᠰᠢᠶᠠᠬᠤ ᠬᠡᠰᠡᠭ ᠲᠤ ᠮᠥᠨ 60 | ᠲᠥᠭᠦᠷᠢᠭ ᠤᠨ ᠪᠠᠷᠢᠮᠵᠢᠶ᠎ᠠ ᠪᠠᠷ ᠠᠷᠠᠳ ᠤᠨ ᠶᠠᠪᠤᠳᠠᠯ ᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠪᠡᠯᠡ | ᠮᠥᠩᠭᠦ ᠪᠠᠷ ᠳᠠᠮᠵᠢᠭᠤᠯᠤᠨ ᠨᠥᠬᠦᠪᠥᠷᠢ ᠣᠯᠭᠤᠨ᠎ᠠ᠃ ᠪᠠᠶᠢᠩᠭᠤ ᠰᠠᠭᠤᠭ᠎ᠠ ᠡᠷᠦᠬᠡ 95% ᠠᠴᠠ ᠳᠡᠭᠡᠭᠰᠢ᠂ | ᠶᠠᠳᠠᠭᠤ ᠬᠦᠴᠢᠷᠳᠡᠯᠲᠡᠶ ᠡᠷᠦᠬᠡ ᠪᠥᠬᠦ ᠠᠵᠢᠯᠲᠠᠨ ᠢᠶᠠᠷ ᠢᠶᠠᠨ ᠳᠠᠭᠠᠳᠬᠠᠯ ᠳᠤ ᠣᠷᠣᠯᠴᠠᠬᠤ ᠵᠠᠷᠴᠢᠮ ᠶᠣᠰᠣᠭᠠᠷ᠂ | ᠣᠲᠣ ᠪᠣᠯᠲᠠᠯ᠎ᠠ᠂ ᠪᠥᠬᠦ ᠰᠢᠶᠠᠨ ᠳᠤ ᠨᠢᠭᠡᠨᠲᠡ 91065 ᠬᠦᠮᠦᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠡᠮ ᠡᠮᠨᠡᠯᠭᠡ ᠶᠢᠨ ᠳᠠᠭᠠᠳᠬᠠᠯ ᠢ ᠲᠠᠲᠠᠪᠤᠷᠢᠯᠠᠨ ᠲᠤᠰᠢᠶᠠᠵᠤ᠂ ᠨᠢᠳᠤᠨᠤᠨ ᠤ ᠠᠳᠠᠯᠢ ᠬᠤᠭᠤᠴᠠᠭᠠᠨ ᠤ 11.3 | ᠲᠦᠮᠡᠨ ᠬᠥᠮᠦᠨ ᠲᠠᠢ ᠬᠠᠷᠢᠴᠠᠭᠤᠯᠪᠠᠯ᠂ 81% ᠶᠢ ᠪᠡᠶᠡᠯᠡᠭᠦᠯᠪᠡ᠃ ᠬᠢᠵᠢᠭ ᠤᠨ ᠪᠠᠶᠢᠳᠠᠯ ᠤᠨ ᠨᠥᠯᠥᠭᠡ ᠠᠴᠠ | ᠪᠣᠯᠵᠣ᠂ ᠡᠯ᠎ᠡ ᠰᠢᠶᠠᠩ ᠪᠠᠯᠭᠠᠰᠤ᠂ ᠨᠡᠶᠢᠭᠡᠮ ᠲᠣᠭᠤᠷᠢᠭ ᠵᠢᠴᠢ ᠬᠤᠲᠠ ᠳᠤ ᠰᠠᠭᠤᠭ᠎ᠠ᠂ ᠳᠠᠭᠠᠭᠠᠴᠢᠯᠠᠯᠲᠠ ᠶᠢᠨ | ᠬᠡᠷᠡᠭ ᠡᠷᠬᠢᠯᠡᠬᠦ ᠭᠠᠵᠠᠷ ᠲᠠᠲᠠᠪᠤᠷᠢᠯᠠᠨ ᠲᠤᠰᠢᠶᠠᠬᠤ ᠶᠠᠪᠤᠴᠠ ᠳᠤ᠂ ᠲᠠᠲᠠᠪᠤᠷᠢᠯᠠᠨ ᠲᠤᠰᠢᠶᠠᠬᠤ ᠴᠠᠭ ᠤᠨ | ᠬᠢᠵᠠᠭᠠᠷ ᠢ 2020 ᠣᠨ ᠤ 4 ᠰᠠᠷ᠎ᠠ ᠶᠢᠨ 30 ᠤ ᠡᠳᠦᠷ ᠪᠣᠯᠲᠠᠯ᠎ᠠ ᠤᠷᠲᠤᠳᠬᠠᠵᠤ᠂ ᠲᠠᠷᠠᠭᠠᠴᠢ ᠶᠢᠨ | ᠠᠯᠬᠤᠮ ᠳᠤ ᠲᠠᠲᠠᠪᠤᠷᠢᠯᠠᠨ ᠲᠤᠰᠢᠶᠠᠬᠤ ᠡᠷᠴᠢᠮ ᠢᠶᠠᠨ ᠴᠢᠩᠭᠠᠷᠠᠭᠤᠯᠵᠤ᠂ ᠲᠣᠰ ᠵᠢᠯ ᠤᠨ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠡᠭᠦᠷᠭᠡ ᠶᠢ ᠪᠡᠶᠡᠯᠡᠭᠦᠯᠬᠦ ᠶᠢ | ᠦᠨᠡᠨ ᠬᠦ ᠪᠠᠲᠤᠯᠠᠨ᠎ᠠ᠃ | | ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ |