ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠵᠢᠶᠦ᠋ᠨ ᠶᠠᠳᠠᠭᠤ ᠶᠢ ᠲᠡᠳᠬᠦᠬᠦ ᠠᠵᠤ ᠤᠶᠢᠯᠡᠰ ᠪᠣᠯᠤᠨ ᠶᠠᠳᠠᠭᠤ ᠶᠢ ᠲᠡᠳᠬᠦᠬᠦ ᠤᠶᠢᠯᠡᠳᠪᠦᠷᠢ ᠶᠢᠨ ᠲᠠᠰᠤᠭ ᠤᠨ ᠠᠵᠢᠯ ᠢᠶᠠᠨ ᠰᠡᠷᠭᠦᠭᠡᠵᠦ  ᠤᠶᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020-03-27
    ᠣᠶᠢᠷ᠎ᠠ ᠳᠤ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠵᠢᠶᠦ᠋ᠨ ᠳ᠋ᠧ ᠴᠢᠩ ᠶᠤᠸᠠᠨ ᠤ ᠠᠯᠲᠠᠨ ᠲᠠᠬᠢᠶ᠎ᠠ ᠶᠠᠳᠠᠭᠤ ᠶᠢ ᠲᠡᠳᠬᠦᠬᠦ ᠲᠥᠷᠥᠯ  ᠵᠦᠢᠯ ᠪᠠ ᠹᠦ᠋ ᠠᠨ᠂ ᠹᠦ᠋ ᠺᠠᠩ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠶᠠᠳᠠᠭᠤ ᠶᠢ ᠲᠡᠳᠬᠦᠬᠦ ᠠᠵᠤ ᠤᠶᠢᠯᠡᠰ ᠪᠠ ᠶᠠᠳᠠᠭᠤ ᠶᠢ ᠲᠡᠳᠬᠦᠬᠦ ᠤᠶᠢᠯᠡᠳᠪᠦᠷᠢ ᠶᠢᠨ ᠲᠠᠰᠤᠭ ᠤᠨ ᠤᠶᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠣ ᠯᠢ  ᠱᠧᠩ ᠪᠠᠷ᠎ᠠ ᠪᠣᠯᠵᠣ ᠪᠠᠶᠢᠴᠠᠭᠠᠨ ᠰᠤᠳᠤᠯᠪᠠ᠃
  ᠳ᠋ᠧ ᠴᠢᠩ ᠶᠤᠸᠠᠨ ᠤ ᠠᠯᠲᠠᠨ ᠲᠠᠬᠢᠶ᠎ᠠ ᠶᠠᠳᠠᠭᠤ ᠶᠢ ᠲᠡᠳᠬᠦᠬᠦ ᠲᠥᠷᠥᠯ  ᠵᠦᠢᠯ ᠳᠤ᠂ ᠸᠠᠩ ᠰᠢᠶᠤᠤ ᠵᠢᠶᠦ᠋ᠨ ᠱᠦᠵᠢ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠤᠭᠰᠠᠨ ᠵᠢᠴᠢ ᠠᠵᠢᠯ ᠢᠶᠠᠨ ᠰᠡᠷᠭᠦᠭᠡᠵᠦ ᠤᠶᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠤᠨ  ᠲᠠᠨᠢᠯᠴᠠᠭᠤᠯᠭ᠎ᠠ ᠶᠢ ᠬᠢᠨᠠᠮᠠᠭᠠᠶ ᠰᠣᠨᠣᠰᠴᠤ᠂ ᠬᠢᠵᠢᠭ ᠤᠨ ᠪᠠᠶᠢᠳᠠᠯ ᠤᠨ ᠠᠵᠤ ᠠᠬᠤᠶᠢᠯᠠᠯ ᠤᠨ ᠤᠶᠢᠯᠡᠳᠪᠦᠷᠢᠯᠡᠯ ᠡᠵᠡᠩᠨᠡᠯᠲᠡ ᠳᠤ ᠦᠵᠡᠭᠦᠯᠦᠭᠰᠡᠨ ᠨᠥᠯᠥᠭᠡ ᠪᠠ ᠠᠵᠢᠯ ᠢᠶᠠᠨ ᠰᠡᠷᠭᠦᠭᠡᠵᠦ ᠤᠶᠢᠯᠡᠳᠪᠦᠷᠢᠯᠡᠯ ᠢᠶᠠᠨ ᠰᠡᠷᠭᠦᠭᠡᠬᠦ ᠳᠤ  ᠲᠤᠯᠭᠠᠷᠠᠵᠤ ᠪᠠᠶᠢᠭ᠎ᠠ ᠬᠦᠴᠢᠷᠳᠡᠯ ᠤᠨ ᠠᠰᠠᠭᠤᠳᠠᠯ ᠢ ᠭᠤᠤᠯᠳᠠᠯᠭ᠎ᠠ ᠲᠠᠢ ᠣᠶᠢᠯᠠᠭᠠᠪᠠ᠃ ᠲᠡᠷᠡ ᠠᠵᠤ ᠠᠬᠤᠶᠢᠯᠠᠯ ᠢ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭ᠎ᠠ ᠠᠳᠬᠤᠬᠤ ᠶᠢ ᠪᠠᠷᠢᠮᠲᠠᠯᠠᠵᠤ ᠂ ᠨᠥᠭᠦᠭᠡ ᠲᠠᠯ᠎ᠠ ᠪᠠᠷ ᠤᠶᠢᠯᠡᠳᠪᠦᠷᠢᠯᠡᠯ ᠡᠵᠡᠩᠨᠡᠯᠲᠡ ᠶᠢ ᠨᠠᠷᠢᠯᠢᠭ ᠤᠨᠤᠪᠴᠢᠲᠠᠢ ᠡᠮᠬᠢ ᠵᠢᠷᠤᠮ ᠲᠠᠢ ᠠᠳᠬᠤᠵᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠤᠶᠢᠯᠡᠳᠪᠦᠷᠢ  ᠲᠤᠭᠤᠷᠢᠭ ᠤᠨ ᠠᠷᠢᠭᠤᠳᠬᠠᠯ ᠬᠢᠬᠦ᠂ ᠠᠵᠢᠯᠲᠠᠨ ᠢ ᠬᠠᠮᠢᠶᠠᠷᠤᠨ ᠡᠵᠡᠮᠳᠡᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠠᠳᠬᠤᠵᠤ᠂ ᠠᠵᠢᠯᠲᠠᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠶ ᠭᠡᠵᠦ ᠵᠣᠷᠢᠭᠵᠢᠭᠤᠯᠵᠠᠶ ᠃ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ᠂ ᠬᠢᠵᠢᠭ ᠤᠨ ᠪᠠᠶᠢᠳᠠᠯ ᠠᠴᠠ ᠪᠣᠯᠤᠭᠰᠠᠨ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠤᠶᠢᠯᠡᠳᠪᠦᠷᠢᠯᠡᠯ ᠡᠵᠡᠩᠨᠡᠯᠲᠡ ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠰᠢᠪᠠᠷᠲᠠᠶ ᠪᠠᠯᠭᠠᠰᠤ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠪᠠᠨ ᠤᠶᠢᠯᠡᠴᠢᠯᠡᠵᠦ᠂ ᠠᠵᠤ ᠠᠬᠤᠶᠢᠯᠠᠯ ᠤᠨ ᠤᠶᠢᠯᠡᠳᠪᠦᠷᠢᠯᠡᠯ ᠢᠶᠠᠨ ᠰᠡᠷᠭᠦᠭᠡᠬᠦ ᠳᠤᠮᠳᠠ ᠢᠯᠡᠷᠡᠭᠰᠡᠨ ᠬᠦᠴᠢᠷᠳᠡᠯ ᠪᠣᠯᠤᠨ ᠠᠰᠠᠭᠤᠳᠠᠯ ᠢ ᠬᠠᠪᠰᠤᠷᠤᠨ ᠵᠣᠬᠢᠴᠠᠭᠤᠯᠤᠨ ᠰᠢᠳᠪᠦᠷᠢᠯᠡᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠦᠭᠡᠢ ᠤᠶᠢᠯᠡᠳᠪᠦᠷᠢᠯᠡᠯ ᠤᠨ ᠭᠤᠤᠯ ᠴᠣᠭᠴᠠ  ᠶᠢᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ᠂ ᠠᠵᠤ ᠠᠬᠤᠶᠢᠯᠠᠯ ᠤᠨ ᠠᠶᠤᠯ ᠦᠭᠡᠢ ᠡᠮᠬᠢ ᠵᠢᠷᠤᠮ ᠲᠠᠢ ᠤᠶᠢᠯᠡᠳᠪᠦᠷᠢᠯᠡᠯ ᠡᠵᠡᠩᠨᠡᠯᠲᠡ ᠶᠢ ᠦᠨᠡᠨᠬᠦ ᠪᠠᠲᠤᠯᠠᠬᠤ ᠬᠡᠷᠡᠭᠲᠡᠶ᠃
   ᠹᠦ᠋ ᠠᠨ᠂ ᠹᠦ᠋ ᠺᠠᠩ ᠨᠡᠶᠢᠭᠡᠮ ᠲᠣᠭᠤᠷᠢᠭ ᠤᠨ ᠶᠠᠳᠠᠭᠤ ᠶᠢ ᠲᠡᠳᠬᠦᠬᠦ  ᠤᠶᠢᠯᠡᠳᠪᠦᠷᠢ ᠶᠢᠨ ᠲᠠᠰᠤᠭ ᠲᠤ᠂ ᠸᠠᠩ  ᠰᠢᠶᠦᠦ ᠵᠢᠶᠦ᠋ᠨ ᠱᠦᠵᠢ  ᠤᠶᠢᠯᠡᠳᠪᠦᠷᠢ ᠶᠢᠨ ᠲᠠᠰᠤᠭ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤ‌‍ᠷᠢᠵᠢᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠠᠵᠢᠯ ᠡᠬᠢᠯᠡᠭᠦᠯᠦᠭᠰᠡᠨ ᠴᠠᠭ᠂ ᠳᠠᠬᠢᠨ ᠠᠵᠢᠯᠯᠠᠭᠰᠠᠨ ᠬᠥᠮᠦᠨ ᠤ ᠲᠤᠭ᠎ᠠ᠂ ᠠᠵᠢᠯᠲᠠᠨ ᠤ ᠪᠠᠶᠢᠳᠠᠯ ᠢ ᠣᠶᠢᠯᠠᠭᠠᠬᠤ᠂ ᠤᠶᠢᠯᠡᠳᠪᠦᠷᠢ ᠶᠢᠨ ᠲᠣᠭᠤᠷᠢᠭ ᠤᠨ ᠠᠷᠢᠭᠤᠳᠬᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠶᠠᠳᠠᠭᠤ ᠶᠢ ᠲᠡᠳᠬᠦᠬᠦ  ᠤᠶᠢᠯᠡᠳᠪᠦᠷᠢ ᠶᠢᠨ ᠲᠠᠰᠤᠭ ᠪᠣᠯᠤᠨ ᠠᠵᠤ  ᠤᠶᠢᠯᠡᠰ ᠢᠶᠠᠷ ᠶᠠᠳᠠᠭᠤ ᠶᠢ ᠲᠡᠳᠬᠦᠬᠦ  ᠲᠦᠷᠦᠯ ᠵᠦᠢᠯ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠮᠥᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠲᠦ ᠢᠯᠠᠯᠲᠠ ᠶᠢ ᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ  ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ  ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠬᠦ᠂  ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠣᠨᠣᠪᠴᠢᠲᠠᠢ ᠡᠵᠡᠮᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ ᠂ ᠣᠨᠴᠠᠭᠠᠶᠢᠯᠠᠨ ᠶᠠᠳᠠᠭᠤ ᠬᠦᠴᠢᠷᠳᠡᠯᠲᠡᠢ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠳᠤ ᠬᠤᠯᠪᠣᠭᠳᠠᠬᠤ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠠᠵᠢᠯ ᠢᠶᠠᠨ ᠰᠡᠷᠭᠦᠭᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠢ᠃ ᠨᠠᠷᠢᠨ ᠨᠢᠮᠪᠠᠶ ᠰᠡᠷᠭᠡᠶᠢᠯᠡᠬᠦ ᠡᠯ᠎ᠡ  ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠡᠶ᠎ᠡ ᠶᠢᠨ ᠳᠤᠯᠠᠭᠠᠨ  ᠶᠢ ᠬᠢᠨᠠᠨ ᠬᠡᠮᠵᠢᠬᠦ᠂ ᠰᠠᠯᠬᠢ ᠨᠡᠪᠲᠡᠷᠡᠭᠦᠯᠦᠨ ᠠᠷᠢᠭᠤᠳᠬᠠᠬᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ᠂ ᠤᠬᠠᠭᠤᠯᠭ᠎ᠠ ᠬᠥᠮᠦᠵᠢᠯ ᠬᠢᠬᠦ ᠵᠡᠷᠭᠡ ᠠᠵᠢᠯ ᠢ ᠥᠴᠦᠬᠡᠨ ᠴᠦ ᠣᠰᠣᠯᠳᠠᠯ ᠦᠭᠡᠢ ᠪᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠢᠯ ᠢᠶᠠᠨ ᠰᠡᠷᠭᠦᠭᠡᠵᠦ  ᠤᠶᠢᠯᠡᠳᠪᠦᠷᠢᠯᠡᠯ ᠢᠶᠠᠨ ᠰᠡᠷᠭᠦᠭᠡᠬᠦ ᠬᠤᠶᠠᠷ ᠢ ᠠᠳᠬᠤᠬᠤ᠂ ᠬᠤᠶᠠᠷ ᠲᠠᠯ᠎ᠠ ᠶᠢ ᠴᠢᠩᠭ᠎ᠠ ᠠᠳᠬᠤᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃                                                                                                          ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2