ᠨᠢᠭᠡ ᠳᠤ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠯ᠎ᠡ ᠲᠦᠷᠦᠯ ᠤᠨ ᠵᠠᠳᠠᠭᠠᠶ ᠬᠤᠭ ᠨᠣᠪᠰᠢ ᠶᠢ ᠪᠦᠬᠦ ᠲᠠᠯ᠎ᠠ ᠪᠠᠷ | ᠱᠦᠭᠦᠷᠳᠡᠨ ᠴᠡᠪᠡᠷᠯᠡᠵᠦ ᠴᠡᠪᠡᠷᠯᠡᠨ ᠲᠡᠭᠡᠭᠡᠪᠦᠷᠢᠯᠡᠨ᠎ᠡ᠃ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ | ᠬᠠᠮᠠᠭᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠱᠠᠲᠤ ᠬᠤᠪᠢᠶᠠᠨ ᠬᠠᠮᠢᠶᠠᠷᠤᠨ ᠬᠠᠮᠠᠭᠠᠯᠠᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠳᠦᠷᠢᠮ ᠲᠠᠢ᠂ ᠪᠠᠷᠢᠮᠵᠢᠶ᠎ᠠ ᠲᠠᠢ᠂ ᠡᠩᠨᠡᠭᠡ ᠲᠠᠢ᠂ ᠰᠢᠮᠳᠠᠭᠤᠯᠤᠨ | ᠪᠠᠶᠢᠴᠠᠭᠠᠯᠲᠠ ᠲᠠᠢ᠂ ᠵᠠᠷᠤᠳᠠᠯ ᠲᠠᠢ ᠠᠶᠢᠯ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠢᠶᠠᠷᠤᠨ | ᠬᠠᠮᠠᠭᠠᠯᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠵᠤ᠂ ᠬᠥᠳᠡᠭᠡ | ᠲᠣᠰᠬᠤᠨ ᠤ ︽ᠪᠤᠵᠠᠷ ᠰᠠᠮᠠᠭᠤᠨ ᠪᠠᠷᠤᠭᠲᠠᠶ︾ ᠪᠠᠶᠢᠳᠠᠯ ᠢ ᠲᠦᠢᠯᠪᠤᠷᠢᠲᠠᠶ ᠬᠤᠪᠢᠷᠠᠭᠤᠯᠤᠨ᠎ᠠ᠃ | ᠬᠤᠶᠠᠷ ᠲᠤ ᠣᠨᠳᠣᠤ ᠭᠠᠵᠠᠷ ᠨᠡᠭᠦᠯᠭᠡᠵᠦ ᠬᠠᠭᠤᠴᠢᠨ ᠭᠠᠵᠠᠷ ᠢ ᠨᠤᠷᠠᠭᠠᠨ ᠠᠮᠢ ᠠᠬᠤᠶ ᠶᠢ ᠰᠡᠷᠭᠦᠭᠡᠬᠦ ᠶᠢ | ᠶᠡᠬᠡᠪᠡᠷ ᠲᠦᠯᠬᠢᠨ ᠠᠬᠢᠭᠤᠯᠵᠤ᠂ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠬᠥᠳᠡᠭᠡ | ᠲᠣᠰᠬᠤᠨ ᠤ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ | ᠲᠣᠰᠬᠤᠨ︾ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾ ᠵᠡᠷᠭᠡ ᠣᠶᠤᠨ ᠤ ᠪᠣᠯᠪᠠᠰᠤᠨ ᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠲᠥᠪᠯᠡᠷᠡᠭᠦᠯᠦᠨ ᠦᠷᠨᠢᠭᠦᠯᠵᠦ᠂ 3 — 5 ᠠᠵᠤ ᠤᠶᠢᠯᠡᠰ ᠤᠨ ᠣᠨᠴᠠᠯᠢᠭ ᠢᠶᠠᠷ | ᠢᠯᠡ ᠲᠣᠳᠣ᠂ ᠠᠮᠢ ᠠᠬᠤᠶ ᠶᠢᠨ ᠣᠷᠴᠢᠨ ᠲᠣᠭᠤᠷᠢᠨ ᠢᠶᠠᠷ ᠭᠤᠶᠢᠳᠠ ᠰᠠᠶᠢᠬᠠᠨ᠂ ᠣᠷᠣᠰᠢᠨ ᠰᠠᠭᠤᠬᠤ ᠳᠤ | ᠲᠣᠬᠢᠷᠠᠮᠵᠢᠲᠠᠶ ᠠᠵᠢᠯᠯᠠᠵᠤ ᠵᠤᠭᠠᠴᠠᠬᠤ ᠳᠤ ᠲᠣᠬᠢᠷᠠᠮᠵᠢᠲᠠᠶ ᠤᠨᠴᠠᠯᠢᠭ᠍ᠲᠦ ᠲᠣᠰᠬᠤᠨ ᠢ ᠪᠠᠶᠢᠭᠤᠯᠤᠨ᠎ᠠ᠃ | ᠭᠤᠷᠪᠠ ᠳᠤ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠰᠠᠶᠢᠲᠤᠷ | ᠠᠳᠬᠤᠵᠦ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠬᠠᠮᠢᠶᠠᠷᠤᠯᠲᠠ ᠶᠢᠨ ᠲᠠᠩᠰᠠ ᠡᠪᠬᠡᠮᠡᠯ ᠢ ᠤᠯᠠᠮ | ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠷᠬᠡ ᠶᠢ ᠨᠤᠲᠠᠯᠠᠨ ᠲᠣᠭᠲᠠᠭᠠᠬᠤ ᠡᠭᠦᠷᠭᠡ ᠶᠢ ᠪᠥᠬᠦ | ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠲᠠᠢ ᠤᠶᠠᠯᠳᠤᠭᠤᠯᠤᠨ᠂ ᠭᠠᠵᠠᠷ ᠰᠢᠷᠣᠶ ᠶᠢ ᠲᠥᠪᠯᠡᠷᠡᠭᠦᠯᠦᠨ ᠵᠠᠯᠭᠠᠯᠳᠤᠭᠤᠯᠤᠨ ᠡᠷᠭᠢᠯᠳᠦᠭᠦᠯᠬᠦ ᠶᠢ | ᠲᠦᠷᠭᠡᠳᠬᠡᠵᠦ᠂ ᠭᠠᠵᠠᠷ ᠰᠢᠷᠣᠶ ᠶᠢᠨ ᠭᠠᠷᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠣᠷᠣᠨ | ᠰᠠᠭᠤᠴᠠ ᠶᠢᠨ ᠭᠠᠵᠠᠷ ᠤᠨ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠪᠣᠯᠭᠤᠮᠵᠢᠲᠠᠶ ᠪᠠᠷ ᠠᠬᠢᠭᠤᠯᠵᠤ᠂ ᠣᠷᠣᠨ | ᠰᠠᠭᠤᠴᠠ ᠶᠢᠨ ᠰᠠᠭᠤᠷᠢ ᠭᠠᠵᠠᠷ ᠭᠤᠶᠤᠴᠢᠯᠠᠬᠤ᠂ ᠬᠢᠨᠠᠨ ᠵᠥᠪᠰᠢᠶᠡᠷᠡᠬᠦ᠂ ᠬᠡᠷᠡᠭᠯᠡᠬᠦ ᠪᠥᠬᠦ ᠶᠠᠪᠤᠴᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠣᠷᠣᠨ ᠰᠠᠭᠤᠴᠠ ᠶᠢᠨ ᠰᠠᠭᠤᠷᠢ ᠭᠠᠵᠠᠷ ᠤᠨ ᠬᠡᠷᠡᠭᠯᠡᠬᠦ ᠡᠷᠬᠡ ᠶᠢ ᠨᠤᠲᠠᠯᠠᠨ | ᠳᠡᠩᠰᠡᠯᠡᠵᠦ ᠦᠨᠡᠮᠯᠡᠯ ᠣᠯᠭᠤᠬᠤ ᠠᠵᠢᠯ ᠢ ᠥᠷᠨᠢᠭᠦᠯᠵᠦ᠂ ᠣᠷᠣᠨ ᠰᠠᠭᠤᠴᠠ ᠶᠢᠨ ᠰᠠᠭᠤᠷᠢ ᠭᠠᠵᠠᠷ ᠤᠨ ︽ | ᠭᠤᠷᠪᠠᠨ ᠡᠷᠬᠡ︾ ᠶᠢ ᠰᠠᠯᠭᠠᠬᠤ ᠠᠷᠭ᠎ᠠ ᠵᠠᠮ ᠪᠠ ᠰᠤᠯᠠ ᠪᠠᠶᠢᠭ᠎ᠠ ᠣᠷᠣᠨ ᠰᠠᠭᠤᠴᠠ ᠶᠢᠨ ᠭᠠᠵᠠᠷ᠂ | ᠲᠠᠷᠢᠶᠠᠯᠠᠩ ᠤᠨ ᠬᠡᠷ ᠪᠠᠶᠢᠰᠢᠩ ᠢ ᠠᠮᠢᠳᠤᠯᠢᠭ ᠪᠣᠯᠭᠠᠬᠤ ᠪᠦᠲᠦᠮᠵᠢᠲᠡᠶ ᠠᠷᠭ᠎ᠠ ᠵᠠᠮ ᠢ ᠰᠦᠪᠡᠭᠴᠢᠯᠡᠨ᠎ᠡ᠃ | ᠳᠥᠷᠪᠡ ᠳᠤ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠮᠲᠤ ᠶᠢᠨ ᠡᠳ᠋ ᠬᠥᠷᠥᠩᠭᠡ ᠶᠢ ᠪᠥᠬᠦ ᠲᠠᠯ᠎ᠠ ᠪᠠᠷ ᠢᠯᠭᠠᠷᠠᠭᠤᠯᠤᠨ | ᠪᠠᠶᠢᠴᠠᠭᠠᠵᠤ᠂ ᠠᠭᠯᠠᠭ ᠠᠭᠤᠯᠠ ᠡᠵᠡᠭᠦᠶ ᠪᠠᠯ᠂ ᠬᠠᠮᠲᠤ ᠶᠢᠨ ᠭᠠᠵᠠᠷ ᠰᠢᠷᠣᠶ ᠵᠡᠷᠭᠡ ᠡᠬᠢ ᠪᠠᠶᠠᠯᠢᠭ ᠢ ᠠᠮᠢᠳᠤᠯᠢᠭ | ᠪᠣᠯᠭᠠᠵᠤ᠂ ᠬᠠᠮᠲᠤ ᠶᠢᠨ ᠡᠳ᠋ ᠬᠥᠷᠥᠩᠭᠡ ᠶᠢ ᠬᠥᠷᠥᠩᠭᠡᠵᠢᠭᠦᠯᠦᠨ ᠠᠵᠢᠯᠯᠠᠭᠤᠯᠬᠤ ᠶᠢ ᠬᠠᠶᠢᠨ ᠰᠦᠪᠡᠭᠴᠢᠯᠡᠵᠦ᠂ | ᠲᠣᠰᠬᠤᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠪᠤᠵᠠᠭᠠᠶᠢᠷᠠᠭᠤᠯᠤᠨ᠎ᠠ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |